2026-09-19 12:33:04
ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠦᠨ ᠲᠢᠩᠬᠢᠮ ᠡᠴᠡ ᠤᠢᠯᠠᠭᠠᠭᠰᠠᠨ ᠵᠢᠡᠷ᠂ ᠤᠢᠷ᠎ᠠ ᠳ᠋ᠤ ᠥᠪᠥᠷ ᠮᠣᠩᠭᠣᠯ᠎ᠤᠨ 7 ᠰᠤᠷᠭᠠᠭᠤᠯᠢ ᠪᠦᠬᠦ ᠤᠯᠤᠰ᠎ᠤᠨ ᠠᠩᠬᠠᠳᠠᠭᠴᠢ ᠪᠦᠯᠦᠭ᠎ᠤᠨ ᠬᠠᠤᠯᠢ ᠶᠣᠰᠣᠭᠠᠷ ᠰᠤᠷᠭᠠᠭᠤᠯᠢ᠎ᠪᠠᠨ ᠵᠠᠰᠠᠬᠤ ᠵᠢᠱ᠌ᠢᠶ᠎ᠡ ᠦᠵᠡᠭᠦᠯᠬᠦ ᠰᠤᠷᠭᠠᠭᠤᠯᠢ᠎ᠪᠡᠷ ᠰᠣᠩᠭᠣᠭᠳᠠᠭᠰᠠᠨ ᠪᠠᠢᠨ᠎ᠠ᠃
ᠲᠡᠳᠡᠬᠡᠷ ᠰᠤᠷᠭᠠᠭᠤᠯᠢ ᠪᠤᠯ ᠤᠯᠠᠭᠠᠨᠬᠠᠳᠠ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠬᠠᠢᠯᠠᠷ᠎ᠤᠨ ᠬᠣᠶᠠᠳᠤᠭᠠᠷ ᠳᠤᠮᠳᠠᠳᠤ ᠰᠤᠷᠭᠠᠭᠤᠯᠢ᠂ ᠤᠯᠠᠭᠠᠨᠬᠠᠳᠠ᠎ᠶᠢᠨ ᠮᠡᠳᠡᠭᠡ ᠵᠠᠩᠭᠢ᠎ᠶᠢᠨ ᠠᠵᠢᠯ ᠮᠡᠷᠭᠡᠵᠢᠯ᠎ᠦᠨ ᠰᠤᠷᠭᠠᠭᠤᠯᠢ (ᠤᠯᠠᠭᠠᠨᠬᠠᠳᠠ᠎ᠶᠢᠨ ᠰᠦᠩᠱᠠᠨ ᠲᠣᠭᠣᠷᠢᠭ᠋᠎ᠤᠨ ᠠᠵᠢᠯ ᠮᠡᠷᠭᠡᠵᠢᠯ᠎ᠦᠨ ᠳᠤᠮᠳᠠᠳᠤ ᠰᠤᠷᠭᠠᠭᠤᠯᠢ)᠂ ᠥᠪᠥᠷ ᠮᠣᠩᠭᠣᠯ᠎ᠤᠨ ᠵᠢᠨᠢᠩ ᠨᠢᠭᠡᠳᠦᠭᠡᠷ ᠳᠤᠮᠳᠠᠳᠤ ᠰᠤᠷᠭᠠᠭᠤᠯᠢ᠂ ᠵᠠᠯᠠᠢᠳ ᠬᠣᠰᠢᠭᠤᠨ᠎ᠤ ᠢᠨᠳᠠᠷ ᠭᠤᠷᠪᠠᠳᠤᠭᠠᠷ ᠳᠤᠮᠳᠠᠳᠤ ᠰᠤᠷᠭᠠᠭᠤᠯᠢ᠂ ᠪᠤᠭᠤᠲᠤ ᠬᠣᠲᠠ᠎ᠶᠢᠨ ᠬᠥᠨᠳᠡᠯᠡᠨ ᠲᠣᠭᠣᠷᠢᠭ᠋᠎ᠤᠨ ᠪᠣᠯᠣᠳ ᠲᠡᠮᠦᠷ ᠶᠡᠬᠡ ᠵᠡᠭᠡᠯᠢ᠎ᠶᠢᠨ ᠬᠣᠶᠠᠳᠤᠭᠠᠷ ᠪᠠᠭ᠎ᠠ ᠰᠤᠷᠭᠠᠭᠤᠯᠢ ᠪᠣᠯᠣᠨ᠎ᠠ᠃ ᠡᠳᠡᠭᠡᠷ ᠰᠤᠷᠭᠠᠭᠤᠯᠢ ᠨᠢ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ ᠦᠨ ᠰᠤᠷᠭᠠᠭᠤᠯᠢ᠂ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠵᠡᠷᠭᠡ ᠡᠯ᠎ᠡ ᠰᠤᠷᠤᠯᠭ᠎ᠠ᠎ᠶᠢᠨ ᠱᠠᠲᠤ᠎ᠶᠢ ᠬᠠᠮᠤᠷᠴᠤ᠂ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠰᠢᠰᠲᠧᠮ ᠦᠨ ᠬᠠᠤᠯᠢ ᠶᠣᠰᠣᠭᠠᠷ ᠰᠤᠷᠭᠠᠭᠤᠯᠢ᠎ᠪᠠᠨ ᠵᠠᠰᠠᠭᠰᠠᠨ ᠦᠷ᠎ᠡ ᠪᠦᠲᠦᠮᠵᠢ᠎ᠶᠢ ᠭᠦᠢᠴᠡᠳ ᠬᠠᠷᠠᠭᠤᠯᠪᠠ᠃
ᠤᠢᠯᠠᠭᠠᠭᠰᠠᠨ᠎ᠢᠶᠠᠷ᠂ ᠲᠣᠰ ᠤᠳᠠᠭᠠᠨ᠎ᠤ ᠬᠢᠨᠠᠨ ᠲᠤᠭᠳᠠᠭᠠᠯᠳᠠ ᠨᠢ ᠬᠠᠤᠯᠢ ᠶᠣᠰᠣᠭᠠᠷ ᠰᠤᠷᠭᠠᠨ ᠬᠥᠮᠦᠵᠢᠯ᠎ᠢ ᠵᠠᠰᠠᠬᠤ᠂ ᠬᠠᠤᠯᠢ ᠶᠣᠰᠣᠭᠠᠷ ᠰᠤᠷᠭᠠᠭᠤᠯᠢ᠎ᠪᠠᠨ ᠵᠠᠰᠠᠬᠤ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠵᠦ᠂ ᠮᠤᠵᠢ᠎ᠶᠢᠨ ᠱᠠᠲᠤᠨ᠎ᠤ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠡᠴᠡ ᠬᠢᠨᠠᠨ ᠬᠠᠷᠭᠤᠭᠤᠯᠵᠤ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ᠎ᠢᠶᠡᠷ ᠬᠢᠨᠠᠨ ᠲᠣᠭᠲᠠᠭᠠᠯᠭᠠᠬᠤ᠂ ᠨᠡᠢᠭᠡᠮ ᠨᠡᠶ᠋ᠢᠲᠡ᠎ᠳᠦ ᠵᠠᠷᠯᠠᠨ ᠨᠡᠢᠲᠡᠯᠡᠬᠦ ᠵᠡᠷᠭᠡ ᠴᠢᠩᠭ᠎ᠠ ᠲᠠᠰ ᠳᠠᠷᠠᠭᠠᠯᠠᠯᠵᠢᠡᠷ ᠰᠢᠯᠭᠠᠷᠠᠭᠤᠯᠵᠠᠢ᠃ ᠡᠨᠡ ᠤᠳᠠᠭ᠎ᠠ ᠶᠢᠨ 7 ᠰᠤᠷᠭᠠᠭᠤᠯᠢ᠎ᠵᠢᠨ ᠰᠣᠩᠭᠣᠭᠳᠠᠭᠰᠠᠨ ᠨᠢ ᠥᠪᠥᠷ ᠮᠣᠩᠭᠣᠯ᠎ᠤᠨ ᠬᠠᠤᠯᠢ ᠶᠣᠰᠣᠭᠠᠷ ᠰᠤᠷᠭᠠᠭᠤᠯᠢ᠎ᠪᠠᠨ ᠵᠠᠰᠠᠬᠤ ᠠᠵᠢᠯ ᠰᠢᠨ᠎ᠡ ᠳᠡᠭᠲᠡᠷ᠎ᠲᠦ ᠭᠠᠷᠤᠭᠰᠠᠨ᠎ᠢ ᠬᠠᠷᠠᠭᠤᠯᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃