ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-09-14 10:30:25

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

ᠲᠦᠷᠦᠭᠦᠭᠡᠨ᠂ ᠥᠪᠡᠷᠲᠡᠭᠡᠨ ᠵᠠᠰᠠᠬᠤ ᠣᠷᠤᠨ᠎ᠤ ᠡᠪᠯᠡᠯ᠎ᠤᠨ ᠬᠤᠷᠢᠶ᠎ᠠ 2026 ᠣᠨ᠎ᠤ ᠤᠶᠤᠲᠠᠳ᠎ᠤᠨ ᠳᠠᠳᠤᠯᠭ᠎ᠠ ᠬᠢᠬᠦ᠌ 《ᠳᠠᠷᠪᠠᠭᠤᠯ ᠬᠡᠶ᠋ᠢᠰᠬᠡᠬᠦ᠌ ᠲᠥᠯᠦᠪᠯᠡᠭᠡ》 ᠶ᠋ᠢᠨ ᠰᠣᠯᠢᠯᠴᠠᠭᠠᠨ᠎ᠤ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠡᠯ᠎ᠡ ᠬᠥᠮᠦᠨ ᠬᠡᠷᠡᠭᠯᠡᠬᠦ᠌ ᠨᠢᠭᠡᠴᠢ᠂ ᠡᠯ᠎ᠡ ᠶᠡᠭᠡ ᠳᠡᠭᠡᠳᠦ ᠰᠤᠷᠭᠠᠭᠤᠯᠢ᠎ᠶ᠋ᠢᠨ ᠡᠪᠯᠡᠯ᠎ᠤᠨ ᠬᠤᠷᠢᠶ᠎ᠠ᠎ᠶ᠋ᠢᠨ ᠬᠠᠮᠢᠶ᠎ᠠ ᠪᠥᠬᠦᠢ ᠬᠠᠷᠢᠭᠤᠴᠠᠯᠭᠠᠲᠠᠨ ᠵᠢᠴᠢ ᠳᠠᠳᠤᠯᠭ᠎ᠠ᠎ᠶ᠋ᠢᠨ ᠰᠣᠷᠤᠭᠴᠢ᠎ᠶ᠋ᠢᠨ ᠲᠥᠯᠦᠭᠡᠯᠡᠭᠴᠢᠳ ᠶᠠᠷᠢᠯᠴᠠᠬᠤ ᠬᠤᠷᠠᠯ᠎ᠳᠤ ᠣᠷᠤᠯᠴᠠᠵᠠᠢ᠃

ᠬᠤᠷᠠᠯ᠎ᠠᠴᠠ᠂ 《ᠳᠠᠷᠪᠠᠭᠤᠯ ᠬᠡᠢᠰᠬᠡᠬᠦ᠌ ᠲᠥᠯᠦᠪᠯᠡᠭᠡ》 ᠶ᠋ᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ᠎ᠡᠠᠰᠢᠭ᠎ᠢ ᠨᠡᠮᠡᠭᠳᠡᠭᠦᠯᠬᠦ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠠᠳᠤᠯᠭ᠎ᠠ᠎ᠶ᠋ᠢᠨ ᠦᠢᠯᠡᠴᠢᠯᠡᠭᠡ᠎ᠶ᠋ᠢ ᠰᠢᠯᠢᠳᠡᠭᠵᠢᠭᠦᠯᠬᠦ᠂ ᠬᠠᠩᠭᠠᠯᠭ᠎ᠠ᠎ᠶ᠋ᠢ ᠵᠣᠯᠭᠠᠭᠤᠯᠬᠤ᠂ ᠴᠢᠳᠠᠪᠤᠷᠢᠲᠠᠨ᠎ᠢ ᠬᠥᠮᠦᠵᠢᠭᠦᠯᠬᠦ᠎ᠶ᠋ᠢᠨ ᠲᠣᠭᠤᠷᠢᠨ᠎ᠳᠤ ᠰᠠᠨᠠᠯ᠎ᠢᠶᠠᠨ ᠰᠣᠯᠢᠯᠴᠠᠵᠠᠢ᠃ ᠬᠥᠮᠦᠨ ᠬᠡᠷᠡᠭᠯᠡᠬᠦ᠌ ᠨᠢᠭᠡᠴᠢ᠎ᠶ᠋ᠢᠨ ᠲᠥᠯᠦᠭᠡᠯᠡᠭᠴᠢᠳ ᠠᠵᠢᠯ᠎ᠤᠨ ᠪᠠᠶ᠋ᠢᠷᠢ᠎ᠶ᠋ᠢᠨ ᠲᠣᠬᠢᠷᠠᠭᠤᠯᠤᠯᠲᠠ᠂ ᠳᠠᠳᠤᠯᠭ᠎ᠠ ᠬᠢᠬᠦ ᠵᠢ ᠳᠠᠶ᠋ᠢᠴᠢᠯᠠᠬᠤ᠂ ᠴᠢᠳᠠᠪᠤᠷᠢᠲᠠᠨ᠎ᠢ ᠨᠥᠭᠡᠴᠡᠯᠡᠬᠦ᠌ ᠵᠡᠷᠭᠡ ᠪᠣᠳᠠᠲᠠᠢ ᠠᠵᠢᠯ᠎ᠲᠠᠢ ᠪᠠᠨ ᠤᠶᠠᠯᠳᠤᠭᠤᠯᠤᠨ᠂ ᠡᠳᠦᠷ ᠲᠤᠲᠤᠮ᠎ᠤᠨ ᠬᠠᠮᠢᠶᠠᠷᠤᠯᠲᠠ᠎ᠶ᠋ᠢᠨ ᠲᠤᠷᠰᠢᠯᠭ᠎ᠠ᠎ᠪᠠᠨ ᠬᠤᠪᠢᠶᠠᠯᠴᠠᠵᠤ᠂ ᠠᠵᠢᠯ᠎ᠤᠨ ᠪᠠᠶ᠋ᠢᠷᠢ᠎ᠶ᠋ᠢᠨ ᠬᠠᠩᠭᠠᠯᠭ᠎ᠠ᠎ᠶ᠋ᠢ ᠪᠠᠶᠠᠯᠢᠭᠵᠢᠭᠤᠯᠬᠤ᠂ ᠲᠣᠭᠲᠠᠴᠠ᠎ᠶ᠋ᠢ ᠲᠡᠭᠦᠯᠳᠡᠷᠵᠢᠭᠦᠯᠬᠦ᠂ ᠳᠠᠳᠤᠯᠭ᠎ᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠬᠤ᠂ ᠰᠠᠭᠠᠳ᠎ᠦᠭᠡᠢ ᠵᠣᠯᠭᠠᠭᠤᠯᠬᠤ ᠠᠷᠭ᠎ᠠ ᠵᠠᠮ᠎ᠤᠨ ᠲᠤᠬᠠᠢ ᠪᠣᠳᠠᠲᠠᠢ ᠰᠠᠨᠠᠭᠤᠯᠭ᠎ᠠ ᠳᠤᠷᠠᠳᠪᠠ; ᠶᠡᠭᠡ ᠳᠡᠭᠡᠳᠦ ᠰᠤᠷᠭᠠᠭᠤᠯᠢ᠎ᠶ᠋ᠢᠨ ᠡᠪᠯᠡᠯ᠎ᠤᠨ ᠬᠤᠷᠢᠶ᠎ᠠ᠎ᠶ᠋ᠢᠨ ᠲᠥᠯᠦᠭᠡᠯᠡᠭᠴᠢᠳ ᠳᠠᠳᠤᠯᠭ᠎ᠠ ᠬᠢᠬᠦ᠎ᠶ᠋ᠢ ᠳᠠᠶ᠋ᠢᠴᠢᠯᠠᠬᠤ᠂ ᠥᠯᠢᠭᠡᠷ ᠳᠠᠭᠤᠷᠢᠶᠠᠯ᠎ᠢᠶᠠᠷ ᠬᠥᠲᠦᠯᠦᠨ ᠳᠠᠭᠠᠭᠤᠯᠬᠤ᠂ ᠪᠥᠬᠦ᠌ ᠶᠠᠪᠤᠴᠠ᠎ᠶ᠋ᠢ ᠮᠥᠷᠳᠡᠨ ᠬᠠᠮᠢᠶᠠᠷᠬᠤ ᠪᠠ ᠰᠣᠯᠢᠯᠴᠠᠬᠤ ᠲᠣᠭᠤᠷᠢᠨ᠎ᠳᠤ ᠰᠤᠷᠭᠠᠭᠤᠯᠢ ᠪᠠ ᠣᠷᠤᠨ ᠨᠤᠲᠤᠭ ᠬᠠᠮᠵᠢᠯᠴᠠᠨ ᠴᠢᠳᠠᠪᠤᠷᠢᠲᠠᠨ᠎ᠢ ᠬᠥᠮᠦᠵᠢᠭᠦᠯᠬᠦ᠂ ᠲᠦᠭᠰᠢᠭᠦᠷᠢ᠎ᠶ᠋ᠢ ᠰᠡᠷᠭᠡᠶ᠋ᠢᠯᠡᠨ ᠡᠵᠡᠮᠳᠡᠬᠦ᠌ ᠵᠡᠷᠭᠡ ᠲᠠᠯ᠎ᠠ ᠪᠡᠷ ᠰᠠᠨᠠᠯ ᠳᠤᠷᠠᠳᠪᠠ᠃ ᠣᠷᠤᠨ᠎ᠤ ᠲᠤᠳᠤᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠎ᠠᠴᠠ ᠢᠷᠡᠭᠰᠡᠨ ᠳᠠᠳᠤᠯᠭ᠎ᠠ᠎ᠶ᠋ᠢᠨ ᠰᠤᠷᠤᠭᠴᠢ᠎ᠶ᠋ᠢᠨ ᠲᠥᠯᠦᠭᠡᠯᠡᠭᠴᠢᠳ ᠲᠤᠰ ᠪᠡᠶ᠎ᠡ᠎ᠶ᠋ᠢᠨ ᠳᠠᠳᠤᠯᠭ᠎ᠠ᠎ᠶ᠋ᠢᠨ ᠥᠩᠭᠡᠷᠡᠯᠲᠡ᠎ᠲᠠᠢ᠎ᠪᠠᠨ ᠤᠶᠠᠯᠳᠤᠭᠤᠯᠵᠤ᠂ ᠦᠢᠯᠡᠳᠦᠯᠭᠡ ᠶ᠋ᠢᠨ ᠣᠯᠤᠯᠲᠠ ᠲᠦᠷᠦᠭᠳᠡᠯ᠎ᠢᠶᠡᠨ ᠬᠤᠪᠢᠶᠠᠯᠴᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面