ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-09-13 10:57:09

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

9 ᠰᠠᠷ᠎ᠠ ᠶ᠋ᠢᠨ 12 ᠤ᠋ᠨ ᠡᠳᠦᠷ᠂ ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ ᠮᠣᠩᠭᠣᠯ ᠰᠤᠳᠤᠯᠤᠯ ᠤ᠋ᠨ ᠳᠡᠭᠡᠳᠦ ᠰᠤᠷᠭᠠᠭᠤᠯᠢ ᠡᠴᠡ ᠮᠣᠩᠭᠣᠯ ᠦᠨᠳᠦᠰᠦᠲᠡᠨ ᠤ᠋ ᠤᠷᠴᠢᠨ ᠣᠳᠣ ᠦᠶ᠎ᠡ ᠶ᠋ᠢᠨ ᠤᠳᠬ᠎ᠠ ᠵᠣᠬᠢᠶᠠᠯ ᠤ᠋ᠨ ᠲᠡᠦᠬᠡ ᠶ᠋ᠢᠨ ᠬᠢᠴᠢᠶᠡᠯ ᠤ᠋ᠨ ᠪᠠᠢᠭᠤᠯᠤᠯᠲᠠ ᠶ᠋ᠢᠨ ᠰᠤᠳᠤᠯᠤᠨ ᠶᠠᠷᠢᠯᠴᠠᠬᠤ ᠬᠤᠷᠠᠯ ᠢ᠋ ᠡᠷᠬᠢᠯᠡᠨ ᠶᠠᠪᠤᠭᠳᠠᠭᠤᠯᠵᠤ᠂ ᠬᠢᠴᠢᠶᠡᠯ ᠤ᠋ᠨ ᠵᠢᠭᠠᠨ ᠰᠤᠷᠭᠠᠯᠲᠠ ᠶ᠋ᠢᠨ ᠰᠢᠰᠲ᠋ᠧᠮ ᠢ᠋ ᠤᠯᠠᠮ ᠨᠢᠭᠡ ᠠᠯᠬᠤᠮ ᠰᠢᠯᠢᠳᠡᠭᠵᠢᠭᠦᠯᠤᠨ᠂ ᠬᠢᠴᠢᠶᠡᠯ ᠤ᠋ᠨ ᠠᠭᠤᠯᠭ᠎ᠠ ᠶ᠋ᠢᠨ ᠪᠦᠲᠦᠴᠡ ᠵᠢ ᠲᠡᠭᠦᠯᠳᠡᠷᠵᠢᠭᠦᠯᠵᠤ᠂ ᠵᠢᠭᠠᠨ ᠰᠤᠷᠭᠠᠯᠲᠠ ᠶ᠋ᠢᠨ ᠠᠷᠭ᠎ᠠ ᠪᠠ ᠬᠥᠮᠦᠨ ᠬᠥᠮᠦᠵᠢᠭᠦᠯᠬᠦ ᠵᠠᠭᠪᠤᠷ ᠲᠦ᠍ ᠰᠢᠨ᠎ᠡ ᠵᠢ ᠡᠭᠦᠳᠤᠨ᠂ ᠬᠢᠴᠢᠶᠡᠯ ᠤ᠋ᠨ ᠪᠠᠢᠭᠤᠯᠤᠯᠲᠠ ᠶ᠋ᠢᠨ ᠶᠠᠰᠤ ᠴᠢᠨᠠᠷ ᠪᠠ ᠰᠢᠨᠵᠢᠯᠡᠭᠡ ᠵᠢᠭᠠᠨ ᠰᠤᠷᠭᠠᠯᠲᠠ ᠶ᠋ᠢᠨ ᠲᠦᠪᠰᠢᠨ ᠢ᠋ ᠴᠢᠨᠠᠭᠰᠢᠳᠠ ᠳᠡᠭᠡᠭᠰᠢᠯᠡᠭᠦᠯᠬᠦ ᠵᠢ ᠵᠤᠷᠢᠵᠠᠢ᠃

ᠬᠤᠷᠠᠯ ᠳ᠋ᠦ᠂ ᠤᠷᠤᠨ ᠤ᠋ ᠳᠤᠳᠤᠨ᠎ᠠ ᠭᠠᠳᠠᠨᠠᠬᠢ ᠶᠡᠬᠡ ᠳᠡᠭᠡᠳᠦ ᠰᠤᠷᠭᠠᠭᠤᠯᠢ ᠵᠢᠨ ᠡᠷᠳᠡᠮᠳᠡᠳ ᠴᠤᠭᠯᠠᠷᠠᠵᠦ᠂ ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ ᠮᠣᠩᠭᠣᠯ ᠰᠤᠳᠤᠯᠤᠯ ᠤ᠋ᠨ ᠳᠡᠭᠡᠳᠦ ᠰᠤᠷᠭᠠᠭᠤᠯᠢ ᠵᠢᠨ 《ᠮᠣᠩᠭᠣᠯ ᠦᠨᠳᠦᠰᠦᠲᠡᠨ ᠤ᠋ ᠤᠷᠴᠢᠨ ᠣᠳᠣ ᠦᠶ᠎ᠡ ᠶ᠋ᠢᠨ ᠤᠳᠬ᠎ᠠ ᠵᠣᠬᠢᠶᠠᠯ ᠤ᠋ᠨ ᠲᠡᠦᠬᠡ ᠶ᠋ᠢᠨ ᠬᠢᠴᠢᠶᠡᠯ》 ᠤ᠋ᠨ 70 ᠰᠢᠬᠠᠮ ᠵᠢᠯ ᠤ᠋ᠨ ᠲᠤᠷᠰᠢᠬᠢ ᠠᠮᠵᠢᠯᠳᠠ ᠪᠦᠳᠦᠮᠵᠢ ᠵᠢ ᠳ᠋ᠦᠩᠨᠡᠨ᠂ ᠮᠣᠩᠭᠣᠯ ᠦᠨᠳᠦᠰᠦᠲᠡᠨ ᠤ᠋ ᠤᠷᠴᠢᠨ ᠣᠳᠣ ᠦᠶ᠎ᠡ ᠶ᠋ᠢᠨ ᠤᠳᠬ᠎ᠠ ᠵᠣᠬᠢᠶᠠᠯ ᠤ᠋ᠨ ᠬᠢᠴᠢᠶᠡᠯ ᠵᠢᠡᠷ ᠬᠢᠴᠢᠶᠡᠯᠯᠡᠵᠤ ᠪᠠᠢᠭ᠎ᠠ ᠶᠡᠬᠡ ᠳᠡᠭᠡᠳᠦ ᠰᠤᠷᠭᠠᠭᠤᠯᠢ ᠨᠤᠭᠤᠳ ᠤ᠋ᠨ ᠪᠠᠭᠰᠢ ᠨᠠᠷ ᠲᠤᠷᠰᠢᠯᠭ᠎ᠠ ᠪᠠᠨ ᠰᠤᠯᠢᠯᠴᠠᠵᠦ᠂ 《ᠮᠣᠩᠭᠣᠯ ᠦᠨᠳᠦᠰᠦᠲᠡᠨ ᠤ᠋ ᠤᠷᠴᠢᠨ ᠣᠳᠣ ᠦᠶ᠎ᠡ ᠶ᠋ᠢᠨ ᠤᠳᠬ᠎ᠠ ᠵᠣᠬᠢᠶᠠᠯ ᠤ᠋ᠨ ᠲᠡᠦᠬᠡ ᠶ᠋ᠢᠨ》 ᠬᠢᠴᠢᠶᠡᠯ ᠤ᠋ᠨ ᠵᠢᠭᠠᠬᠤ ᠠᠷᠭ᠎ᠠ ᠵᠢ ᠰᠢᠨᠡᠴᠢᠯᠡᠬᠦ᠂ 《ᠮᠣᠩᠭᠣᠯ ᠦᠨᠳᠦᠰᠦᠲᠡᠨ ᠤ᠋ ᠤᠷᠴᠢᠨ ᠣᠳᠣ ᠦᠶ᠎ᠡ ᠶ᠋ᠢᠨ ᠤᠳᠬ᠎ᠠ ᠵᠣᠬᠢᠶᠠᠯ ᠤ᠋ᠨ ᠲᠡᠦᠬᠡ》ᠶ᠋ᠢᠨ ᠬᠢᠴᠢᠶᠡᠯ ᠤ᠋ᠨ ᠲᠤᠭᠳᠠᠴᠠ ᠵᠢᠨ ᠰᠢᠯᠢᠳᠡᠭᠵᠢᠬᠦᠯᠦᠯᠳᠡ ᠬᠢᠭᠡᠳ ᠠᠭᠤᠯᠭ᠎ᠠ ᠵᠢᠨ ᠰᠢᠨᠡᠴᠢᠯᠡᠯ ᠤ᠋ᠨ ᠰᠤᠳᠤᠯᠤᠯ᠂ ᠰᠢᠨ᠎ᠡ ᠵᠠᠭᠤᠴᠢᠯᠠᠭᠤᠷ ᠬᠢᠬᠡᠳ ᠰᠢᠨ᠎ᠡ ᠬᠡᠯᠡᠨ ᠤ᠋ ᠣᠷᠴᠢᠨ ᠳᠣᠣᠷᠠᠬᠢ ᠮᠣᠩᠭᠣᠯ ᠦᠨᠳᠦᠰᠦᠲᠡᠨ ᠤ᠋ ᠤᠷᠴᠢᠨ ᠣᠳᠣ ᠦᠶ᠎ᠡ ᠶ᠋ᠢᠨ ᠤᠳᠬ᠎ᠠ ᠵᠣᠬᠢᠶᠠᠯ ᠤ᠋ᠨ ᠲᠡᠦᠬᠡ ᠶ᠋ᠢᠨ ᠬᠢᠴᠢᠶᠡᠯ ᠤ᠋ᠨ ᠵᠢᠭᠠᠨ ᠰᠤᠷᠭᠠᠬᠤ ᠠᠷᠭ᠎ᠠ ᠶ᠋ᠢᠨ ᠰᠢᠨ᠎ᠡ ᠵᠢ ᠡᠭᠦᠳᠬᠦ ᠵᠡᠷᠭᠡ ᠰᠡᠳᠦᠪ ᠤ᠋ᠨ ᠲᠤᠭᠤᠷᠢᠨ ᠳ᠋ᠦ ᠰᠤᠳᠤᠯᠤᠨ ᠶᠠᠷᠢᠯᠴᠠᠵᠦ᠂ ᠰᠠᠨᠠᠯ ᠪᠤᠳᠤᠯ ᠵᠢᠡᠨ ᠰᠤᠯᠢᠯᠴᠠᠵᠠᠢ᠃ ᠦᠪᠦᠷ ᠮᠤᠨᠭᠭᠤᠯ ᠤ᠋ᠨ ᠶᠡᠬᠡ ᠰᠤᠷᠭᠠᠭᠤᠯᠢ ᠵᠢᠨ ᠫᠷᠤᠹᠧᠰᠰᠤᠷ ᠤᠷᠤᠰᠬᠠᠯ᠄ 《ᠮᠣᠩᠭᠣᠯ ᠦᠨᠳᠦᠰᠦᠲᠡᠨ ᠤ᠋ ᠤᠷᠴᠢᠨ ᠣᠳᠣ ᠦᠶ᠎ᠡ ᠶ᠋ᠢᠨ ᠤᠳᠬ᠎ᠠ ᠵᠣᠬᠢᠶᠠᠯ ᠤ᠋ᠨ ᠲᠡᠦᠬᠡ ᠶ᠋ᠢᠨ ᠬᠢᠴᠢᠶᠡᠯ ᠪᠤᠯ ᠰᠤᠷᠭᠠᠨ ᠬᠦᠮᠦᠵᠢᠯ ᠤ᠋ᠨ ᠶᠠᠮᠤᠨ ᠤ᠋ 〈ᠪᠦᠬᠦ ᠤᠯᠤᠰ ᠤ᠋ᠨ ᠰᠤᠳᠤᠨ ᠬᠢᠴᠢᠶᠡᠯ〉 ᠳ᠋ᠦ ᠰᠤᠩᠭᠤᠭᠳᠠᠭᠰᠠᠨ ᠬᠢᠴᠢᠶᠡᠯ ᠪᠤᠯᠤᠨ᠎ᠠ᠃ ᠡᠨᠡ ᠬᠦ᠌ ᠰᠠᠭᠤᠷᠢᠨ ᠳᠡᠭᠡᠷ᠎ᠠ ᠪᠢᠳᠡ ᠲᠤᠰ ᠬᠢᠴᠢᠶᠡᠯ ᠵᠢᠡᠷ ᠬᠢᠴᠢᠶᠡᠯᠯᠡᠵᠦ ᠪᠠᠢᠭ᠎ᠠ ᠤᠷᠤᠨ ᠤ᠋ ᠳᠤᠳᠤᠨ᠎ᠠ ᠭᠠᠳᠠᠨᠠᠬᠢ ᠶᠡᠬᠡ ᠳᠡᠭᠡᠳᠦ ᠰᠤᠷᠭᠠᠭᠤᠯᠢ ᠵᠢᠨ ᠪᠠᠭᠰᠢ ᠨᠠᠷ ᠲᠠᠢ ᠰᠤᠯᠢᠯᠴᠠᠨ ᠰᠤᠷᠤᠯᠴᠠᠵᠦ᠂ ᠬᠢᠴᠢᠶᠡᠯ ᠤ᠋ᠨ ᠴᠢᠨᠠᠷ ᠴᠢᠨᠰᠠᠭ᠎ᠠ ᠵᠢ ᠤᠯᠠᠮ ᠰᠠᠢᠵᠢᠷᠠᠭᠤᠯᠬᠤ ᠵᠢ ᠵᠤᠷᠢᠪᠠ》 ᠭᠡᠵᠦ ᠬᠡᠯᠡᠨ᠎ᠠ᠃

ᠮᠣᠩᠭᠣᠯ ᠦᠨᠳᠦᠰᠦᠲᠡᠨ ᠤ᠋ ᠤᠷᠴᠢᠨ ᠣᠳᠣ ᠦᠶ᠎ᠡ ᠶ᠋ᠢᠨ ᠤᠳᠬ᠎ᠠ ᠵᠣᠬᠢᠶᠠᠯ ᠪᠣᠯ ᠳᠤᠮᠳᠠᠳᠤ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠤ᠋ ᠤᠳᠬ᠎ᠠ ᠵᠣᠬᠢᠶᠠᠯ ᠤ᠋ᠨ ᠴᠢᠬᠤᠯᠠ ᠪᠦᠷᠢᠯᠳᠦᠬᠦᠨ ᠬᠡᠰᠡᠭ᠂ ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ ᠰᠣᠶᠣᠯ ᠤ᠋ᠨ ᠡᠷᠬᠢᠮ ᠨᠠᠨᠳᠢᠨ ᠡᠳ᠋ ᠬᠥᠷᠥᠩᠭᠡ ᠪᠣᠯᠤᠨ᠎ᠠ᠃ ᠮᠣᠩᠭᠣᠯ ᠦᠨᠳᠦᠰᠦᠲᠡᠨ ᠤ᠋ ᠤᠷᠴᠢᠨ ᠣᠳᠣ ᠦᠶ᠎ᠡ ᠶ᠋ᠢᠨ ᠤᠳᠬ᠎ᠠ ᠵᠣᠬᠢᠶᠠᠯ ᠤ᠋ᠨ ᠲᠡᠦᠬᠡ ᠶ᠋ᠢᠨ ᠬᠢᠴᠢᠶᠡᠯ ᠪᠣᠯ ᠮᠣᠩᠭᠣᠯ ᠦᠨᠳᠦᠰᠦᠲᠡᠨ ᠤ᠋ ᠤᠳᠬ᠎ᠠ ᠵᠣᠬᠢᠶᠠᠯ ᠤ᠋ᠨ ᠰᠣᠶᠣᠯ ᠢ᠋ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠤ᠋ ᠤᠳᠬ᠎ᠠ ᠵᠣᠬᠢᠶᠠᠯ ᠤ᠋ᠨ ᠰᠢᠨᠵᠢᠯᠡᠭᠡᠨ ᠤ᠋ ᠰᠠᠭᠤᠷᠢ ᠵᠢ ᠪᠠᠲᠤᠵᠢᠭᠤᠯᠵᠤ᠂ ᠰᠢᠨ᠎ᠡ ᠴᠠᠭ ᠦᠶ᠎ᠡ ᠶ᠋ᠢᠨ ᠦᠨᠳᠦᠰᠦᠲᠡᠨ ᠤ᠋ ᠤᠳᠬ᠎ᠠ ᠵᠣᠬᠢᠶᠠᠯ ᠤ᠋ᠨ ᠰᠤᠳᠤᠯᠭᠠᠨ ᠤ᠋ ᠴᠢᠳᠠᠪᠤᠷᠢᠲᠠᠨ ᠢ᠋ ᠬᠥᠮᠦᠵᠢᠭᠦᠯᠬᠦ ᠭᠣᠣᠯ ᠬᠢᠴᠢᠶᠡᠯ ᠤ᠋ᠨ ᠨᠢᠭᠡ ᠪᠣᠯᠤᠨ᠎ᠠ ᠭᠡᠵᠦ ᠬᠤᠷᠠᠯ ᠳ᠋ᠦ ᠤᠷᠤᠯᠴᠠᠭᠰᠠᠨ ᠡᠷᠳᠡᠮᠳᠡᠳ ᠰᠠᠨᠠᠯ ᠨᠢᠭᠡᠳᠡᠢ ᠦᠵᠡᠵᠡᠬᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面