2026-09-22 11:32:14
ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ 《ᠰᠦᠯᠵᠢᠶ᠎ᠠ + ᠠᠬᠤᠢ ᠳᠠᠯᠠᠪᠠᠢ》 ᠵᠢᠨ ᠬᠡᠯᠪᠡᠷᠢ᠎ᠪᠡᠷ ᠪᠦᠬᠦ ᠣᠷᠣᠨ᠎ᠤ 2026 ᠤᠨ᠎ᠤ ᠰᠢᠨ᠎ᠡ ᠤᠶᠤᠳᠠᠳ᠎ᠲᠤ ᠬᠠᠨᠳᠤᠭᠤᠯᠤᠨ 《 ᠣᠶᠤᠲᠠᠨ ᠠᠮᠢᠳᠤᠷᠠᠯ᠎ᠤᠨ ᠠᠩᠬᠠᠨ᠎ᠤ ᠬᠢᠴᠢᠶᠡᠯ》 ᠭᠡᠬᠦ ᠲᠤᠰᠬᠠᠢ ᠲᠠᠢᠯᠤᠮᠵᠢ ᠡᠷᠬᠢᠯᠡᠵᠦ᠂ ᠪᠦᠬᠦ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ 15 ᠲᠦᠮᠠ ᠰᠢᠬᠠᠮ ᠪᠠᠭ᠍ᠰᠢ ᠰᠤᠷᠤᠭ᠍ᠴᠢᠳ ᠵᠡᠷᠭᠡ ᠪᠡᠷ ᠣᠷᠣᠯᠴᠠᠪᠠ᠃
ᠥᠪᠥᠷ ᠮᠣᠩᠭᠣᠯ᠎ᠤᠨ ᠬᠣᠩ ᠳᠧ ᠨᠡᠢᠭᠡᠮ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠳᠡᠭᠡᠳᠦ ᠰᠤᠷᠭᠠᠭᠤᠯᠢ᠎ᠳᠤ ᠡᠩ᠎ᠦᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠲᠤᠰᠬᠠᠢ ᠳᠠᠯᠠᠪᠤᠷ ᠭᠠᠷᠭᠠᠵᠤ᠂ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠤᠰᠬᠠᠢ ᠲᠠᠯᠠᠪᠤᠷ ᠭᠠᠷᠭᠠᠵᠤ᠂ 《ᠥᠪᠥᠷ ᠮᠣᠩᠭᠣᠯ᠎ᠤᠨ ᠣᠶᠤᠲᠠᠳ᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠠᠪᠴᠠᠩ》 ᠳ᠋ᠤ ᠰᠦᠯᠵᠢᠶᠡᠨ᠎ᠤ ᠬᠤᠪᠢᠶᠠᠷᠢ ᠳᠠᠯᠠᠪᠤᠷ ᠭᠠᠷᠭᠠᠨ ᠰᠢᠭᠤᠳ ᠨᠡᠪᠲᠡᠷᠡᠭᠦᠯᠭᠡ ᠬᠢᠪᠡ᠃ ᠪᠠᠷᠠᠭᠤᠨ ᠡᠮᠦᠨᠡᠲᠦ᠎ᠶᠢᠨ ᠴᠢᠯᠠᠭᠤᠨ ᠲᠣᠰᠣᠨ᠎ᠤ ᠶᠡᠬᠡ ᠰᠤᠷᠭᠠᠭᠤᠯᠢ᠎ᠶᠢᠨ ᠠᠵᠢᠯ ᠮᠡᠷᠭᠡᠵᠢᠯ᠎ᠦᠨ ᠬᠥᠭᠵᠢᠯᠲᠡ᠎ᠶᠢᠨ ᠵᠢᠯᠤᠭᠣᠳᠬᠤ ᠲᠥᠪ᠎ᠦᠨ ᠡᠷᠬᠢᠯᠡᠭᠴᠢ ᠵᠠᠩ ᠢ ᠴᠢᠶᠠᠨ ᠤᠷᠢᠯᠭ᠎ᠠ ᠪᠡᠷ ᠲᠠᠢᠯᠤᠮᠵᠢ ᠬᠢᠪᠡ᠃ᠵᠠᠩ ᠢ ᠴᠢᠶᠠᠨ᠂ ᠰᠢᠨ᠎ᠡ ᠤᠶᠤᠳᠠᠳ ᠳᠡᠯᠡᠬᠡᠢ ᠳ᠋ᠠᠬᠢᠨ ᠲᠠᠢ ᠰᠠᠨᠠᠭᠠᠴᠢᠯᠠᠭ᠎ᠠ ᠲᠠᠢ ᠪᠡᠷ ᠰᠤᠯᠢᠯᠴᠠᠭ᠎ᠠ ᠬᠢᠬᠦ ᠳᠤᠮᠳᠠ ᠪᠡᠶ᠎ᠡ᠎ᠪᠡᠨ ᠳᠠᠭᠠᠭᠠᠨ ᠦᠰᠦᠨ ᠪᠣᠢᠵᠢᠵᠤ᠂ ᠡᠳᠦᠷ ᠲᠤᠳᠤᠮ᠎ᠤᠨ ᠦᠢᠯᠡ ᠠᠵᠢᠯᠯᠠᠭ᠎ᠠ᠎ᠪᠠᠨ ᠦᠢᠯᠡᠳᠦᠯᠭᠡ ᠵᠢᠨ ᠬᠤᠷᠠᠮᠳᠤᠭᠤᠯᠤᠯ ᠪᠤᠯᠭᠠᠵᠤ᠂ ᠤᠯᠤᠰ᠎ᠤᠨ ᠬᠥᠭᠵᠢᠯᠲᠡ᠎ᠳᠦ ᠦᠢᠯᠡᠴᠢᠯᠡᠬᠦ ᠦᠢᠯᠡᠳᠦᠯᠭᠡ ᠳᠤᠮᠳᠠ ᠬᠤᠪᠢ ᠬᠥᠮᠥᠨ᠎ᠦ ᠦᠷᠳᠡᠭ᠎ᠢᠶᠡᠨ ᠪᠡᠶᠡᠯᠡᠭᠦᠯᠬᠦ᠎ᠶᠢ ᠲᠠᠢᠴᠢᠯᠠᠪᠠ᠃
《 ᠲᠠᠢᠯᠤᠮᠵᠢ᠎ᠵᠢ ᠰᠤᠨᠤᠰᠤᠭᠠᠳ ᠶᠡᠬᠡ ᠰᠤᠷᠭᠠᠭᠤᠯᠢ᠎ᠶᠢᠨ ᠨᠢᠭᠡᠳᠦᠭᠡᠷ ᠣᠨ᠎ᠠᠴᠠ ᠡᠬᠢᠯᠡᠨ ᠬᠠᠷᠠᠯᠳᠠ ᠪᠠᠨ ᠲᠣᠭᠲᠠᠭᠠᠪᠠᠯ ᠰᠠᠶᠢ ᠲᠦᠷᠪᠡᠨ ᠵᠢᠯ᠎ᠦᠨ ᠰᠤᠷᠤᠯᠴᠠᠯᠭ᠎ᠠ ᠳ᠋ᠠᠭᠠᠨ ᠲᠣᠭᠣᠷᠢᠭᠤ ᠵᠠᠮᠶᠠᠪᠤᠬᠤ ᠦᠬᠡᠢ ᠭᠡᠳᠡᠭ᠎ᠢ ᠣᠢᠯᠠᠭᠠᠪᠠ》 ᠬᠡᠵᠦ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ 2026 ᠤᠨ᠎ᠤ ᠠᠵᠤ ᠠᠬᠤᠢ᠎ᠶᠢᠨ ᠤᠬᠠᠭᠠᠨ᠎ᠤ ᠲᠤᠰᠬᠠᠢ ᠮᠡᠷᠭᠡᠵᠢᠯ᠎ᠦᠨ ᠰᠤᠷᠤᠭ᠍ᠴᠢ ᠲᠦᠷᠦᠭᠳᠡᠯ ᠵᠢᠡᠨ ᠬᠤᠪᠢᠶᠠᠯᠴᠠᠪᠠ᠃
ᠣᠢᠷ᠎ᠠ᠎ᠶᠢᠨ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ 《 ᠶᠡᠬᠡ ᠳᠡᠭᠡᠳᠦ ᠰᠤᠷᠭᠠᠭᠤᠯᠢ᠎ᠶᠢᠨ ᠰᠤᠷᠤᠭ᠍ᠴᠢᠳ᠎ᠤᠨ ᠠᠵᠢᠯ ᠣᠯᠵᠤ ᠦᠢᠯᠡᠰ ᠪᠤᠰᠬᠠᠬᠤ ᠬᠡᠪ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ》 ᠢ᠋ ᠲᠠᠰᠤᠷᠠᠯᠲᠠ ᠦᠭᠡᠢ ᠭᠦᠨᠵᠡᠭᠡᠢᠷᠡᠭᠦᠯᠦᠨ ᠠᠬᠢᠭᠤᠯᠵᠤ᠂ 《 ᠣᠶᠤᠲᠠᠨ ᠠᠮᠢᠳᠤᠷᠠᠯ᠎ᠤᠨ ᠠᠩᠬᠠᠨ᠎ᠤ ᠬᠢᠴᠢᠶᠡᠯ 》 ᠢ᠋ 7 ᠵᠢᠯ ᠳᠠᠷᠠᠭᠠᠯᠠᠨ ᠡᠷᠬᠢᠯᠡᠵᠦ᠂ ᠠᠵᠢᠯ ᠣᠯᠭᠣᠯᠲᠠ᠎ᠪᠠᠷ ᠬᠥᠮᠥᠨ ᠢ᠋ ᠬᠥᠮᠥᠵᠢᠭᠦᠯᠬᠦ ᠲᠥᠷᠥᠯ ᠲᠡᠮᠳᠡᠭ ᠪᠤᠯᠭᠠᠵᠤ᠂ ᠣᠲᠣ᠌ ᠪᠣᠯᠲᠠᠯ᠎ᠠ ᠨᠡᠶ᠋ᠢᠲᠡ 22 ᠲᠠᠯᠠᠪᠠᠢ ᠠᠵᠢᠯᠯᠠᠭ᠎ᠠ ᠥᠷᠨᠢᠭᠦᠯᠵᠦ᠂ ᠪᠥᠬᠥ ᠣᠷᠣᠨ᠎ᠤ 100 ᠭᠠᠷᠤᠢ ᠲᠦᠮᠡᠡ ᠶᠡᠬᠡ ᠳᠡᠭᠡᠳᠦ ᠰᠤᠷᠭᠠᠭᠤᠯᠢ᠎ᠶᠢᠨ ᠰᠢᠨ᠎ᠡ ᠤᠶᠤᠳᠠᠨ᠎ᠢ ᠬᠠᠮᠤᠷᠤᠨ᠂ 《ᠰᠤᠷᠭᠠᠨ ᠬᠥᠮᠦᠵᠢᠯ᠎ᠦᠨ ᠲᠢᠩᠬᠢᠮ ᠨᠢᠭᠡᠳᠦᠯᠲᠡᠢ ᠲᠥᠯᠥᠪᠵᠢᠭᠦᠯᠦᠨ ᠬᠥᠲᠥᠯᠥᠨ ᠳᠠᠭᠠᠭᠤᠯᠬᠤ᠂ ᠶᠡᠬᠡ ᠳᠡᠭᠡᠳᠦ ᠰᠤᠷᠭᠠᠭᠤᠯᠢ ᠬᠠᠮᠵᠢᠯᠴᠠᠨ ᠬᠥᠳᠡᠯᠦᠯᠴᠡᠬᠦ᠂ ᠲᠣᠭᠠᠴᠢᠯᠠᠭᠰᠠᠨ ᠲᠠᠪᠴᠠᠩ᠎ᠢᠶᠠᠷ ᠪᠥᠬᠥ ᠬᠦᠷᠢᠶ᠎ᠡ ᠴᠠᠷᠠᠭ᠎ᠠ᠎ᠵᠢ ᠲᠤᠯᠭᠠᠭᠤᠷᠢᠯᠠᠭᠤᠯᠬᠤ》ᠭᠤᠷᠪᠠ᠎ᠶᠢ ᠨᠢᠭᠡ ᠴᠣᠭᠴᠠᠵᠢᠭᠤᠯᠤᠭᠰᠠᠨ ᠤᠶᠤᠳᠠᠨ ᠠᠮᠢᠳᠤᠷᠠᠯ᠎ᠤᠨ ᠰᠤᠷᠭᠠᠨ ᠬᠥᠮᠦᠵᠢᠯ᠎ᠦᠨ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠠᠢᠭᠤᠯᠵᠤ᠂ ᠶᠡᠬᠡ ᠳᠡᠭᠡᠳᠦ ᠰᠤᠷᠭᠠᠭᠤᠯᠢ᠎ᠶᠢᠨ ᠰᠢᠨ᠎ᠡ ᠤᠶᠤᠳᠠᠳ᠎ᠤᠨ ᠰᠤᠷᠤᠯᠭ᠎ᠠ ᠪᠠ ᠠᠵᠢᠯ ᠮᠡᠷᠭᠡᠵᠢᠯ᠎ᠦᠨ ᠬᠥᠭᠵᠢᠯᠲᠡ᠎ᠶᠢᠨ ᠠᠩᠬᠠᠨ᠎ᠤ ᠬᠦᠮᠦᠵᠢᠯ᠎ᠢ ᠰᠠᠢᠳᠤᠷ ᠬᠢᠭᠰᠡᠭᠡᠷ ᠢᠷᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃