ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-09-15 09:35:00

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠣᠢᠯᠠᠭᠠᠭᠰᠠᠨ ᠵᠢᠡᠷ᠂ ᠲᠦᠷᠦᠭᠦᠬᠡᠨ ᠶᠠᠪᠤᠭᠳᠠᠭᠰᠠᠨ ᠵᠢᠷᠭᠤᠳᠤᠭᠠᠷ ᠬᠤᠭᠤᠴᠠᠭᠠᠨ᠎ᠤ ᠤᠮᠠᠷᠠᠲᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠣᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠠᠰᠫᠢᠷᠠᠨᠲ (MPA) ᠤ᠋ᠨ ᠬᠡᠷᠡᠭ᠎ᠦᠨ ᠵᠢᠱ᠌ᠢᠶ᠎ᠡ ᠦᠵᠡᠬᠦᠯᠬᠦ ᠰᠢᠢᠳᠪᠦᠷᠢᠲᠦ ᠤᠷᠤᠯᠳᠤᠭᠠᠨ᠎ᠳᠤ ᠥᠪᠥᠷ ᠮᠣᠩᠭᠣᠯ᠎ᠤᠨ ᠶᠡᠬᠡ ᠰᠤᠷᠭᠠᠭᠤᠯᠢ ᠵᠡᠷᠭᠡ 5 ᠲᠥᠯᠥᠭᠡᠯᠡᠭᠴᠢᠳ᠎ᠦᠨ ᠪᠦᠯᠬᠦᠮ᠎ᠤᠨ ᠬᠡᠷᠡᠭ᠎ᠦᠨ ᠵᠢᠱ᠌ᠢᠶ᠎ᠡ ᠬᠣᠶᠠᠳᠤᠭᠠᠷ ᠳᠡᠰ᠎ᠤᠨ ᠱᠠᠩᠨᠠᠯ ᠭᠥᠷᠳᠡᠵᠦ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠵᠡᠷᠭᠡ 4 ᠲᠥᠯᠥᠭᠡᠯᠡᠭᠴᠢᠳ᠎ᠦᠨ ᠪᠦᠯᠬᠦᠮ᠎ᠤᠨ ᠬᠡᠷᠡᠭ᠎ᠦᠨ ᠵᠢᠱ᠌ᠢᠶ᠎ᠡ ᠭᠤᠷᠪᠠᠳᠤᠭᠠᠷ ᠳᠡᠰ᠎ᠤᠨ ᠱᠠᠩᠨᠠᠯ ᠭᠥᠷᠳᠡᠵᠦ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠬᠠᠮᠤᠭ᠎ᠤᠨ ᠰᠢᠯᠢᠳᠡᠭ ᠵᠣᠬᠢᠶᠠᠨ ᠪᠠᠢᠭᠤᠯᠤᠯᠲᠠ᠎ᠶᠢᠨ ᠱᠠᠩᠨᠠᠯ ᠭᠥᠷᠳᠡᠪᠡ᠃

ᠲᠣᠰ ᠬᠤᠭᠤᠴᠠᠭᠠᠨ᠎ᠤ ᠤᠷᠤᠯᠳᠤᠭᠠᠨ᠎ᠢ ᠲᠢᠶᠠᠨᠵᠢᠨ ᠬᠣᠲᠠ᠎ᠶᠢᠨ ᠰᠤᠷᠭᠠᠨ ᠬᠥᠮᠦᠵᠢᠯ᠎ᠦᠨ ᠵᠥᠪᠯᠡᠯ᠂ ᠾᠧᠪᠧᠢ ᠮᠤᠵᠢ᠎ᠶᠢᠨ ᠰᠤᠷᠭᠠᠨ ᠬᠥᠮᠦᠵᠢᠯ᠎ᠦᠨ ᠲᠢᠩᠬᠢᠮ᠂ ᠱᠠᠨ ᠰᠢ ᠮᠤᠵᠢ᠎ᠶᠢᠨ ᠰᠤᠷᠭᠠᠨ ᠬᠥᠮᠦᠵᠢᠯ᠎ᠦᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠱᠠᠨᠳᠦ᠋ᠩ ᠮᠤᠵᠢ᠎ᠶᠢᠨ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠲᠤᠷᠠᠨ ᠡᠷᠭᠢᠯᠡᠵᠦ᠂ ᠤᠮᠠᠷᠠᠲᠤ ᠣᠷᠣᠨ᠎ᠤ MPA ᠰᠤᠷᠭᠠᠨ ᠬᠥᠮᠦᠵᠢᠯ᠎ᠦᠨ ᠬᠡᠪ ᠳᠠᠭᠤᠷᠢᠶᠠᠯ ᠪᠣᠯᠬᠤ ᠤᠷᠤᠯᠳᠤᠭᠠᠨ ᠪᠤᠯᠤᠭᠰᠠᠨ ᠪᠠᠢᠨ᠎ᠠ᠂ ᠱᠠᠨᠳᠦ᠋ᠩ᠂ ᠾᠧᠪᠧᠢ᠂ ᠲᠢᠶᠠᠨᠵᠢᠨ᠂ ᠱᠠᠨ ᠰᠢ᠂ ᠥᠪᠥᠷ ᠮᠣᠩᠭᠣᠯ ᠵᠡᠷᠭᠡ ᠲᠠᠪᠤᠨ ᠮᠤᠵᠢ ᠣᠷᠣᠨ ᠬᠣᠲᠠ᠎ᠶᠢᠨ 60 ᠪᠦᠯᠬᠦᠮ ᠬᠠᠮᠲᠤ᠎ᠪᠠᠷ ᠤᠷᠤᠯᠳᠤᠭᠠᠨ᠎ᠳᠤ ᠣᠷᠣᠯᠴᠠᠪᠠ᠃ ᠤᠷᠤᠯᠳᠤᠭᠠᠨ ᠨᠢ ᠦᠨᠡᠨ ᠪᠣᠳᠠᠲᠠᠢ ᠤᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠠᠰᠠᠭᠤᠳᠠᠯ᠎ᠢᠶᠠᠷ ᠪᠣᠷᠣ᠌ ᠮᠠᠲᠧᠷᠢᠶᠠᠯ ᠪᠣᠯᠭᠠᠵᠤ᠂ 《ᠤᠷᠤᠯᠳᠤᠭᠠᠨ᠎ᠢᠶᠠᠷ ᠰᠤᠷᠭᠠᠨ ᠬᠥᠮᠦᠵᠢᠯ᠎ᠢ ᠠᠬᠢᠭᠤᠯᠬᠤ᠂ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ᠂ ᠤᠷᠤᠯᠳᠤᠭᠠᠨ᠎ᠢᠶᠠᠷ ᠰᠤᠳᠤᠯᠭᠠᠨ᠎ᠢ ᠠᠬᠢᠭᠤᠯᠬᠤ》 ᠠᠷᠭ᠎ᠠ ᠬᠡᠯᠪᠡᠷᠢ᠎ᠪᠡᠷ ᠳᠠᠮᠵᠢᠭᠤᠯᠤᠨ᠂ ᠬᠡᠷᠡᠭ᠎ᠦᠨ ᠵᠢᠱ᠌ᠢᠶ᠎ᠡ᠎ᠪᠡᠷ ᠵᠢᠭᠠᠨ ᠰᠤᠷᠭᠠᠬᠤ ᠪᠠ ᠦᠨᠳᠦᠰᠦᠨ ᠱᠠᠲᠤᠨ᠎ᠤ ᠵᠠᠰᠠᠯᠲᠠ᠎ᠶᠢᠨ ᠦᠢᠯᠡᠳᠦᠯᠭᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面