ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-09-10 16:05:06

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

ᠲᠦᠷᠦᠭᠦᠬᠡᠨ ᠪᠡᠭᠡᠵᠢᠩ᠎ᠤᠨ ᠨᠠᠢ᠍ᠮᠠᠳᠤᠭᠠᠷ ᠪᠦᠯᠦᠭ᠎ᠤᠨ ᠵᠡᠭᠦᠨ ᠪᠠᠷᠠᠭᠤᠨ ᠣᠷᠤᠨ᠎ᠤ ᠬᠠᠮᠵᠢᠯᠴᠠᠭᠠᠨ ᠎ᠤ ᠥᠪᠦᠷ ᠮᠣᠩᠭᠤᠯ ᠳ᠋ᠦ ᠲᠤᠰᠢᠶᠠᠯ ᠡᠭᠦᠷᠭᠡᠯᠡᠵᠦ ᠪᠠᠢᠭ᠎ᠠ ᠺᠠᠳ᠋ᠷ᠎ᠤᠨ ᠪᠦᠯᠬᠦᠮ᠎ᠤᠨ ᠤᠷᠢᠯᠭ᠎ᠠ᠎ᠪᠠᠷ ᠳᠤᠮᠳᠠᠳᠤ ᠤᠯᠤᠰ᠎ᠤᠨ ᠠᠷᠠᠳ᠎ᠤᠨ ᠶᠡᠭᠡ ᠰᠤᠷᠭᠠᠭᠤᠯᠢ᠂ ᠪᠡᠭᠡᠵᠢᠩ᠎ᠤᠨ ᠪᠠᠢᠭᠠᠯᠢ ᠲᠧᠭᠨᠢᠭ᠎ᠤᠨ ᠤᠬᠠᠭᠠᠨ᠎ᠤ ᠶᠡᠭᠡ ᠰᠤᠷᠭᠠᠭᠤᠯᠢ ᠵᠡᠷᠭᠡ ᠪᠡᠭᠡᠵᠢᠩ᠎ᠤᠨ 26 ᠶᠡᠭᠡ ᠳᠡᠭᠡᠳᠦ ᠰᠤᠷᠭᠠᠭᠤᠯᠢ᠎ᠶ᠋ᠢᠨ 50 ᠭᠠᠷᠤᠢ ᠨᠡᠶ᠋ᠢᠭᠡᠮ᠎ᠤᠨ ᠦᠢᠯᠡᠳᠦᠯᠭᠡ᠎ᠶ᠋ᠢᠨ ᠪᠦᠯᠬᠦᠮ ᠥᠪᠦᠷ ᠮᠣᠩᠭᠤᠯ᠎ᠳᠤ ᠢᠷᠡᠵᠦ᠍᠂ 《 ᠪᠡᠭᠡᠵᠢᠩ ᠥᠪᠦᠷ ᠮᠣᠩᠭᠤᠯ᠎ᠤᠨ ᠬᠠᠮᠵᠢᠯᠴᠠᠭᠠᠨ᠎ᠤ 30 ᠵᠢᠯ》 ᠤ᠋ᠨ ᠭᠤᠤᠯ ᠰᠡᠳᠦᠪᠲᠦ᠍ ᠨᠡᠶ᠋ᠢᠭᠡᠮ᠎ᠤᠨ ᠦᠢᠯᠡᠳᠦᠯᠭᠡ᠎ᠶ᠋ᠢᠨ ᠠᠵᠢᠯᠯᠠᠭ᠎ᠠ ᠥᠷᠨᠢᠭᠦᠯᠪᠡ᠃

ᠲᠣᠰ ᠤᠳᠠᠭᠠᠨ ᠎ᠤ ᠭᠤᠤᠯ ᠰᠡᠳᠦᠪᠲᠦ᠍ ᠨᠡᠶ᠋ᠢᠭᠡᠮ ᠎ᠤᠨ ᠦᠢᠯᠡᠳᠦᠯᠭᠡ᠎ᠶ᠋ᠢᠨ ᠠᠵᠢᠯᠯᠠᠭ᠎ᠠ᠎ᠳᠤ ᠪᠡᠭᠡᠵᠢᠩ ᠥᠪᠦᠷ ᠮᠣᠩᠭᠤᠯ᠎ᠤᠨ ᠠᠵᠤ ᠦᠢᠯᠡᠰ ᠎ᠤᠨ ᠬᠠᠮᠵᠢᠯᠴᠠᠭᠠᠨ᠎ᠤ ᠴᠢᠳᠠᠪᠤᠷᠢ ᠣᠯᠭᠤᠬᠤ ᠠᠵᠢᠯᠯᠠᠭ᠎ᠠ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠤᠨ ᠰᠢᠨ᠎ᠡ ᠡᠬᠦᠳᠦᠯᠳᠡ ᠵᠢᠨ ᠦᠷ᠎ᠡ ᠪᠦᠲᠦᠭᠡᠯ ᠎ᠢ ᠤᠨᠳᠤᠤᠰᠢᠭᠤᠯᠬᠤ ᠠᠵᠢᠯᠯᠠᠭ᠎ᠠ᠂ ᠰᠤᠷᠭᠠᠨ ᠬᠥᠮᠦᠵᠢᠯ᠎ᠤᠨ ᠬᠠᠮᠵᠢᠯᠴᠠᠭᠠᠨ ᠎ᠤ ᠬᠠᠪᠰᠤᠷᠤᠨ ᠲᠡᠳᠬᠦᠬᠦ᠌ ᠠᠵᠢᠯᠯᠠᠭ᠎ᠠ᠂ ᠰᠣᠶᠤᠯ ᠵᠢᠭᠤᠯᠴᠢᠯᠠᠯ᠎ᠢ ᠠᠭᠤᠰᠤᠯᠴᠠᠭᠤᠯᠬᠤ ᠠᠵᠢᠯᠯᠠᠭ᠎ᠠ᠂ ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠴᠠᠭᠠᠨ ᠰᠤᠳᠤᠯᠤᠯᠲᠠ ᠬᠢᠵᠦ᠍ ᠬᠠᠪᠰᠤᠷᠤᠨ ᠲᠡᠳᠬᠦᠬᠦ᠌ ᠠᠵᠢᠯᠯᠠᠭ᠎ᠠ᠂ ᠠᠷᠠᠳ᠎ᠤᠨ ᠠᠮᠢᠳᠤᠷᠠᠯ᠎ᠤᠨ ᠦᠢᠯᠡᠴᠢᠯᠡᠭᠡ ᠬᠢᠭᠡᠳ ᠨᠡᠶ᠋ᠢᠭᠡᠮ᠎ᠤᠨ ᠵᠠᠰᠠᠯᠲᠠ᠎ᠶ᠋ᠢᠨ ᠦᠢᠯᠡᠳᠦᠯᠭᠡ᠎ᠶ᠋ᠢᠨ ᠠᠵᠢᠯᠯᠠᠭ᠎ᠠ ᠵᠡᠷᠭᠡ ᠵᠢᠷᠭᠤᠭᠠᠨ ᠶᠡᠭᠡ ᠭᠤᠤᠯ ᠰᠡᠳᠦᠪ ᠲᠣᠬᠢᠷᠠᠭᠤᠯᠵᠤ᠂ ᠵᠠᠯᠠᠭᠤ ᠪᠠᠭᠰᠢ ᠰᠤᠷᠤᠭᠴᠢᠳ ᠪᠤᠳᠠᠳᠤ ᠦᠢᠯᠡᠳᠦᠯᠭᠡ ᠵᠢᠨ ᠳᠤᠮᠳᠠ ᠪᠡᠭᠡᠵᠢᠩ ᠥᠪᠦᠷ ᠮᠣᠩᠭᠤᠯ᠎ᠤᠨ ᠬᠠᠮᠵᠢᠯᠴᠠᠭᠠᠨ᠎ᠤ 30 ᠵᠢᠯ᠎ᠤᠨ ᠡᠯᠪᠡᠭ ᠪᠠᠶᠠᠯᠢᠭ ᠦᠷ᠎ᠡ ᠪᠦᠲᠦᠭᠡᠯ᠎ᠢ ᠭᠦᠨᠵᠡᠭᠡᠢ ᠪᠡᠶᠡᠴᠢᠯᠡᠨ ᠤᠢᠯᠠᠭᠠᠪᠠ᠃

《ᠲᠤᠰᠭᠠᠢ ᠮᠡᠷᠭᠡᠵᠢᠯ᠎ᠤᠨ ᠮᠡᠳᠡᠯᠭᠡ᠎ᠪᠡᠨ ᠣᠷᠤᠨ ᠨᠤᠲᠤᠭ᠎ᠤᠨ ᠬᠥᠭᠵᠢᠯᠲᠡ᠎ᠶ᠋ᠢᠨ ᠪᠣᠳᠠᠲᠠᠢ ᠬᠡᠷᠡᠭᠴᠡᠭᠡ᠎ᠲᠠᠢ ᠵᠣᠯᠭᠠᠭᠤᠯᠵᠤ᠂ ᠲᠤᠬᠠᠢ᠎ᠶ᠋ᠢᠨ ᠭᠠᠵᠠᠷ᠎ᠤᠨ ᠰᠣᠶᠤᠯ ᠵᠢᠭᠤᠯᠴᠢᠯᠠᠯ᠎ᠤᠨ ᠬᠦᠭᠵᠢᠯᠳᠡ᠎ᠳᠤ ᠨᠢᠭᠡ ᠬᠤᠪᠢ ᠵᠢᠨ ᠬᠦᠴᠦᠨ ᠴᠢᠳᠠᠯ᠎ᠢᠶᠠᠨ ᠡᠷᠭᠦᠬᠦ᠌ ᠪᠣᠯ ᠮᠢᠨᠦ᠍ ᠲᠤᠰ ᠤᠳᠠᠭᠠᠨ᠎ᠤ ᠨᠡᠶ᠋ᠢᠭᠡᠮ᠎ᠤᠨ ᠦᠢᠯᠡᠳᠦᠯᠭᠡ᠎ᠳᠤ ᠣᠷᠤᠯᠴᠠᠭᠰᠠᠨ ᠵᠤᠷᠢᠯᠳᠠ ᠪᠤᠯᠤᠨ᠎ᠠ᠂ ᠡᠨᠡ ᠨᠢ ᠪᠠᠰᠠ᠎ᠴᠤ᠌ ᠪᠡᠭᠡᠵᠢᠩ ᠥᠪᠦᠷ ᠮᠣᠩᠭᠤᠯ᠎ᠤᠨ ᠬᠠᠷᠢᠯᠴᠠᠨ ᠬᠠᠪᠰᠤᠷᠤᠯᠴᠠᠵᠤ᠂ ᠬᠤᠤᠰ ᠴᠢᠭᠯᠡᠯ᠎ᠢᠶᠠᠷ ᠴᠢᠳᠠᠪᠤᠷᠢ ᠣᠯᠭᠤᠬᠤ᠎ᠳ᠋ᠤ ᠪᠠᠶ᠋ᠢᠪᠠᠰᠤ ᠵᠣᠬᠢᠬᠤ ᠠᠭᠤᠯᠭ᠎ᠠ ᠮᠥᠨ 》 ᠬᠡᠵᠦ ᠤᠮᠠᠷᠠᠳᠤ᠎ᠶ᠋ᠢᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ ᠎ᠶ᠋ᠢᠨ ᠵᠣᠬᠢᠶᠠᠮᠠᠯ ᠣᠶᠤᠨ ᠴᠢᠳᠠᠪᠤᠷᠢ ᠬᠢᠭᠡᠳ ᠺᠣᠮᠫᠢᠦ᠋ᠲᠧᠷ᠎ᠦᠨ ᠳᠡᠭᠡᠳᠦ ᠰᠤᠷᠭᠠᠭᠤᠯᠢ ᠎ᠶ᠋ᠢᠨ ᠥᠪᠦᠷ ᠮᠣᠩᠭᠤᠯ᠎ᠢ ᠬᠦᠭᠵᠢᠬᠦᠯᠦᠨ ᠮᠠᠨᠳᠤᠭᠤᠯᠬᠤ ᠦᠢᠯᠡᠳᠦᠯᠭᠡ᠎ᠶ᠋ᠢᠨ ᠪᠦᠯᠭᠦᠮ᠎ᠦᠨ ᠳᠠᠷᠤᠭ᠎ᠠ ᠭᠤᠸᠠᠨ ᠵᠢᠶᠠ ᠴᠢ ᠰᠤᠷᠪᠤᠯᠵᠢᠯᠠᠬᠴᠢ ᠳ᠋ᠦ ᠬᠡᠯᠡᠪᠡ᠃ ᠦᠢᠯᠡᠳᠦᠯᠭᠡ᠎ᠶ᠋ᠢᠨ ᠪᠦᠯᠬᠦᠮ᠎ᠤᠨ ᠬᠢᠨ ᠬᠥᠬᠡᠬᠤᠲᠠ᠎ᠶ᠋ᠢᠨ ᠦᠴᠤᠸᠠᠨ ᠰᠢᠶᠠᠨ᠎ᠳᠤ ᠭᠦᠨᠵᠡᠭᠡᠢ ᠪᠠᠶ᠋ᠢᠴᠠᠭᠠᠨ ᠰᠤᠳᠤᠯᠤᠯᠲᠠ ᠬᠢᠭᠰᠡᠨ᠎ᠤ ᠲᠠᠷᠠᠭ᠎ᠠ ᠲᠤᠬᠠᠢ᠎ᠶ᠋ᠢᠨ ᠭᠠᠵᠠᠷ᠎ᠤᠨ ᠰᠣᠶᠤᠯ ᠵᠢᠭᠤᠯᠴᠢᠯᠠᠯ᠎ᠤᠨ ᠲᠦᠷᠦᠯ ᠲᠡᠮᠳᠡᠭ᠂ ᠲᠣᠭᠠᠴᠢᠯᠠᠯᠳᠠ᠎ᠪᠠᠷ ᠲᠠᠷᠢᠶᠠᠯᠠᠩ᠎ᠢ ᠲᠤᠰᠠᠯᠠᠬᠤ ᠠᠯᠢ ᠤᠯᠠᠨ ᠰᠢᠨ᠎ᠡ ᠰᠡᠳᠬᠢᠴᠡ᠂ ᠰᠢᠨ᠎ᠡ ᠲᠥᠰᠦᠯ᠎ᠢ ᠡᠮᠬᠢᠯᠡᠨ ᠳ᠋ᠦᠩᠨᠡᠵᠦ᠍ ᠭᠠᠷᠭᠠᠭᠰᠠᠨ ᠪᠥᠭᠡᠳ ᠲᠤᠰᠭᠠᠢ ᠮᠡᠷᠭᠡᠵᠢᠯ᠎ᠤᠨ ᠳᠠᠪᠠᠭᠤᠯᠢᠭ᠂ ᠣᠷᠤᠨ ᠨᠤᠲᠤᠭ᠎ᠤᠨ ᠬᠡᠷᠡᠭᠴᠡᠭᠡ᠎ᠲᠠᠢ ᠤᠶᠠᠯᠳᠤᠭᠤᠯᠤᠨ᠂ ᠲᠤᠬᠠᠢ᠎ᠶ᠋ᠢᠨ ᠭᠠᠵᠠᠷ᠎ᠤᠨ ᠠᠵᠤ ᠦᠢᠯᠡᠰ᠎ᠤᠨ ᠬᠥᠭᠵᠢᠯᠲᠡ᠎ᠶ᠋ᠢᠨ ᠬᠠᠷᠢᠭᠤᠴᠠᠯᠭᠠᠲᠠᠨ᠎ᠲᠠᠢ ᠰᠠᠨᠠᠯ᠎ᠢᠶᠠᠨ ᠭᠦᠨᠵᠡᠭᠡᠢ ᠰᠣᠯᠢᠯᠴᠠᠵᠠᠢ᠃ ᠦᠢᠯᠡᠳᠦᠯᠭᠡ᠎ᠶ᠋ᠢᠨ ᠪᠦᠯᠭᠦᠮ᠎ᠤᠨ ᠵᠢᠯᠤᠭᠤᠳᠤᠭᠴᠢ ᠪᠠᠭᠰᠢ ᠸᠧᠢ ᠵᠢᠩ᠎ᠦᠨ ᠲᠠᠨᠢᠯᠴᠠᠭᠤᠯᠤᠭᠰᠠᠨ᠎ᠢᠶᠠᠷ᠂ ᠦᠢᠯᠡᠳᠦᠯᠭᠡ ᠵᠢᠨ ᠪᠦᠯᠭᠦᠮ᠎ᠤᠨ ᠬᠢᠨ ᠦᠴᠤᠸᠠᠨ᠎ᠰᠢᠶᠠᠨ᠎ᠤ ᠤᠷᠤᠨ ᠨᠤᠳᠤᠭ᠎ᠤᠨ ᠬᠡᠷᠡᠭᠴᠡᠭᠡ ᠱᠠᠭᠠᠷᠳᠠᠯᠭ᠎ᠠ᠎ᠶ᠋ᠢ ᠰᠤᠷᠭᠠᠭᠤᠯᠢ ᠳ᠋ᠠᠭᠠᠨ ᠠᠪᠠᠴᠢᠵᠤ ᠬᠦᠨᠵᠡᠭᠡᠢ ᠰᠤᠳᠤᠯᠤᠨ ᠰᠢᠨᠵᠢᠯᠡᠨ᠎ᠡ᠂ ᠰᠤᠷᠭᠠᠭᠤᠯᠢ᠎ᠵᠢᠨ ᠲᠠᠯ᠎ᠠ ᠡᠴᠡ ᠵᠢᠯ ᠪᠦᠷᠢ ᠬᠠᠮᠢᠶ᠎ᠠ ᠪᠦᠬᠦᠢ ᠲᠤᠰᠭᠠᠢ ᠮᠡᠷᠭᠡᠵᠢᠯ ᠎ᠦᠨ ᠰᠤᠷᠤᠭᠴᠢᠳ᠎ᠢ ᠵᠣᠬᠢᠶᠠᠨ ᠪᠠᠢᠭᠤᠯᠵᠤ ᠦᠴᠤᠸᠠᠨ ᠰᠢᠶᠠᠨ᠎ᠳᠤ ᠢᠷᠡᠭᠦᠯᠵᠦ᠂ ᠣᠬᠤᠷ ᠬᠤᠭᠤᠴᠠᠭᠠᠨ᠎ᠤ ᠮᠡᠷᠭᠡᠵᠢᠯ ᠎ᠦᠨ ᠦᠢᠯᠡᠴᠢᠯᠡᠭᠡ ᠬᠢᠵᠦ᠂ ᠪᠦᠲᠦᠭᠡᠯᠴᠢ ᠪᠡᠷ ᠬᠠᠪᠰᠤᠷᠤᠨ ᠲᠡᠳᠬᠦᠵᠦ᠍᠂ ᠰᠤᠷᠭᠠᠭᠤᠯᠢ ᠭᠠᠵᠠᠷ ᠣᠷᠤᠨ᠎ᠤ ᠬᠠᠷᠢᠯᠴᠠᠨ ᠠᠬᠢᠭᠤᠯᠵᠤ ᠬᠠᠮᠲᠤ᠎ᠪᠠᠷ ᠬᠥᠭᠵᠢᠬᠦ᠎ᠶ᠋ᠢ ᠠᠬᠢᠭᠤᠯᠤᠨ᠎ᠠ ᠬᠡᠪᠡ᠃

1996 ᠣᠨ᠎ᠡᠴᠡ ᠨᠠᠭᠠᠰᠢ᠂ ᠪᠡᠭᠡᠵᠢᠩ ᠪᠣᠯᠤᠨ ᠥᠪᠦᠷ ᠮᠣᠩᠭᠤᠯ ᠵᠡᠭᠦᠨ ᠪᠠᠷᠠᠭᠤᠨ ᠣᠷᠤᠨ᠎ᠤ ᠬᠠᠮᠵᠢᠯᠴᠠᠭᠠᠨ᠎ᠤ ᠪᠣᠷᠤ ᠲᠥᠯᠦᠪ᠎ᠢ ᠬᠡᠷᠡᠭᠵᠢᠬᠦᠯᠵᠦ᠂ ᠬᠤᠤᠰ ᠴᠢᠭᠯᠡᠯ᠎ᠢᠶᠡᠷ ᠤᠷᠤᠬᠰᠢᠯᠠᠬᠰᠠᠭᠠᠷ ᠢᠷᠡᠵᠡᠢ᠃ 30 ᠵᠢᠯ᠎ᠤᠨ ᠲᠤᠷᠰᠢ᠂ ᠪᠡᠭᠡᠵᠢᠩ ᠥᠪᠦᠷ ᠮᠣᠩᠭᠤᠯ ᠬᠤᠶᠠᠷ ᠭᠠᠵᠠᠷ᠎ᠤᠷᠤᠨ᠎ᠤ ᠬᠢᠨ ᠭᠠᠷ ᠬᠤᠯᠪᠤᠨ ᠴᠢᠷᠮᠠᠶ᠋ᠢᠨ ᠠᠵᠢᠯᠯᠠᠵᠤ᠂ ᠠᠵᠤ ᠦᠢᠯᠡᠰ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠰᠣᠶᠤᠯ ᠵᠢᠭᠤᠯᠴᠢᠯᠠᠯ᠂ ᠠᠷᠠᠳ᠎ᠤᠨ ᠠᠮᠢᠳᠤᠷᠠᠯ᠎ᠤᠨ ᠣᠯᠠᠨ ᠬᠦᠷᠢᠶᠡᠨ ᠎ᠤ ᠬᠠᠮᠵᠢᠯᠴᠠᠨ ᠬᠥᠭᠵᠢᠬᠦ᠌ ᠪᠠᠶ᠋ᠢᠷᠢᠰᠢᠯ ᠎ᠢ ᠪᠦᠷᠢᠯᠳᠦᠬᠦᠯᠵᠦ᠂ 《ᠴᠢᠰᠤ ᠳᠠᠮᠵᠢᠭᠤᠯᠬᠤ ᠮᠠᠶᠢᠬ ᠎ᠤᠨ ᠬᠠᠪᠰᠤᠷᠤᠨ ᠲᠡᠳᠬᠦᠬᠦ᠌ 》 ᠡᠴᠡ《ᠴᠢᠰᠤ ᠪᠦᠲᠦᠭᠡᠬᠦ᠌ ᠮᠠᠶᠢᠬ᠎ᠤᠨ ᠬᠠᠮᠵᠢᠯᠴᠠᠭ᠎ᠠ ᠦᠷᠨᠢᠬᠦᠯᠬᠦ 》 ᠳᠠᠪᠠᠯᠲᠠᠲᠤ᠌ ᠬᠥᠭᠵᠢᠯᠲᠡ᠎ᠶ᠋ᠢ ᠪᠡᠶᠡᠯᠡᠭᠦᠯᠵᠦ᠍᠂ ᠵᠡᠭᠦᠨ ᠪᠠᠷᠠᠭᠤᠨ ᠣᠷᠤᠨ ᠬᠠᠷᠢᠯᠴᠠᠨ ᠬᠠᠷᠠᠭᠠᠯᠵᠠᠵᠤ ᠬᠠᠮᠲᠤ᠎ᠪᠠᠷ ᠠᠰᠢᠭ ᠬᠦᠷᠲᠡᠬᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠰᠡᠳᠬᠢᠯ ᠬᠥᠳᠡᠯᠭᠡᠮ᠎ᠡ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面