ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-09-21 10:22:41

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

9 ᠰᠠᠷ᠎ᠠ᠎ᠶᠢᠨ 19᠎ᠤ᠋ ᠡᠳᠦᠷ᠂ 《ᠬᠠᠮᠵᠢᠯᠴᠠᠨ ᠬᠦᠴᠦ᠎ᠪᠡᠨ ᠬᠠᠮᠲᠤᠳᠬᠠᠨ ᠬᠥᠭᠵᠢᠯᠲᠡ᠎ᠶᠢ ᠠᠬᠢᠭᠤᠯᠵᠤ᠂ ᠠᠵᠢᠯᠴᠢᠨ᠎ᠤ ᠡᠪᠯᠡᠯ ᠰᠤᠷᠭᠠᠭᠤᠯᠢ ᠢ᠋ᠢᠨ ᠬᠦᠷᠢᠶ᠎ᠡ ᠵᠢ ᠲᠤᠯᠠᠭᠠᠴᠠᠭᠤᠯᠵᠦ ᠠᠵᠢᠯ ᠤᠯᠭᠤᠯᠲᠠ ᠵᠢ ᠲᠡᠮᠵᠢᠬᠦ》 ᠪᠡᠷ ᠭᠣᠣᠯ ᠰᠡᠳᠦᠪ ᠪᠣᠯᠭᠠᠭᠰᠠᠨ 2026 ᠣᠨ᠎ᠤ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠠᠵᠢᠯᠴᠢᠨ᠎ᠤ ᠡᠪᠯᠡᠯ᠎ᠦᠨ ᠬᠠᠮᠵᠢᠯᠴᠠᠨ ᠠᠵᠢᠯ ᠣᠯᠭᠣᠬᠤ ᠰᠤᠷᠭᠠᠭᠤᠯᠢ᠎ᠶᠢᠨ ᠬᠦᠷᠢᠶᠡᠨ᠎ᠦ ᠲᠤᠰᠬᠠᠢ ᠤᠷᠢᠨ ᠡᠯᠰᠡᠬᠦ ᠠᠵᠢᠯᠯᠠᠭ᠎ᠠ ᠬᠥᠬᠡᠬᠣᠲᠠ᠂ ᠪᠤᠭᠤᠲᠤ ᠬᠣᠶᠠᠷ ᠭᠠᠵᠠᠷ᠎ᠲᠤ ᠡᠬᠢᠯᠡᠪᠡ᠃

ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ ᠳᠥᠷᠪᠡᠨ ᠭᠠᠵᠠᠷ᠎ᠤᠨ 729 ᠠᠵᠤ ᠠᠬᠤᠢᠯᠠᠯ ᠰᠦᠯᠵᠢᠶᠡᠨ ᠳᠡᠭᠡᠷ᠎ᠡ ᠪᠠ ᠲᠤᠬᠠᠢ ᠢ᠋ᠢᠨ ᠲᠠᠯᠠᠪᠠᠢ᠎ᠳᠤ 1.94 ᠲᠦᠮᠡᠨ ᠠᠵᠢᠯ᠎ᠤᠨ ᠪᠠᠢᠷᠢ ᠬᠠᠩᠭᠠᠵᠤ᠂ 1.69 ᠲᠦᠮᠡᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭ᠍ᠴᠢ ᠵᠢᠴᠢ ᠠᠵᠢᠯ ᠡᠷᠢᠭᠰᠡᠳ ᠤᠷᠤᠯᠴᠠᠵᠦ᠂ ᠲᠤᠬᠠᠢ᠎ᠶᠢᠨ ᠲᠠᠯᠠᠪᠠᠢ ᠳ᠋ᠤ 1.38 ᠲᠦᠮᠡᠨ ᠬᠤᠪᠢ ᠲᠣᠪᠴᠢ ᠨᠠᠮᠲᠠᠷ ᠲᠤᠰᠢᠶᠠᠪᠠ᠃ ᠰᠦᠯᠵᠢᠶᠡᠨ ᠳᠡᠭᠡᠷᠡᠬᠢ ᠤᠷᠢᠨ ᠡᠯᠰᠡᠬᠦ ᠠᠵᠢᠯᠯᠠᠭ᠎ᠠ ᠨᠢ 10 ᠰᠠᠷ᠎ᠠ ᠶ᠋ᠢᠨ 19 ᠤ᠋ ᠡᠳᠦᠷ ᠪᠣᠯᠲᠠᠯ᠎ᠠ ᠶᠠᠪᠤᠬᠳᠠᠨ᠎ᠠ᠃

ᠲᠤᠬᠠᠢ ᠢ᠋ᠢᠨ ᠲᠠᠯᠠᠪᠠᠢ ᠢ᠋ᠢᠨ ᠠᠵᠢᠯᠯᠠᠭ᠎ᠠ ᠨᠢ ᠣᠷᠣᠨ ᠪᠦᠰᠡ᠎ᠶᠢᠨ ᠪᠡᠬᠢᠯᠡᠯᠲᠡ᠎ᠶᠢ ᠡᠪᠳᠡᠵᠦ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠦᠢᠯᠡᠰ ᠪᠤᠰᠬᠠᠬᠤ ᠳᠡᠭᠡᠳᠦ ᠰᠤᠷᠭᠠᠭᠤᠯᠢ (ᠬᠥᠬᠡᠬᠣᠲᠠ᠎ᠶᠢᠨ ᠬᠤᠷᠠᠯ ᠎ᠤᠨ ᠲᠠᠯᠠᠪᠠᠶ)᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠶᠡᠬᠡ ᠰᠤᠷᠭᠠᠭᠤᠯᠢ (ᠪᠤᠭᠤᠲᠤ᠎ᠶᠢᠨ ᠬᠤᠷᠠᠯ᠎ᠤᠨ ᠲᠠᠯᠠᠪᠠᠶ) ᠳ᠋ᠤ ᠵᠡᠷᠭᠡ ᠪᠡᠷ ᠶᠠᠪᠤᠬᠲᠠᠵᠦ᠂ ᠤᠷᠢᠨ ᠡᠯᠰᠡᠬᠦ ᠠᠵᠢᠯ᠎ᠤᠨ ᠪᠠᠢᠷᠢ᠎ᠳᠤ ᠲᠣᠨᠣᠭᠯᠠᠯ ᠦᠢᠯᠡᠳᠬᠦ᠂ ᠮᠡᠳᠡᠭᠡ ᠵᠠᠩᠭᠢ᠎ᠶᠢᠨ ᠮᠡᠷᠭᠡᠵᠢᠯ᠂ ᠣᠲᠣ᠌ ᠦᠶ᠎ᠡ᠎ᠶᠢᠨ ᠦᠢᠯᠡᠴᠢᠯᠡᠭᠡ᠂ ᠡᠨᠧᠷᠭᠢ ᠬᠢᠮᠢ᠎ᠶᠢᠨ ᠠᠵᠤ ᠦᠢᠯᠡᠳᠪᠦᠷᠢ᠂ ᠪᠣᠬᠢᠷᠲᠤᠯ ᠦᠭᠡᠢ ᠲᠠᠷᠢᠶᠠᠯᠠᠩ ᠮᠠᠯ ᠠᠵᠦ ᠠᠬᠤᠢ᠂ ᠴᠢᠯᠦᠭᠡᠲᠦ ᠠᠷᠠᠯᠵᠢᠶ᠎ᠠ ᠭᠠᠳᠠᠭᠠᠳᠤ ᠠᠷᠠᠯᠵᠢᠶ᠎ᠠ ᠵᠡᠷᠭᠡ ᠭᠣᠣᠯᠳᠠᠯᠭ᠎ᠠ᠎ᠲᠠᠢ ᠠᠵᠤ ᠦᠢᠯᠡᠰ᠎ᠢ ᠬᠠᠮᠤᠷᠴᠤ᠂ ᠠᠳᠠᠯᠢ ᠪᠤᠰᠤ ᠲᠤᠰᠬᠠᠢ ᠮᠡᠷᠭᠡᠵᠢᠯ᠎ᠦᠨ ᠲᠡᠭᠦᠰᠬᠦ ᠰᠤᠷᠤᠭ᠍ᠴᠢᠳ᠎ᠤᠨ ᠠᠵᠢᠯ ᠡᠷᠢᠬᠦ ᠬᠡᠷᠡᠭᠴᠡᠭᠡ᠎ᠶᠢ ᠭᠦᠢᠴᠡᠳ ᠬᠠᠩᠭᠠᠪᠠ᠃ ᠲᠤᠬᠠᠢ᠎ᠶᠢᠨ ᠲᠠᠯᠠᠪᠠᠢ ᠳ᠋ᠤ 《ᠠᠵᠢᠯᠴᠢᠨ᠎ᠤ ᠡᠪᠯᠡᠯ᠎ᠦᠨ ᠲᠣᠭᠠᠴᠢᠯᠠᠬᠰᠠᠨ ᠤᠶᠤᠨᠲᠦ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠥᠷᠲᠡᠭᠡ》 ᠭᠠᠷᠭᠠᠵᠤ᠂ AI ᠲᠣᠪᠴᠢ ᠨᠠᠮᠲᠠᠷ᠎ᠤᠨ ᠦᠢᠯᠡᠳᠬᠡᠯ᠎ᠦᠨ ᠭᠠᠵᠠᠷ᠂ AI ᠬᠥᠮᠥᠨ ᠠᠵᠢᠯ᠎ᠤᠨ ᠪᠠᠢᠷᠢ᠎ᠶᠢᠨ ᠣᠶᠤᠨᠴᠢ ᠰᠣᠩᠭᠣᠯᠲᠠ᠂ AI ᠬᠠᠮᠢᠶᠠᠷᠤᠭ᠍ᠴᠢ᠎ᠶᠢᠨ ᠦᠢᠯᠡᠴᠢᠯᠡᠭᠡ᠂ ᠭᠡᠷ᠎ᠦᠨ ᠡᠭᠦᠳᠡᠨ᠎ᠳᠡᠬᠢ ᠠᠵᠢᠯ ᠣᠯᠭᠣᠯᠲᠠ᠎ᠶᠢᠨ ᠭᠠᠵᠠᠷ᠎ᠤᠨ ᠵᠢᠷᠤᠭ᠂ ᠡᠭᠦᠯᠡᠨ ᠤᠷᠢᠯᠲᠠ᠎ᠶᠢᠨ ᠣᠶᠤᠨ᠎ᠤ ᠲᠣᠬᠢᠷᠠᠭᠤᠯᠤᠯᠲᠠ᠎ᠶᠢᠨ ᠮᠠᠰᠢᠨ ᠵᠡᠷᠭᠡ ᠣᠯᠠᠨ ᠵᠦᠢᠯ᠎ᠦᠨ ᠠᠵᠢᠯ ᠣᠯᠭᠣᠯᠲᠠ᠎ᠶᠢᠨ ᠤᠶᠤᠨᠴᠢ ᠪᠠᠭᠠᠵᠢ᠎ᠶᠢ ᠲᠣᠬᠢᠷᠠᠭᠤᠯᠵᠤ᠂ ᠠᠵᠢᠯ ᠡᠷᠢᠭᠰᠡᠳ᠎ᠲᠦ ᠣᠶᠤᠨᠴᠢᠯᠠᠬᠰᠠᠨ ᠳᠥᠭᠥᠮ ᠳᠥᠲᠡ ᠦᠢᠯᠡᠴᠢᠯᠡᠭᠡ ᠬᠠᠩᠭᠠᠪᠠ; ᠪᠠᠰᠠ 4 ᠥᠪᠡᠷᠮᠢᠴᠡ ᠣᠨᠴᠠᠯᠢᠭᠳᠤ ᠭᠣᠣᠯ ᠰᠡᠳᠦᠪᠲᠦ ᠠᠵᠢᠯ ᠣᠯᠭᠣᠯᠲᠠ᠎ᠶᠢᠨ ᠰᠢᠭᠤᠳ ᠨᠡᠪᠲᠡᠷᠡᠭᠦᠯᠭᠡ᠎ᠶᠢᠨ ᠲᠠᠰᠤᠭ᠎ᠢ ᠪᠠᠢᠭᠤᠯᠵᠤ᠂ ᠠᠵᠢᠯᠴᠢᠨ᠎ᠤ ᠡᠪᠯᠡᠯ᠎ᠦᠨ ᠠᠵᠢᠯᠲᠠᠨ᠂ ᠠᠵᠤ ᠠᠬᠤᠢᠯᠠᠯ᠎ᠤᠨ HR ᠠᠵᠢᠯ᠎ᠤᠨ ᠪᠠᠢᠷᠢ᠎ᠶᠢᠨ ᠲᠠᠨᠢᠯᠴᠠᠭᠤᠯᠤᠭ᠍ᠴᠢ ᠪᠤᠯᠵᠦ᠂ ᠰᠦᠯᠵᠢᠶᠡᠨ ᠳᠡᠭᠡᠷ᠎ᠡ ᠮᠠᠳᠠᠭ᠎ᠲᠠᠢ ᠠᠰᠠᠭᠤᠳᠠᠯ᠎ᠢ ᠲᠠᠢᠯᠪᠤᠷᠢᠯᠠᠨ ᠠᠵᠢᠯ᠎ᠤᠨ ᠪᠠᠢᠷᠢ᠎ᠶᠢ ᠲᠠᠨᠢᠯᠴᠠᠭᠤᠯᠵᠤ᠂ ᠠᠵᠢᠯ᠎ᠤᠨ ᠪᠠᠢᠷᠢ ᠵᠢ ᠪᠦᠲᠦᠮᠵᠢᠲᠡᠶ ᠥᠷᠭᠡᠳᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面