ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-09-21 11:27:13

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠬᠥᠨᠳᠡᠯᠡᠨ ᠭᠤᠯᠳᠤ ᠰᠦᠯᠵᠢᠯᠳᠦᠭᠰᠡᠨ ᠭᠠᠵᠠᠷ ᠳᠣᠣᠷᠠᠬᠢ ᠤᠰᠤ ᠬᠠᠩᠭᠠᠬᠤ ᠬᠣᠭᠣᠯᠠᠢ᠎ᠶᠢᠨ ᠲᠣᠣᠷ ᠨᠢ ᠲᠦᠭ ᠲᠦᠮᠡᠨ ᠠᠢᠯ ᠡᠷᠤᠭᠡ᠎ᠶᠢᠨ ᠬᠡᠪ ᠎ᠦᠨ ᠠᠮᠢᠳᠤᠷᠠᠯ᠎ᠢ ᠪᠠᠳᠤᠯᠠᠵᠤ ᠪᠠᠢᠳᠠᠭ᠃ ᠭᠡᠪᠡᠴᠦ᠂ ᠭᠠᠵᠠᠷ ᠳᠤᠤᠷᠠᠬᠢ ᠤᠰᠤ ᠬᠠᠩᠭᠠᠬᠤ ᠬᠣᠭᠣᠯᠠᠢ᠎ᠶᠢᠨ ᠨᠡᠪᠴᠢᠵᠦ ᠭᠣᠭᠣᠵᠢᠬᠤ᠂ ᠡᠪᠳᠡᠷᠡᠵᠦ ᠬᠠᠭᠠᠷᠠᠭᠰᠠᠨ ᠢ᠋ ᠰᠡᠷᠡᠵᠦ ᠮᠡᠳᠡᠬᠦ᠎ᠳᠦ ᠶᠡᠬᠡ ᠪᠡᠷᠬᠡ ᠪᠠᠢᠳᠠᠭ᠃ ᠬᠤᠭᠤᠯᠠᠢ ᠵᠢᠨ ᠱᠤᠭᠤᠮ ᠳᠠᠭᠠᠤ ᠬᠡᠰᠡᠭ ᠬᠡᠰᠡᠭ᠎ᠢᠶᠡᠷ ᠮᠠᠯᠳᠠᠵᠤ ᠨᠡᠭᠡᠭᠡᠨ ᠵᠢᠭ᠍ᠰᠠᠭᠠᠨ ᠪᠠᠢᠴᠠᠭᠠᠬᠤ ᠤᠯᠠᠮᠵᠢᠯᠠᠯᠳᠤ ᠠᠷᠭ᠎ᠠ ᠮᠠᠶᠢᠭ᠋ ᠨᠢ ᠴᠠᠭ ᠪᠠ ᠬᠦᠳᠡᠯᠮᠦᠷᠢ ᠬᠦᠴᠦ ᠵᠠᠷᠤᠴᠠᠭᠤᠯᠬᠤ᠎ᠪᠠᠷ ᠪᠠᠷᠠᠬᠤ ᠦᠭᠡᠢ᠂ ᠵᠠᠮ᠎ᠤᠨ ᠭᠠᠳᠠᠷᠭᠤ᠎ᠶᠢ ᠳᠠᠬᠢᠨ ᠳᠠᠪᠲᠠᠨ ᠡᠪᠳᠡᠳᠡᠭ ᠵᠢᠡᠷ ᠡᠬᠢ ᠪᠠᠶᠠᠯᠢᠭ᠋᠎ᠢ ᠶᠡᠬᠡ ᠪᠦᠷᠢᠯᠭᠡᠨ ᠰᠦᠢᠳᠬᠡᠳᠡᠭ ᠪᠠᠢᠵᠠᠢ᠃ ᠡᠨᠡ ᠬᠦ᠌ ᠪᠠᠢᠳᠠᠯ ᠳ᠋ᠤ ᠴᠢᠭᠯᠡᠬᠦᠯᠦᠨ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠺᠣᠮᠫᠢᠦ᠋ᠲᠧᠷ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠭᠦᠸᠧ ᠭᠠᠢ ᡁᠢ ᠫᠷᠤᠹᠧᠰᠰᠤᠷ᠎ᠤᠨ ᠪᠦᠯᠬᠦᠮ᠎ᠦᠨ ᠬᠢᠨ《AI + ᠪᠠᠷᠠᠭᠠᠨ᠎ᠤ ᠰᠦᠯᠵᠢᠶ᠎ᠡ》 ᠵᠢᠨ ᠮᠡᠷᠭᠡᠵᠢᠯ᠎ᠢᠶᠡᠷ ᠡᠨᠡ ᠬᠦ᠌ ᠬᠦᠴᠢᠷ ᠠᠰᠠᠭᠤᠳᠠᠯ᠎ᠢ ᠰᠢᠢᠳᠪᠦᠷᠢᠯᠡᠪᠡ᠃

《ᠮᠠᠨ᠎ᠤ ᠰᠤᠳᠤᠯᠤᠨ ᠨᠡᠭᠡᠭᠡᠭᠰᠡᠨ ᠳᠠᠮᠵᠢᠭᠤᠯᠬᠤ ᠬᠣᠭᠣᠯᠠᠢ ᠶ᠋ᠢᠨ ᠤᠰᠤ ᠭᠣᠭᠣᠵᠢᠬᠤ ᠶ᠋ᠢ ᠪᠠᠢᠴᠠᠭᠠᠨ ᠬᠡᠮᠵᠢᠬᠦ ᠪᠠ ᠭᠤᠭᠤᠵᠢᠵᠤ ᠪᠠᠢᠭ᠎ᠠ ᠣᠷᠣᠨ ᠪᠠᠢᠷᠢ ᠶ᠋ᠢ ᠲᠣᠭᠲᠠᠭᠠᠬᠤ ᠰᠢᠰᠲᠧᠮ ᠢ᠋ ᠳᠠᠮᠵᠢᠭᠤᠯᠬᠤ ᠬᠣᠭᠣᠯᠠᠢ ᠶ᠋ᠢᠨ ᠳᠠᠭᠠᠤ ᠳᠤᠭ᠎ᠠ ᠪᠠᠷᠢᠮᠳᠠ ᠳᠤᠬᠢᠶ᠎ᠠ ᠴᠤᠭᠯᠠᠭᠤᠯᠬᠤ ᠵᠠᠩᠬᠢᠯᠠᠭ᠎ᠠ ᠵᠢᠨ ᠴᠡᠭ ᠲᠤ᠌ ᠪᠠᠢᠷᠢᠰᠢᠭᠤᠯᠵᠤ᠂ ᠭᠠᠷ ᠤᠲᠠᠰᠤ ᠪᠡᠷ ᠵᠢᠡᠨ ᠰᠢᠰᠲᠧᠮ ᠵᠢᠡᠨ ᠠᠵᠢᠯᠯᠠᠭᠤᠯᠪᠠᠯ ᠭᠤᠭᠤᠵᠢᠵᠤ ᠪᠠᠢᠭ᠎ᠠ ᠪᠠᠢᠷᠢ ᠴᠡᠭ᠎ᠢ᠋ ᠭᠠᠷ ᠤᠳᠠᠰᠤ ᠵᠢᠨ ᠳᠡᠯᠬᠡᠴᠡ ᠳᠡᠬᠡᠷ᠎ᠡ ᠡᠴᠡ ᠤᠨᠤᠪᠴᠢᠳᠠᠢ ᠰᠠᠢᠬᠠᠨ ᠳᠤᠭᠳᠠᠭᠠᠵᠤ᠂ ᠵᠠᠪᠳᠤᠨ ᠵᠠᠰᠠᠵᠤ ᠰᠡᠯᠪᠢᠬᠦ ᠴᠠᠭ ᠢ᠋ ᠶᠡᠬᠡ᠎ᠪᠡᠷ ᠪᠣᠭᠣᠨᠢᠰᠬᠠᠵᠤ ᠴᠢᠳᠠᠳᠠᠭ》 ᠭᠡᠵᠦ ᠭᠦᠸᠧ ᠭᠠᠢ ᡁᠢ ᠳᠠᠨᠢᠯᠴᠠᠭᠤᠯᠤᠯ᠎ᠠ᠃

ᠳᠠᠮᠵᠢᠭᠤᠯᠬᠤ ᠬᠣᠭᠣᠯᠠᠢ᠎ᠶᠢᠨ ᠭᠣᠭᠣᠵᠢᠬᠤ ᠵᠢ ᠪᠠᠢᠴᠠᠭᠠᠨ ᠬᠡᠮᠵᠢᠬᠦ ᠨᠢ ᠦᠨᠡᠨᠳᠡᠬᠡᠨ ᠨᠠᠷᠢᠨ ᠪᠤᠳᠤᠯᠢᠶᠠᠨᠲᠠᠢ ᠳᠠᠭᠤ ᠱᠤᠤᠭᠢᠶᠠᠨ᠎ᠤ ᠳᠤᠮᠳᠠ ᠤᠰᠤ ᠪᠠᠭ᠎ᠠ ᠭᠣᠭᠣᠵᠢᠵᠤ ᠪᠠᠢᠭ᠎ᠠ ᠪᠠᠢᠳᠠᠯ᠎ᠢ ᠣᠨᠣᠪᠴᠢᠲᠠᠶ ᠢᠯᠭᠠᠨ ᠲᠠᠨᠢᠬᠤ ᠶᠠᠪᠤᠳᠠᠯ ᠪᠣᠯᠣᠨ᠎ᠠ᠃ ᠠᠯᠢ ᠡᠷᠲᠡ 2010 ᠣᠨ᠎ᠳᠤ᠂ ᠭᠦᠸᠧ ᠭᠠᠢ ᡁᠢ᠎ᠶ᠋ᠢᠨ ᠪᠦᠯᠬᠦᠮ᠎ᠦᠨ ᠬᠢᠨ ᠲᠤᠰ ᠴᠢᠭᠯᠡᠯ ᠎ᠦᠨ ᠰᠤᠳᠤᠯᠭᠠᠨ᠎ᠢ ᠡᠬᠢᠯᠡᠭᠦᠯᠵᠡᠢ᠃ ᠪᠠᠭ᠎ᠠ ᠰᠠᠭ᠎ᠠ ᠨᠡᠪᠴᠢᠵᠦ ᠭᠣᠭᠣᠵᠢᠬᠤ ᠳᠣᠬᠢᠶ᠎ᠠ ᠨᠢ ᠬᠡᠪ ᠎ᠦᠨ ᠠᠵᠢᠯᠯᠠᠭᠠᠨ᠎ᠤ ᠪᠠᠢᠳᠠᠯ᠎ᠲᠠᠢ ᠲᠤᠢᠯ᠎ᠤᠨ ᠠᠳᠠᠯᠢᠪᠲᠤᠷ ᠲᠤᠯᠠ ᠬᠥᠮᠥᠨ᠎ᠦ ᠬᠦᠴᠦ᠎ᠪᠡᠷ ᠲᠣᠭᠣᠷᠢᠨ ᠪᠠᠢᠴᠠᠭᠠᠬᠤ᠎ᠳᠤ ᠰᠡᠷᠡᠵᠦ ᠮᠡᠳᠡᠬᠦ ᠳ᠋ᠤ ᠶᠡᠬᠡ ᠬᠦᠴᠢᠷ ᠪᠠᠢᠳᠠᠭ᠃ ᠲᠤᠰ ᠪᠦᠯᠬᠦᠮ᠎ᠤᠨ ᠬᠢᠨ 2020 ᠣᠨ᠎ᠤ ᠦᠶ᠎ᠠ ᠪᠡᠷ ᠠᠪᠴᠢᠭᠠᠮᠠᠯ ᠰᠡᠷᠡᠯ ᠳᠠᠮᠵᠢᠭᠤᠯᠬᠤ ᠮᠡᠳᠡᠭᠡ ᠵᠠᠩᠭᠢ᠎ᠶᠢ ᠰᠢᠢᠳᠪᠦᠷᠢᠯᠡᠬᠦ ᠮᠡᠷᠭᠡᠵᠢᠯ᠎ᠢ ᠣᠷᠣᠭᠤᠯᠤᠨ ᠠᠪᠴᠢᠷᠠᠵᠤ᠂ ᠲᠠᠩ ᠵᠠᠮ ᠱᠤᠭᠤᠮ ᠠ᠋ᠴᠠ ᠣᠯᠠᠨ ᠵᠠᠮ ᠱᠤᠭᠤᠮ᠂ ᠴᠠᠭ᠎ᠤᠨ ᠬᠡᠮᠵᠢᠶ᠎ᠡ ᠠ᠋ᠴᠠ ᠴᠠᠭ ᠪᠠ ᠤᠷᠤᠨ ᠵᠠᠢ ᠵᠢᠨ ᠬᠠᠮᠲᠤᠷᠠᠨ ᠵᠠᠳᠠᠯᠬᠤ ᠮᠡᠷᠭᠡᠵᠢᠯ᠎ᠦᠨ ᠳᠠᠪᠠᠯᠲᠠ᠎ᠶᠢ ᠪᠡᠶᠡᠯᠡᠭᠦᠯᠵᠡᠢ᠃ 《ᠪᠢᠳᠡᠨ᠎ᠦ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ ᠴᠢᠭᠯᠡᠯᠳᠤ ᠰᠡᠷᠡᠯ ᠳᠠᠮᠵᠢᠭᠤᠯᠬᠤ ᠮᠠᠰᠢᠨ ᠨᠢ ᠳᠠᠭᠤᠨ᠎ᠤ ᠢᠷᠡᠯᠲᠡ ᠶ᠋ᠢᠨ ᠴᠢᠭᠯᠡᠯ ᠢ᠋ ᠪᠦᠲᠦᠮᠵᠢᠲᠡᠶ᠎ᠪᠡᠷ ᠢᠯᠭᠠᠨ ᠲᠠᠨᠢᠵᠤ᠂ ᠷᠠᠳᠢᠤ᠋ ᠳᠠᠮᠵᠢᠭᠤᠯᠭ᠎ᠠ ᠶ᠋ᠢᠨ ᠲᠣᠭ᠎ᠠ ᠪᠠᠷᠢᠮᠲᠠ ᠶ᠋ᠢ ᠭᠡᠭᠡᠭᠳᠡᠭᠦᠯᠦᠭᠰᠡᠨ ᠪᠠᠢᠳᠠᠯ ᠳᠣᠣᠷ᠎ᠠ ᠴᠤ᠌ ᠭᠡᠰᠡᠨ ᠭᠣᠭᠣᠵᠢᠭ᠍ᠰᠠᠨ ᠤᠨᠴᠠᠯᠢᠭ᠎ᠢ ᠲᠣᠭᠲᠠᠭᠤᠨ᠎ᠢᠶᠠᠷ ᠪᠠᠢᠴᠠᠭᠠᠨ ᠭᠠᠷᠭᠠᠵᠤ ᠴᠢᠳᠠᠨ᠎ᠠ》ᠭᠡᠵᠦ ᠭᠦᠸᠧ ᠭᠠᠢ ᡁᠢ ᠳᠠᠨᠢᠯᠴᠠᠭᠤᠯᠤᠯ᠎ᠠ᠃

ᠰᠢᠨᠵᠢᠯᠡᠭᠡᠨ᠎ᠦ ᠰᠠᠯᠠᠭ᠎ᠠ ᠠᠯᠤᠰᠯᠠᠭᠰᠠᠨ ᠨᠡᠢᠲᠡᠯᠢᠭ ᠦᠷ᠎ᠡ ᠪᠦᠲᠦᠭᠡᠯ ᠪᠣᠯᠤᠭᠰᠠᠨ᠎ᠤ ᠬᠤᠪᠢ᠎ᠳᠤ᠂ ᠲᠣᠰ ᠲᠥᠷᠥᠯ ᠵᠦᠢᠯ ᠨᠢ 《 ᠰᠡᠷᠡᠬᠦᠢ ︱ ᠳᠠᠮᠵᠢᠭᠤᠯᠭ᠎ᠠ ︱ ᠵᠠᠳᠠᠯᠤᠯᠲᠠ ︱ ᠰᠢᠢᠳᠪᠦᠷᠢᠲᠦ ᠪᠣᠳᠣᠯᠭ᠎ᠠ 》 ᠵᠢᠨ ᠪᠥᠬᠥ ᠬᠡᠯᠬᠢᠶ᠎ᠡ᠎ᠶᠢᠨ ᠲᠣᠭᠣᠷᠢᠨ᠎ᠳᠤ ᠣᠯᠠᠨ ᠵᠦᠢᠯ᠎ᠦᠨ ᠭᠣᠣᠯ ᠪᠣᠭᠣᠮᠢ᠎ᠶᠢᠨ ᠠᠰᠠᠭᠤᠳᠠᠯ᠎ᠢ ᠰᠢᠪᠲᠤᠯᠤᠭᠰᠠᠨ ᠪᠠᠢᠨ᠎ᠠ᠃ ᠤᠯᠠᠮᠵᠢᠯᠠᠯᠲᠤ ᠠᠷᠭ᠎ᠠ᠎ᠶᠢᠨ ᠣᠨᠣᠪᠴᠢ᠎ᠶᠢᠨ ᠬᠡᠮᠵᠢᠶ᠎ᠡ ᠳᠣᠣᠷ᠎ᠠ ᠪᠠᠢᠭ᠎ᠠ ᠪᠠᠢᠳᠠᠯ ᠳ᠋ᠤ ᠴᠢᠭᠯᠡᠬᠦᠯᠦᠨ᠂ ᠪᠦᠯᠬᠦᠮ᠎ᠤᠨ ᠬᠢᠨ ᠣᠶᠤᠨᠴᠢ ᠰᠢᠯᠭᠠᠨ ᠪᠠᠢᠴᠠᠭᠠᠯᠲᠠ᠎ᠶᠢᠨ ᠠᠷᠭ᠎ᠠ᠎ᠲᠠᠢ ᠤᠶᠠᠯᠳᠤᠭᠤᠯᠤᠨ᠂ ᠪᠤᠳᠤᠯᠢᠶᠠᠨᠲᠤ ᠱᠤᠤᠬᠢᠶᠠᠨ ᠳᠠᠢ ᠪᠠᠢᠳᠠᠯ ᠪᠠ ᠪᠠᠭ᠎ᠠ ᠯᠡ ᠨᠡᠪᠴᠢᠨ ᠭᠣᠭᠣᠵᠢᠵᠤ ᠪᠠᠢᠭ᠎ᠠ ᠪᠠᠢᠳᠠᠯ ᠳᠣᠣᠷ᠎ᠠ ᠭᠤᠭᠤᠵᠢᠵᠤ ᠨᠡᠪᠴᠢᠵᠦ ᠪᠠᠢᠭ᠎ᠠ ᠭᠠᠵᠠᠷ᠎ᠢ ᠴᠢᠳᠠᠮᠠᠭᠠᠢ ᠪᠠᠢᠴᠠᠭᠠᠨ ᠭᠠᠷᠭᠠᠵᠤ ᠴᠢᠳᠠᠬᠤ ᠪᠤᠯᠪᠠ᠃

ᠡᠭᠦᠨ᠎ᠡᠴᠡ ᠭᠠᠳᠠᠨ᠎ᠠ᠂ ᠠᠵᠢᠯ ᠲᠥᠷᠥᠯ᠎ᠦᠨ ᠲᠤᠮᠳᠠ ᠤᠰᠤ ᠭᠣᠭᠣᠵᠢᠬᠤ ᠲᠣᠭ᠎ᠠ ᠪᠠᠷᠢᠮᠲᠠ ᠲᠤᠢᠯ᠎ᠢᠶᠠᠷ ᠳᠤᠲᠠᠭᠳᠠᠵᠤ ᠪᠠᠢᠭ᠎ᠠ ᠬᠦᠴᠢᠷᠳᠡᠯ᠎ᠳᠦ ᠴᠢᠭᠯᠡᠭᠦᠯᠦᠨ᠂ ᠪᠦᠯᠬᠦᠮ᠎ᠤᠨ ᠬᠢᠨ 300 ᠲᠦᠮᠡᠨ ᠵᠤᠷᠪᠤᠰ᠂ 7GB ᠵᠢᠨ ᠤᠰᠤ ᠭᠣᠭᠣᠵᠢᠬᠤ ᠳᠣᠬᠢᠶᠠᠨ᠎ᠤ ᠲᠣᠭ᠎ᠠ ᠪᠠᠷᠢᠮᠲᠠ᠎ᠶᠢᠨ ᠴᠤᠭᠯᠠᠷᠠᠯ᠎ᠢ ᠪᠠᠢᠭᠤᠯᠵᠤ᠂ ᠲᠣᠰ ᠬᠦᠷᠢᠶᠡᠨ᠎ᠳᠡᠬᠢ ᠲᠣᠭ᠎ᠠ ᠪᠠᠷᠢᠮᠲᠠ᠎ᠶᠢᠨ ᠡᠬᠢ ᠪᠠᠶᠠᠯᠢᠭ᠋᠎ᠢ ᠨᠥᠬᠥᠪᠦᠷᠢᠯᠡᠪᠡ᠃ ᠷᠠᠳᠢᠣ᠋ ᠰᠡᠷᠡᠯ ᠳᠠᠮᠵᠢᠭᠤᠯᠤᠭ᠍ᠴᠢ᠎ᠶᠢᠨ ᠰᠦᠯᠵᠢᠶᠡᠨ᠎ᠦ ᠵᠠᠩᠭᠢᠯᠠᠭ᠎ᠠ᠎ᠶᠢᠨ ᠴᠡᠭ᠎ᠦᠨ ᠡᠨᠧᠷᠭᠢ ᠬᠢᠵᠠᠭᠠᠷᠯᠠᠭᠳᠠᠵᠤ ᠪᠠᠢᠭ᠎ᠠ᠂ ᠳᠣᠬᠢᠶᠠᠨ᠎ᠤ ᠳᠠᠮᠵᠢᠭᠤᠯᠭ᠎ᠠ ᠠᠮᠠᠷᠬᠠᠨ ᠭᠡᠭᠡᠭᠳᠡᠬᠦ ᠵᠡᠷᠭᠡ ᠬᠦᠴᠢᠷ ᠠᠰᠠᠭᠤᠳᠠᠯ᠎ᠳᠤ ᠴᠢᠭᠯᠡᠭᠦᠯᠦᠨ᠂ ᠪᠦᠯᠬᠦᠮ᠎ᠦᠨ ᠬᠢᠨ ᠨᠢᠭᠡᠨ ᠢᠵᠢ ᠪᠦᠷᠢᠨ ᠪᠦᠲᠦᠨ ᠡᠨᠧᠷᠭᠢ ᠠᠷᠪᠢᠯᠠᠬᠤ ᠰᠦᠯᠵᠢᠶ᠎ᠡ ᠪᠠᠶ᠋ᠢᠭᠤᠯᠬᠤ ᠵᠢᠴᠢ ᠲᠣᠭ᠎ᠠ ᠪᠠᠷᠢᠮᠲᠠ᠎ᠶᠢ ᠳᠠᠮᠵᠢᠭᠤᠯᠬᠤ ᠲᠥᠰᠥᠯ᠎ᠢ ᠳᠤᠷᠠᠳᠤᠨ ᠭᠠᠷᠭᠠᠵᠤ᠂ ᠲᠣᠭ᠎ᠠ ᠪᠠᠷᠢᠮᠲᠠ ᠴᠤᠭᠯᠠᠭᠤᠯᠬᠤ ᠬᠡᠮᠵᠢᠶ᠎ᠡ ᠪᠠ ᠳᠠᠮᠵᠢᠭᠤᠯᠭ᠎ᠠ᠎ᠶᠢᠨ ᠳᠠᠭᠠᠭᠠᠴᠠ᠎ᠶᠢ ᠶᠡᠬᠡ᠎ᠪᠡᠷ ᠪᠠᠭᠤᠷᠠᠭᠤᠯᠵᠤ᠂ ᠰᠦᠯᠵᠢᠶᠡᠨ᠎ᠦ ᠠᠮᠢ ᠨᠠᠰᠤᠨ᠎ᠤ ᠦᠶᠡᠯᠡᠯ᠎ᠦᠨ ᠬᠤᠭᠤᠴᠠᠭ᠎ᠠ᠎ᠶᠢ ᠤᠷᠲᠤᠳᠬᠠᠭᠰᠠᠨ ᠪᠠᠢᠨ᠎ᠠ᠃

ᠣᠳᠣᠬᠠᠨ᠎ᠳᠤ᠂ ᠲᠣᠰ ᠲᠥᠷᠥᠯ ᠵᠦᠢᠯ᠎ᠤᠨ ᠮᠡᠷᠬᠡᠵᠢᠯ ᠎ᠢ ᠬᠥᠬᠡᠬᠣᠲᠠ᠂ ᠪᠤᠭᠤᠲᠤ ᠵᠡᠷᠭᠡ ᠭᠠᠵᠠᠷ ᠲᠸ᠋ ᠳᠡᠯᠭᠡᠷᠡᠭᠦᠯᠦᠨ ᠬᠡᠷᠡᠭᠯᠡᠵᠦ᠂ ᠬᠢᠨᠠᠨ ᠪᠠᠢᠴᠠᠭᠠᠬᠤ ᠬᠦᠷᠢᠶ᠎ᠡ ᠬᠡᠪᠴᠢᠶ᠎ᠡ ᠨᠢ ᠭᠡᠷ᠎ᠦᠨ ᠳᠣᠲᠣᠨ᠎ᠠ ᠭᠠᠳᠠᠨᠠᠬᠢ ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ ᠵᠢᠴᠢ ᠭᠠᠯ ᠰᠡᠷᠬᠡᠢᠯᠡᠵᠦ ᠭᠠᠯ ᠤᠨᠲᠠᠷᠠᠭᠠᠬᠤ ᠬᠣᠭᠣᠯᠠᠢ᠎ᠶᠢ ᠬᠠᠮᠤᠷᠴᠤ᠂ ᠬᠣᠲᠠ᠎ᠶᠢᠨ ᠶᠠᠪᠤᠳᠠᠯ᠎ᠤᠨ ᠤᠰᠤ ᠬᠠᠩᠭᠠᠬᠤ ᠬᠣᠭᠣᠯᠠᠢ ᠎ᠶᠢᠨ ᠲᠣᠣᠷ ᠎ᠤᠨ ᠨᠡᠪᠴᠢᠵᠦ ᠭᠤᠭᠤᠵᠢᠬᠤ ᠬᠣᠬᠢᠷᠠᠯ᠎ᠢ ᠬᠠᠮᠢᠶᠠᠷᠤᠨ ᠡᠵᠡᠮᠳᠡᠬᠦ ᠰᠢᠰᠲᠧᠮ᠎ᠤᠨ ᠪᠦᠲᠦᠭᠡᠨ ᠪᠠᠢᠭᠤᠯᠤᠯᠲᠠ᠎ᠳ᠋ᠤ ᠪᠦᠲᠦᠮᠵᠢᠲᠡᠶ ᠮᠡᠷᠬᠡᠵᠢᠯ᠎ᠤᠨ ᠳᠤᠯᠭᠠᠭᠤᠷᠢᠯᠠᠯ ᠬᠠᠩᠭᠠᠪᠠ᠃

《 ᠳᠠᠮᠵᠢᠭᠤᠯᠬᠤ ᠬᠤᠭᠤᠯᠠᠢ ᠵᠢᠨ ᠨᠡᠪᠴᠢᠵᠦ ᠭᠤᠭᠤᠵᠢᠬᠤ ᠨᠢ ᠴᠡᠩᠭᠡᠭ ᠤᠰᠤᠨ᠎ᠤ ᠡᠬᠢ ᠪᠠᠶᠠᠯᠢᠭ᠋᠎ᠢ ᠶᠡᠬᠡ᠎ᠪᠡᠷ ᠬᠤᠬᠢᠷᠠᠭᠤᠯᠬᠤ᠎ᠪᠠᠷ ᠪᠠᠷᠠᠬᠤ ᠦᠭᠡᠢ᠂ ᠪᠠᠰᠠ ᠭᠠᠳᠠᠨᠠᠬᠢ ᠪᠣᠬᠢᠷ ᠤᠰᠤ ᠭᠡᠳᠡᠷᠭᠦ ᠤᠷᠤᠰᠤᠨ ᠪᠣᠬᠢᠷᠲᠤᠯ ᠡᠭᠦᠰᠬᠡᠵᠦ᠂ ᠣᠯᠠᠨ ᠲᠦᠮᠡᠨ᠎ᠦ ᠤᠤᠭᠤᠬᠤ ᠤᠰᠤᠨ᠎ᠤ ᠠᠮᠤᠷ ᠲᠦᠪᠰᠢᠨ᠎ᠢ ᠰᠦᠷᠳᠡᠭᠦᠯᠵᠦ ᠮᠡᠳᠡᠨ᠎ᠡ᠃ ᠡᠨᠡ ᠬᠦ᠌ ᠰᠢᠰᠲᠧᠮ ᠢ᠋ ᠬᠡᠷᠡᠭᠯᠡᠬᠦ ᠨᠢ ᠤᠰᠤ ᠬᠠᠩᠭᠠᠬᠤ ᠠᠮᠤᠷ ᠲᠦᠪᠰᠢᠨ᠎ᠢ ᠪᠠᠲᠤᠯᠠᠬᠤ᠂ ᠤᠰᠤᠨ ᠎ᠤ ᠡᠬᠢ ᠪᠠᠶᠠᠯᠢᠭ᠋ ᠎ᠤᠨ ᠬᠣᠬᠢᠷᠠᠯ᠎ᠢ ᠪᠠᠭᠠᠰᠬᠠᠬᠤ᠂ ᠤᠰᠤ ᠬᠠᠩᠭᠠᠬᠤ ᠠᠵᠤ ᠠᠬᠤᠢᠯᠠᠯ᠎ᠤᠨ ᠥᠪᠡᠷ᠎ᠦᠨ ᠦᠷᠳᠡᠭ ᠎ᠢ ᠪᠠᠭᠤᠷᠠᠭᠤᠯᠵᠤ ᠦᠷ᠎ᠡ ᠠᠰᠢᠭ᠋᠎ᠢ ᠨᠡᠮᠡᠭᠳᠡᠭᠦᠯᠬᠦ ᠲᠠᠯ᠎ᠠ᠎ᠪᠠᠷ ᠢᠯᠡᠳᠲᠡ ᠠᠵᠤ ᠠᠬᠤᠢ ᠪᠠ ᠨᠡᠢᠭᠡᠮ᠎ᠦᠨ ᠦᠷ᠎ᠡ ᠠᠰᠢᠭᠲᠠᠢ ᠪᠠᠢᠵᠤ᠂ ᠤᠰᠤᠨ᠎ᠤ ᠡᠬᠢ ᠪᠠᠶᠠᠯᠢᠭ᠋᠎ᠢ ᠦᠷᠭᠦᠯᠵᠢᠯᠡᠨ ᠠᠰᠢᠭ᠍ᠯᠠᠬᠤ ᠪᠠ ᠬᠤᠳᠠ᠎ᠶᠢᠨ ᠰᠠᠭᠤᠷᠢ ᠲᠥᠬᠦᠭᠡᠷᠦᠮᠵᠢ᠎ᠶᠢ ᠣᠶᠤᠨᠴᠢᠯᠠᠨ ᠲᠡᠰ ᠳᠡᠪᠰᠢᠭᠦᠯᠬᠦ᠎ᠳᠦ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ》 ᠭᠡᠵᠦ ᠭᠦᠸᠧ ᠭᠠᠢ ᡁᠢ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面