ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-09-22 11:15:24

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠠᠩᠬᠠᠳᠠᠭ᠍ᠴᠢ ᠠᠮᠤᠷ ᠲᠦᠪᠰᠢᠨ ᠎ᠦ ᠬᠥᠮᠦᠵᠢᠯ᠎ᠦᠨ ᠭᠣᠣᠯ ᠰᠡᠳᠦᠪᠲᠦ ᠰᠢᠷᠢᠰ ᠪᠢᠴᠢᠯ ᠺᠢᠨᠣ᠋《ᠵᠠᠯᠠᠭᠤ ᠨᠠᠰᠤᠨ ᠎ᠤ ᠰᠡᠷᠭᠡᠢᠯᠡᠯᠲᠡ᠎ᠶᠢᠨ ᠱᠤᠭᠤᠮ》 ᠲᠦᠷᠦᠬᠦᠬᠡᠨ ᠤᠯᠤᠰ ᠎ᠤᠨ ᠠᠮᠤᠷ ᠲᠦᠪᠰᠢᠨ᠎ᠤ ᠬᠦᠮᠦᠵᠢᠯ ᠎ᠤᠨ ᠰᠤᠷᠭᠠᠭᠤᠯᠢ᠎ᠶᠢᠨ ᠬᠦᠷᠢᠶᠡᠨ᠎ᠦ ᠡᠳᠦᠷ᠎ᠦᠨ ᠭᠣᠣᠯ ᠰᠡᠳᠦᠪᠲᠦ ᠠᠵᠢᠯᠯᠠᠭ᠎ᠠ ᠳᠡᠭᠡᠷ᠎ᠡ ᠦᠵᠡᠭᠴᠢᠳ ᠲᠠᠢ ᠠᠩᠬ᠎ᠠ ᠵᠤᠯᠭᠠᠪᠠ᠃ ᠲᠤᠰ ᠰᠢᠷᠢᠰ ᠪᠢᠴᠢᠯ ᠺᠢᠨᠣ᠋ ᠎ᠶᠢ ᠦᠪᠦᠷ ᠮᠤᠩᠭᠤᠯ ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠵᠢᠯᠤᠭᠣᠳᠴᠤ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠥᠪᠥᠷ ᠮᠣᠩᠭᠣᠯ᠎ᠤᠨ ᠲᠣᠭᠠᠴᠢᠯᠠᠭᠰᠠᠨ ᠰᠣᠶᠣᠯ ᠲᠠᠭᠤ ᠳᠦᠷᠰᠦ ᠰᠢᠩᠭᠡᠭᠡᠯᠲᠡ᠎ᠶᠢᠨ ᠬᠡᠪᠯᠡᠯ᠎ᠦᠨ ᠬᠣᠷᠢᠶ᠎ᠠ᠎ᠶᠢᠨ ᠬᠢᠵᠠᠭᠠᠷᠲᠤ ᠺᠣᠮᠫᠠᠨᠢ᠎ᠲᠠᠢ ᠬᠠᠮᠲᠤᠷᠠᠨ ᠰᠢᠩᠬᠡᠬᠡᠨ ᠦᠢᠯᠡᠳᠴᠡᠢ᠃ ᠡᠨᠡ ᠪᠤᠯ ᠥᠪᠥᠷ ᠮᠣᠩᠭᠣᠯ᠎ᠤᠨ ᠠᠮᠤᠷ ᠲᠦᠪᠰᠢᠨ᠎ᠦ ᠬᠥᠮᠦᠵᠢᠯ᠎ᠦᠨ ᠬᠡᠯᠪᠡᠷᠢ᠎ᠶᠢᠨ ᠰᠢᠨ᠎ᠡ᠎ᠶᠢ ᠡᠭᠦᠳᠬᠦ᠂ ᠬᠥᠮᠥᠨ᠎ᠢ ᠬᠥᠮᠥᠵᠢᠭᠦᠯᠬᠦ ᠵᠢᠭ᠍ᠰᠠᠭᠠᠯ᠎ᠤᠨ ᠭᠠᠵᠠᠷ ᠢ᠋ ᠥᠷᠭᠡᠳᠬᠡᠬᠦ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠶᠢᠨ ᠴᠢᠬᠤᠯᠠ ᠠᠷᠭ᠎ᠠ ᠪᠠᠷᠢᠯ ᠪᠠᠢᠵᠤ᠂ ᠠᠮᠤᠷ ᠠᠮᠤᠭᠤᠯᠠᠩ ᠰᠤᠷᠭᠠᠭᠤᠯᠢ᠎ᠶᠢᠨ ᠬᠦᠷᠢᠶᠡᠨ᠎ᠦ ᠪᠠᠢᠭᠤᠯᠤᠯᠲᠠ᠎ᠶᠢ ᠠᠬᠢᠭᠤᠯᠬᠤ ᠠᠮᠢᠳᠤᠯᠢᠭ᠋ ᠦᠢᠯᠡᠳᠦᠯᠭᠡ ᠪᠤᠯᠤᠨ᠎ᠠ᠃

ᠣᠢᠯᠠᠭᠠᠭᠰᠠᠨ᠎ᠢᠶᠠᠷ᠂ ᠣᠳᠣᠬᠠᠨ ᠎ᠳᠤ ᠵᠠᠯᠠᠭᠤᠴᠤᠳ ᠪᠠᠭᠠᠴᠤᠳ ᠎ᠤᠨ ᠠᠮᠤᠷ ᠲᠦᠪᠰᠢᠨ᠎ᠦ ᠬᠥᠮᠦᠵᠢᠯ᠎ᠳᠦ ᠰᠢᠨ᠎ᠡ ᠪᠠᠢᠳᠠᠯ᠂ ᠰᠢᠨ᠎ᠡ ᠥᠷᠢᠰᠦᠯᠳᠦᠭᠡᠨ ᠲᠤᠯᠭᠠᠷᠠᠵᠤ᠂ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ᠂ ᠰᠦᠯᠵᠢᠶᠡᠨ ᠎ᠦ ᠮᠡᠬᠡᠯᠡᠯ ᠵᠡᠷᠭᠡ ᠡᠯ᠎ᠡ ᠲᠥᠷᠥᠯ᠎ᠦᠨ ᠠᠶᠤᠯ ᠲᠦᠭᠰᠢᠭᠦᠷᠢ ᠰᠣᠯᠪᠢᠴᠠᠨ᠂ ᠤᠯᠠᠮᠵᠢᠯᠠᠯᠲᠤ ᠮᠠᠶᠢᠭ᠋᠎ᠤᠨ᠂ ᠰᠤᠷᠲᠠᠯᠴᠢᠯᠠᠬᠤ ᠮᠠᠶᠢᠭ᠋᠎ᠤᠨ ᠬᠥᠮᠦᠵᠢᠯ ᠨᠢ ᠰᠢᠨ᠎ᠡ ᠴᠠᠭ ᠦᠶ᠎ᠡ᠎ᠶᠢᠨ ᠵᠠᠯᠠᠭᠤᠴᠤᠳ ᠪᠠᠭᠠᠴᠤᠳ᠎ᠤᠨ ᠲᠠᠨᠢᠨ ᠮᠡᠳᠡᠬᠦᠢ᠎ᠶᠢᠨ ᠣᠨᠴᠠᠯᠢᠭ᠋ ᠪᠠ ᠦᠰᠦᠨ ᠪᠣᠶ᠋ᠢᠵᠢᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠳᠤ ᠲᠣᠬᠢᠷᠠᠬᠤ ᠦᠬᠡᠢ ᠪᠤᠯᠪᠠ᠃ ᠵᠠᠯᠠᠭᠤᠴᠤᠳ ᠪᠠᠭᠠᠴᠤᠳ᠎ᠤᠨ ᠦᠰᠦᠨ ᠪᠣᠶ᠋ᠢᠵᠢᠯᠲᠠ᠎ᠶᠢᠨ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠎ᠦᠨ ᠠᠴᠢᠶᠠᠯᠠᠪᠤᠷᠢ᠎ᠶᠢᠨ ᠰᠢᠨ᠎ᠡ᠎ᠶᠢ ᠡᠭᠦᠳᠴᠦ᠂ ᠬᠥᠮᠥᠨ ᠢ᠋ ᠬᠥᠮᠥᠵᠢᠭᠦᠯᠬᠦ ᠠᠷᠭ᠎ᠠ ᠬᠡᠯᠪᠡᠷᠢ᠎ᠵᠢ ᠬᠤᠪᠢᠷᠠᠭᠤᠯᠬᠤ ᠵᠢᠨ ᠲᠦᠯᠦᠭᠡ ᠲᠤᠰ ᠰᠢᠷᠢᠰ ᠪᠢᠴᠢᠯ ᠺᠢᠨᠣ᠋ ᠵᠢ ᠰᠡᠬᠦᠳᠡᠷᠯᠡᠨ ᠦᠢᠯᠡᠳᠦᠭᠰᠡᠨ ᠪᠠᠢᠨ᠎ᠠ᠃ ᠪᠢᠴᠢᠯ ᠺᠢᠨᠣ᠋ ᠨᠢ ᠰᠤᠷᠭᠠᠭᠤᠯᠢ᠎ᠶᠢᠨ ᠬᠦᠷᠢᠶᠡᠨ᠎ᠦ ᠦᠨᠡᠨ ᠪᠣᠳᠠᠲᠠᠢ ᠠᠬᠤᠢ ᠪᠠᠢᠳᠠᠯ᠎ᠳᠤ ᠠᠩᠬᠠᠷᠤᠯ᠎ᠢᠶᠠᠨ ᠬᠠᠨᠳᠤᠭᠤᠯᠵᠤ᠂ ᠰᠤᠷᠤᠭ᠍ᠴᠢᠳ᠎ᠤᠨ ᠡᠳᠦᠷ ᠲᠤᠲᠤᠮ᠎ᠤᠨ ᠠᠮᠢᠳᠤᠷᠠᠯ᠎ᠲᠠᠢ ᠤᠢᠷᠠᠳᠤᠨ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠮᠤᠷ ᠲᠦᠪᠰᠢᠨ᠎ᠢ ᠴᠢᠩᠭ᠎ᠠ ᠰᠠᠬᠢᠬᠤ ᠂ ᠬᠣᠣᠷᠲᠤ ᠡᠳ᠋᠎ᠦᠨ ᠶᠠᠯᠠᠲᠤ ᠠᠵᠢᠯᠯᠠᠭ᠎ᠠ᠎ᠶᠢ ᠰᠡᠷᠭᠡᠢᠯᠡᠬᠦ᠂ ᠰᠦᠯᠵᠢᠶᠡᠨ᠎ᠦ ᠠᠮᠤᠷ ᠲᠦᠪᠰᠢᠨ᠎ᠢ ᠴᠢᠩᠭᠠᠳᠬᠠᠬᠤ ᠵᠡᠷᠭᠡ 14 ᠭᠤᠤᠯ ᠰᠡᠳᠦᠪ᠎ᠢ ᠬᠠᠮᠤᠷᠴᠦ᠂ ᠪᠡᠶᠡᠴᠢᠯᠡᠨ ᠤᠢᠯᠠᠭᠠᠬᠤ ᠮᠠᠶᠢᠭ᠎ᠤᠨ᠂ ᠦᠯᠢᠭᠡᠷᠴᠢᠯᠡᠭᠰᠡᠨ ᠬᠡᠯᠪᠡᠷᠢ᠎ᠪᠡᠷ ᠳᠠᠮᠵᠢᠭᠤᠯᠵᠤ᠂ ᠬᠡᠢᠰᠪᠦᠷᠢ ᠠᠮᠤᠷ ᠲᠦᠪᠰᠢᠨ᠎ᠦ ᠮᠡᠳᠡᠯᠭᠡ᠂ ᠬᠠᠤᠯᠢ ᠵᠢᠨ ᠮᠡᠳᠡᠯᠬᠡ ᠵᠢ ᠠᠮᠢᠳᠤ ᠲᠦᠷᠰᠦᠯᠢᠭ ᠰᠢᠨ᠎ᠡ ᠰᠣᠷᠭᠣᠭ ᠬᠡᠷᠡᠭ᠎ᠦᠨ ᠵᠢᠱ᠌ᠢᠶ᠎ᠡ ᠪᠣᠯᠭᠠᠨ ᠬᠤᠪᠢᠷᠠᠭᠤᠯᠵᠤ᠂ ᠵᠠᠯᠠᠭᠤᠴᠤᠳ᠎ᠤᠨ ᠬᠠᠷᠭᠠᠰᠤ ᠡᠴᠡ ᠰᠤᠷᠭᠠᠭᠤᠯᠢ᠎ᠶᠢᠨ ᠬᠦᠷᠢᠶᠡᠨ᠎ᠦ ᠦᠯᠢᠭᠡᠷ᠎ᠢ ᠶᠠᠷᠢᠵᠤ᠂ ᠣᠶᠤᠲᠠᠳ᠎ᠤᠨ ᠦᠰᠦᠨ ᠪᠣᠢᠵᠢᠯᠳᠠ ᠵᠢᠨ ᠶᠠᠪᠤᠴᠠ᠎ᠳ᠋ᠤ ᠳᠤᠬᠢᠶᠠᠯᠳᠤᠵᠤ ᠮᠡᠳᠡᠬᠦ ᠠᠮᠤᠷ ᠲᠦᠪᠰᠢᠨ᠎ᠦ ᠲᠦᠭᠰᠢᠭᠦᠷᠢ ᠵᠢ ᠪᠦᠬᠦ ᠲᠠᠯ᠎ᠠ᠎ᠪᠠᠷ ᠳᠡᠯᠭᠡᠨ ᠦᠵᠡᠭᠦᠯᠵᠦ᠂ ᠠᠮᠤᠷ ᠲᠦᠪᠰᠢᠨ᠎ᠦ ᠣᠢᠯᠠᠭᠠᠭᠳᠠᠬᠤᠨ᠎ᠢ ᠰᠤᠷᠤᠭᠴᠢᠳ᠎ᠤᠨ ᠰᠡᠳᠬᠢᠯ᠎ᠳᠦ ᠭᠦᠨ ᠬᠠᠳᠠᠩᠰᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面