2026-09-14 11:36:09
ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠤᠢᠷ᠎ᠠ ᠳ᠋ᠤ ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠬᠣᠨ ᠤ᠋ ᠪᠥᠲᠥᠭᠡᠨ ᠪᠠᠶ᠋ᠢᠭᠤᠯᠤᠯᠲᠠ ᠶ᠋ᠢᠨ ᠶᠡᠬᠡ ᠳᠡᠭᠡᠳᠦ ᠰᠤᠷᠭᠠᠭᠤᠯᠢ ᠶ᠋ᠢᠨ ᠬᠣᠯᠪᠣᠭ᠎ᠠ ᠪᠠᠢᠭᠤᠯᠤᠭᠳᠠᠵᠤ᠂ ᠵᠤᠬᠢᠶᠠᠨ ᠪᠠᠢᠭᠤᠯᠤᠯᠲᠠ ᠶ᠋ᠢᠨ ᠪᠦᠳᠦᠴᠡ ᠬᠢᠭᠡᠳ ᠭᠤᠤᠯᠳᠠᠯᠭ᠎ᠠ ᠲᠠᠢ ᠡᠭᠦᠷᠭᠡ ᠪᠠᠨ ᠲᠤᠳᠤᠷᠬᠠᠢᠯᠠᠨ᠂ᠬᠤᠯᠪᠤᠭ᠎ᠠ ᠶ᠋ᠢᠨ ᠠᠵᠢᠯᠯᠠᠭᠠᠨ ᠤ᠋ ᠳᠦᠷᠢᠮ ᠢ᠋ ᠬᠡᠷᠡᠭᠵᠢᠬᠦᠯᠵᠤ ᠡᠬᠢᠯᠡᠪᠡ᠃
ᠶᠡᠬᠡ ᠳᠡᠭᠡᠳᠦ ᠰᠤᠷᠭᠠᠭᠤᠯᠢ ᠪᠤᠯ ᠬᠦᠳᠡᠭᠡ ᠲᠤᠰᠬᠤᠨ ᠤ᠋ ᠬᠦᠭᠵᠢᠯᠲᠡ ᠳ᠋ᠦ ᠬᠦᠴᠦᠨ ᠨᠡᠮᠡᠷᠢᠯᠡᠬᠦ ᠴᠢᠬᠤᠯᠠ ᠤᠶᠤᠨ ᠤ᠋ ᠲᠤᠯᠭᠠᠭᠤᠷᠢᠯᠠᠯ ᠪᠤᠯᠤᠨ᠎ᠠ᠃ ᠶᠡᠬᠡ ᠳᠡᠭᠡᠳᠦ ᠰᠤᠷᠭᠠᠭᠤᠯᠢ ᠶ᠋ᠢᠨ ᠬᠦᠳᠡᠭᠡ ᠲᠤᠰᠬᠤᠨ ᠤ᠋ ᠪᠦᠲᠦᠭᠡᠨ ᠪᠠᠢᠭᠤᠯᠤᠯᠲᠠ ᠶ᠋ᠢᠨ ᠬᠦᠷᠢᠶᠡᠨ ᠳ᠋ᠡᠬᠢ ᠰᠢᠨᠵᠢᠯᠡᠭᠡᠨ ᠤ᠋ ᠰᠠᠯᠠᠭ᠎ᠠ᠂ ᠴᠢᠳᠠᠪᠤᠷᠢᠲᠠᠨ ᠬᠢᠭᠡᠳ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠳᠠᠪᠠᠭᠤᠯᠢᠭ ᠢ᠋ ᠭᠦᠢᠴᠡᠳ ᠪᠠᠳᠠᠷᠠᠭᠤᠯᠬᠤ ᠶ᠋ᠢᠨ ᠲᠦᠯᠦᠭᠡ᠂ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠪᠤᠯᠤᠨ ᠰᠤᠷᠭᠠᠨ ᠬᠦᠮᠦᠵᠢᠯ ᠤ᠋ᠨ ᠲᠢᠡᠭᠬᠢᠮ ᠬᠠᠮᠲᠤᠷᠠᠨ ᠦᠪᠦᠷ ᠮᠤᠡᠭᠭᠤᠯ ᠤ᠋ᠨ ᠠᠵᠤ ᠦᠢᠯᠡᠳᠪᠦᠷᠢ ᠶ᠋ᠢᠨ ᠶᠡᠬᠡ ᠰᠤᠷᠭᠠᠭᠤᠯᠢ ᠵᠡᠷᠭᠡ ᠤᠷᠤᠨ ᠤ᠋ ᠳᠤᠲᠤᠷᠠᠬᠢ ᠤᠯᠠᠨ ᠶᠡᠬᠡ ᠳᠡᠭᠡᠳᠦ ᠰᠤᠷᠭᠠᠭᠤᠯᠢ ᠵᠢ ᠵᠤᠬᠢᠶᠠᠨ ᠪᠠᠢᠭᠤᠯᠵᠤ᠂ ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠬᠣᠨ ᠤ᠋ ᠪᠥᠲᠥᠭᠡᠨ ᠪᠠᠶ᠋ᠢᠭᠤᠯᠤᠯᠲᠠ ᠶ᠋ᠢᠨ ᠶᠡᠬᠡ ᠳᠡᠭᠡᠳᠦ ᠰᠤᠷᠭᠠᠭᠤᠯᠢ ᠶ᠋ᠢᠨ ᠬᠣᠯᠪᠣᠭ᠎ᠠ ᠵᠢ ᠡᠭᠦᠰᠭᠡᠨ ᠪᠠᠢᠭᠤᠯᠪᠠ᠃ ᠣᠳᠣᠬᠠᠨ ᠳ᠋ᠤ ᠪᠥᠬᠥ᠌ ᠣᠷᠣᠨ ᠤ᠋ 30 ᠭᠠᠷᠤᠶ ᠶᠡᠬᠡ ᠳᠡᠭᠡᠳᠦ ᠰᠤᠷᠭᠠᠭᠤᠯᠢ ᠬᠣᠯᠪᠣᠭ᠎ᠠ ᠵᠢᠨ ᠪᠦᠷᠢᠯᠳᠦᠭᠦᠨ ᠪᠤᠯᠵᠤ᠂ ᠪᠥᠬᠥ᠌ ᠣᠷᠣᠨ ᠤ᠋ ᠡᠩ ᠤ᠋ᠨ ᠶᠡᠬᠡ ᠳᠡᠭᠡᠳᠦ ᠰᠤᠷᠭᠠᠭᠤᠯᠢ ᠶ᠋ᠢᠨ ᠶᠡᠷᠦᠩᠬᠡᠶ ᠲᠤᠭ᠎ᠠ ᠵᠢᠨ 70% ᠤᠷᠴᠢᠮ ᠢ᠋ ᠡᠵᠡᠯᠡᠪᠡ᠃ ᠬᠤᠯᠪᠤᠭ᠎ᠠ ᠶ᠋ᠢᠨ ᠪᠦᠷᠢᠯᠳᠦᠭᠦᠨ ᠪᠤᠯᠤᠭᠰᠠᠨ ᠶᠡᠬᠡ ᠳᠡᠭᠡᠳᠦ ᠰᠤᠷᠭᠠᠭᠤᠯᠢ ᠶ᠋ᠢᠨ ᠬᠠᠮᠤᠷᠤᠭᠰᠠᠨ ᠲᠤᠰᠬᠠᠢ ᠮᠡᠷᠭᠡᠵᠢᠯ ᠤ᠋ᠨ ᠬᠡᠪᠴᠢᠶ᠎ᠡ ᠦᠷᠭᠡᠨ᠂ ᠵᠤᠬᠢᠴᠠᠯᠲᠤ ᠴᠢᠨᠠᠷ ᠨᠢ ᠴᠢᠡᠭᠭ᠎ᠠ ᠪᠠᠢᠵᠤ᠂ ᠬᠦᠳᠡᠭᠡ ᠲᠤᠰᠬᠤᠨ ᠤ᠋ ᠲᠦᠯᠦᠪᠵᠢᠭᠦᠯᠭᠡ᠂ ᠤᠷᠤᠰᠢᠨ ᠰᠠᠭᠤᠷᠢᠰᠢᠬᠤ ᠤᠷᠴᠢᠨ ᠨᠦᠬᠦᠴᠡᠯ᠂ ᠰᠤᠶᠤᠯ ᠵᠢᠭᠤᠯᠴᠢᠯᠠᠯ ᠵᠡᠷᠭᠡ ᠵᠠᠡᠭᠬᠢᠯᠠᠭᠠ ᠶ᠋ᠢᠨ ᠬᠦᠷᠢᠶ᠎ᠡ ᠵᠢ ᠬᠠᠮᠤᠷᠴᠦ᠂ ᠪᠦᠲᠦᠴᠡ ᠨᠢ ᠵᠦᠢ ᠵᠤᠬᠢᠰᠲᠠᠢ᠂ ᠲᠤᠰᠬᠠᠢ ᠮᠡᠷᠭᠡᠵᠢᠯ ᠶ᠋ᠢᠡᠷᠵᠢᠡᠨ ᠬᠠᠷᠢᠯᠴᠠᠨ ᠨᠦᠬᠦᠪᠦᠷᠢᠯᠡᠭᠰᠡᠨ ᠨᠢᠭᠡᠨ ᠰᠠᠯᠠᠭ᠎ᠠ ᠦᠢᠯᠡᠴᠢᠯᠡᠭᠡᠨ ᠤ᠋ ᠡᠡᠭᠨᠡᠭᠡ ᠵᠢ ᠪᠦᠷᠢᠯᠳᠦᠭᠦᠯᠪᠡ᠃
ᠶᠡᠬᠡ ᠳᠡᠭᠡᠳᠦ ᠰᠤᠷᠭᠠᠭᠤᠯᠢ ᠶ᠋ᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ ᠡᠬᠢ ᠪᠠᠶᠠᠯᠢᠭ ᠬᠢᠭᠡᠳ ᠤᠷᠤᠨ ᠨᠤᠲᠤᠭ ᠤ᠋ᠨ ᠬᠦᠭᠵᠢᠯᠲᠡ ᠶ᠋ᠢᠨ ᠬᠡᠷᠡᠭᠴᠡᠭᠡ ᠱᠠᠭᠠᠷᠳᠠᠯᠭ᠎ᠠ ᠶ᠋ᠢᠨ ᠮᠡᠳᠡᠭᠡ ᠵᠠᠡᠭᠬᠢ ᠶ᠋ᠢᠨ ᠪᠡᠬᠢᠯᠡᠯᠲᠡ ᠵᠢ ᠡᠪᠳᠡᠬᠦ ᠶ᠋ᠢᠨ ᠲᠦᠯᠦᠭᠡ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠡᠴᠡ 《ᠶᠡᠬᠡ ᠳᠡᠭᠡᠳᠦ ᠰᠤᠷᠭᠠᠭᠤᠯᠢ ᠶ᠋ᠢᠨ ᠲᠠᠨᠢᠯᠴᠠᠭᠤᠯᠤᠭᠰᠠᠨ ᠮᠠᠲᠸᠷᠢᠶᠠᠯ 》᠂ 《ᠤᠷᠤᠨ ᠨᠤᠲᠤᠭ ᠤ᠋ᠨ ᠬᠦᠳᠡᠭᠡ ᠲᠤᠰᠬᠤᠨ ᠤ᠋ ᠪᠦᠲᠦᠭᠡᠨ ᠪᠠᠢᠭᠤᠯᠤᠯᠲᠠ ᠶ᠋ᠢᠨ ᠱᠠᠭᠠᠷᠳᠠᠯᠭ᠎ᠠ》 ᠵᠡᠷᠭᠡ ᠲᠤᠰᠬᠠᠢ ᠰᠡᠳᠦᠪᠲᠦ ᠭᠠᠷ ᠠᠪᠤᠯᠭ᠎ᠠ ᠵᠢ ᠡᠮᠬᠢᠳᠭᠡᠨ ᠨᠠᠢᠷᠠᠭᠤᠯᠪᠠ᠃ ᠭᠠᠷ ᠠᠪᠤᠯᠭ᠎ᠠ ᠳ᠋ᠤ ᠶᠡᠬᠡ ᠳᠡᠭᠡᠳᠦ ᠰᠤᠷᠭᠠᠭᠤᠯᠢ ᠶ᠋ᠢᠨ ᠨᠠᠶ᠋ᠢᠳᠠᠪᠤᠷᠢᠵᠢᠭᠤᠯᠵᠤ ᠪᠤᠯᠬᠤᠢᠴᠠ ᠮᠡᠷᠭᠡᠵᠢᠯ᠂ ᠬᠡᠷᠡᠭᠯᠡᠵᠦ ᠪᠤᠯᠬᠤᠢᠴᠠ ᠴᠢᠳᠠᠪᠤᠷᠢᠲᠠᠨ᠂ ᠤᠨᠳᠤᠤᠰᠢᠭᠤᠯᠵᠤ ᠪᠤᠯᠬᠤᠢᠴᠠ ᠦᠷ᠎ᠡ ᠪᠦᠲᠦᠭᠡᠯᠢ ᠨᠡᠢᠳᠭᠡᠵᠦ᠂ ᠡᠯ᠎ᠠ ᠭᠠᠵᠠᠷ ᠤ᠋ᠨ ᠬᠥᠳᠡᠭᠡ ᠲᠣᠰᠬᠣᠨ ᠤ᠋ ᠪᠥᠲᠥᠭᠡᠨ ᠪᠠᠶ᠋ᠢᠭᠤᠯᠤᠯᠲᠠ ᠶ᠋ᠢᠨ ᠭᠤᠤᠯᠳᠠᠯᠭ᠎ᠠ ᠲᠠᠶ ᠲᠥᠷᠥᠯ ᠵᠦᠢᠯ᠂ ᠳᠤᠲᠠᠭᠤᠳᠠᠯ ᠪᠠ ᠪᠠᠭᠤᠷᠠᠶ ᠭᠤᠭᠴᠤᠭ᠎ᠠ᠂ ᠬᠠᠮᠲᠤᠷᠠᠯᠴᠠᠭᠠᠨ ᠤ᠋ ᠬᠡᠷᠡᠭᠴᠡᠭᠡ ᠱᠠᠭᠠᠷᠳᠠᠯᠭ᠎ᠠ ᠵᠢ ᠨᠠᠷᠢᠯᠢᠭᠵᠢᠭᠤᠯᠤᠨ᠂ ᠶᠡᠬᠡ ᠳᠡᠭᠡᠳᠦ ᠰᠤᠷᠭᠠᠭᠤᠯᠢ ᠶ᠋ᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠌ ᠡᠬᠢ ᠪᠠᠶᠠᠯᠢᠭ ᠬᠢᠭᠡᠳ ᠣᠷᠣᠨ ᠨᠤᠲᠤᠭ ᠤ᠋ᠨ ᠬᠥᠭᠵᠢᠯᠲᠡ ᠶ᠋ᠢᠨ ᠬᠡᠷᠡᠭᠴᠡᠭᠡ ᠱᠠᠭᠠᠷᠳᠠᠯᠭ᠎ᠠ ᠵᠢ ᠵᠣᠯᠭᠠᠭᠤᠯᠬᠤ ᠬᠥᠭᠥᠷᠭᠡ ᠵᠢ ᠴᠣᠭᠴᠠᠯᠠᠵᠤ᠂ ᠰᠤᠷᠭᠠᠭᠤᠯᠢ ᠪᠠ ᠣᠷᠣᠨ ᠨᠤᠲᠤᠭᠤ᠋ᠨ ᠤᠨᠤᠴᠠᠲᠠᠢ ᠵᠤᠯᠭᠠᠯᠴᠠᠭ᠎ᠠ᠂ ᠬᠠᠷᠢᠯᠴᠠᠨ ᠬᠦᠴᠦᠨ ᠨᠡᠮᠡᠷᠢᠯᠡᠬᠦ ᠵᠢ ᠠᠬᠢᠭᠤᠯᠵᠤ᠂ ᠶᠡᠬᠡ ᠳᠡᠭᠡᠳᠦ ᠰᠤᠷᠭᠠᠭᠤᠯᠢ ᠶ᠋ᠢᠨ ᠦᠷ᠎ᠡ ᠪᠦᠲᠦᠭᠡᠯ ᠪᠠ ᠴᠢᠳᠠᠪᠤᠷᠢᠲᠠᠨ ᠤ᠋ ᠡᠬᠢ ᠪᠠᠶᠠᠯᠢᠭ ᠤ᠋ᠨ ᠬᠦᠳᠡᠭᠡ ᠲᠤᠰᠬᠤᠨ ᠤ᠋ ᠨᠢᠭᠡᠳᠦᠭᠡᠷ ᠹᠷᠤᠨᠲ ᠲᠦ᠍ ᠤᠨᠤᠴᠠᠲᠠᠢ ᠬᠦᠨᠵᠡᠭᠡᠢᠷᠡᠬᠦ ᠵᠢ ᠠᠬᠢᠭᠤᠯᠵᠠᠢ᠃
ᠤᠢᠯᠠᠭᠠᠭᠰᠠᠨ ᠵᠢᠡᠷ᠂ ᠮᠠᠨ ᠤ᠋ ᠤᠷᠤᠨ ᠬᠥᠳᠡᠭᠡ ᠲᠣᠰᠬᠣᠨ ᠤ᠋ ᠪᠥᠲᠥᠭᠡᠨ ᠪᠠᠶ᠋ᠢᠭᠤᠯᠤᠯᠲᠠ ᠶ᠋ᠢᠨ ᠶᠡᠬᠡ ᠳᠡᠭᠡᠳᠦ ᠰᠤᠷᠭᠠᠭᠤᠯᠢ ᠶ᠋ᠢᠨ ᠬᠤᠯᠪᠤᠭ᠎ᠠ ᠪᠡᠷ ᠠᠴᠢᠶᠠᠯᠠᠪᠤᠷᠢ ᠪᠤᠯᠭᠠᠨ᠂ ᠭᠠᠴᠠᠭ᠎ᠠ ᠲᠤᠰᠬᠤᠨ ᠳ᠋ᠦ ᠰᠠᠭᠤᠬᠤ ᠦᠢᠯᠡᠴᠢᠯᠡᠭᠡᠨ ᠤ᠋ ᠴᠢᠳᠠᠪᠤᠷᠢᠲᠠᠨ ᠢ᠋ ᠬᠦᠮᠦᠵᠢᠭᠦᠯᠬᠦ᠂ ᠤᠷᠤᠨ ᠨᠤᠲᠤᠭ ᠤ᠋ᠨ ᠴᠢᠳᠠᠪᠤᠷᠢᠲᠠᠨ ᠢ᠋ ᠬᠦᠮᠦᠵᠢᠭᠦᠯᠬᠦ ᠲᠠᠪᠴᠠᠡᠭ ᠢ᠋ ᠪᠠᠢᠭᠤᠯᠵᠤ᠂ ᠮᠠᠯᠴᠢᠨ ᠲᠠᠷᠢᠶᠠᠴᠢᠨ ᠢ᠋ ᠬᠦᠲᠦᠯᠦᠨ ᠵᠢᠯᠤᠭᠤᠳᠴᠤ ᠳᠠᠢᠴᠢᠯᠠᠵᠤ ᠳᠡᠢᠯᠬᠦ ᠴᠢᠳᠠᠪᠤᠷᠢ ᠲᠠᠢ᠂ ᠲᠤᠬᠠᠢᠯᠠᠭᠰᠠᠨ ᠠᠵᠢᠯ ᠳ᠋ᠠᠭᠠᠨ ᠴᠠᠭᠠᠷᠠᠭᠰᠠᠨ᠂ ᠦᠨᠳᠦᠰᠦᠨ ᠱᠠᠲᠤᠨ ᠳ᠋ᠦ ᠭᠦᠨᠵᠡᠭᠡᠢᠷᠡᠵᠦ ᠦᠯᠡᠳᠡᠵᠦ ᠳᠡᠢᠯᠬᠦ᠂ ᠬᠡᠷᠡᠭᠴᠡᠭᠡ ᠲᠠᠢ ᠲᠤᠰᠬᠠᠢ ᠮᠡᠷᠭᠡᠵᠢᠯ ᠤ᠋ᠨ ᠴᠢᠳᠠᠪᠤᠷᠢᠲᠠᠨ ᠤ᠋ ᠡᠡᠭᠨᠡᠭᠡ ᠵᠢ ᠪᠠᠢᠭᠤᠯᠬᠤ ᠪᠤᠯᠤᠨ᠎ᠠ᠃ ᠡᠭᠦᠨ ᠤ᠋ ᠬᠠᠮᠳᠤ ᠶᠡᠬᠡ ᠲᠠᠬᠡᠳᠤ ᠰᠤᠷᠭᠠᠭᠤᠯᠢ ᠪᠠ ᠣᠷᠣᠨ ᠨᠤᠲᠤᠭ ᠬᠠᠮᠲᠤᠷᠠᠨ ᠣᠷᠣᠨ ᠨᠤᠲᠤᠭ ᠤ᠋ᠨ ᠴᠢᠳᠠᠪᠤᠷᠢᠲᠠᠨᠢ ᠬᠥᠮᠦᠵᠢᠭᠦᠯᠬᠦ᠌ ᠡᠷᠴᠢᠮ ᠢ᠋ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠬᠡᠷᠡᠭᠴᠡᠭᠡ ᠱᠠᠭᠠᠷᠳᠠᠯᠭ᠎ᠠ ᠲᠠᠶ ᠤᠶᠠᠯᠳᠤᠭᠤᠯᠤᠨ᠂ ᠬᠥᠳᠡᠭᠡ ᠲᠣᠰᠬᠣᠨ ᠤ᠋ ᠠᠵᠤ ᠦᠢᠯᠡᠰ ᠤ᠋ᠨ ᠵᠢᠯᠣᠭᠣᠳᠣᠭᠴᠢ᠂ ᠬᠥᠳᠡᠭᠡ ᠲᠣᠰᠬᠣᠨ ᠤ᠋ ᠲᠥᠯᠥᠪᠵᠢᠭᠦᠯᠦᠭᠴᠢ᠂ ᠬᠥᠳᠡᠭᠡ ᠲᠣᠰᠬᠣᠨ ᠤ᠋ ᠤᠷᠠᠨ ᠳᠠᠷᠬᠠᠨ ᠵᠡᠷᠭᠡ ᠶ᠋ᠢᠨ ᠪᠤᠯᠪᠠᠰᠤᠷᠠᠯᠢ ᠪᠠᠶ᠋ᠢᠩᠭᠤ ᠥᠷᠨᠢᠭᠦᠯᠵᠦ᠍᠂ ᠮᠠᠯᠵᠢᠬᠤ ᠲᠠᠷᠢᠶᠠᠯᠠᠬᠤ ᠣᠷᠣᠨ ᠤ᠋ ᠴᠢᠳᠠᠪᠤᠷᠢᠲᠠᠨ ᠤ᠋ ᠡᠩᠨᠡᠭᠡ ᠵᠢ ᠪᠤᠵᠠᠭᠠᠶ᠋ᠢᠷᠠᠭᠤᠯᠬᠤ ᠪᠡᠷ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃