ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-09-21 11:37:45

ᠵᠣᠬᠢᠶᠠᠭ᠍ᠴᠢ᠄ ᠪᠠᠢ ᠰᠡᠴᠡᠨ ᠣᠩᠱᠢᠭ᠍ᠰᠠᠨ ᠣᠳᠠᠭ᠎ᠠ᠄ 3

ᠲᠦᠷᠦᠭᠦᠭᠡᠨ᠂ ᠢᠦᠶ ᠱᠸ᠋ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢ ᠣᠷᠣᠭᠤᠯᠤᠭᠰᠠᠨ ᠬᠢᠵᠠᠭᠠᠷᠲᠤ᠌ ᠺᠣᠮᠫᠠᠨᠢ ᠪᠣᠯᠤᠨ ᠣᠷᠳᠣᠰ᠎ᠤᠨ ᠠᠮᠢ ᠠᠬᠤᠶ ᠣᠷᠴᠢᠨ ᠲᠣᠭᠣᠷᠢᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠬᠠᠮᠲᠤᠷᠠᠨ ᠪᠠᠶ᠋ᠢᠭᠤᠯᠤᠭᠰᠠᠨ《ᠢᠦᠶ ᠱᠸ᠋ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠎ᠦᠨ ᠠᠵᠤ ᠦᠢᠯᠡᠰ᠎ᠦᠨ ᠳᠡᠭᠡᠳᠦ ᠰᠤᠷᠭᠠᠭᠤᠯᠢ》 ᠣᠷᠳᠣᠰ᠎ᠤᠨ ᠠᠮᠢ ᠠᠬᠤᠶ ᠣᠷᠴᠢᠨ ᠲᠣᠭᠣᠷᠢᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠳᠠᠳᠤᠯᠭ᠎ᠠ ᠪᠣᠯᠪᠠᠰᠤᠷᠠᠯ ᠰᠣᠯᠢᠯᠴᠠᠭᠠᠨ᠎ᠤ ᠲᠥᠪ᠎ᠲᠦ᠍ ᠵᠢᠩᠬᠢᠨᠢ᠎ᠪᠡᠷ ᠪᠠᠶ᠋ᠢᠭᠤᠯᠤᠭᠳᠠᠪᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠴᠢ ᠪᠠᠷᠠᠭᠤᠨ ᠬᠣᠶ᠋ᠢᠲᠤ᠌ ᠣᠷᠣᠨ᠎ᠤ ᠴᠣᠷᠢ᠎ᠶᠢᠨ ᠭᠠᠭᠴᠠ ᠢᠤᠢ ᠱᠸ᠋ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠢᠯᠡᠰ᠎ᠦᠨ ᠳᠡᠭᠡᠳᠦ ᠰᠤᠷᠭᠠᠭᠤᠯᠢ ᠪᠣᠯᠤᠭᠰᠠᠨ᠎ᠤ ᠬᠤᠪᠢ᠎ᠳᠤ᠂ ᠲᠤᠰ ᠳᠡᠭᠡᠳᠦ ᠰᠤᠷᠭᠠᠭᠤᠯᠢ᠎ᠨᠢ ᠣᠶᠤᠨᠳᠤ ᠴᠢᠳᠠᠪᠤᠷᠢ᠂ ᠮᠠᠰᠢᠨ ᠬᠥᠮᠦᠨ᠎ᠦ ᠬᠡᠷᠡᠭᠯᠡᠭᠡ᠂ ᠣᠶᠤᠨᠯᠢᠭ ᠦᠢᠯᠡᠳᠬᠦ᠌ ᠦᠢᠯᠡᠰ ᠵᠡᠷᠭᠡ ᠬᠣᠰᠢᠭᠤᠷᠠᠯ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠤ᠂ ᠣᠷᠳᠣᠰ᠎ᠤᠨ ᠠᠮᠢ ᠠᠬᠤᠶ ᠣᠷᠴᠢᠨ ᠲᠣᠭᠣᠷᠢᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠨᠢ ᠲᠤᠰ ᠳᠡᠭᠡᠳᠦ ᠰᠤᠷᠭᠠᠭᠤᠯᠢ᠎ᠳᠤ ᠲᠦᠰᠢᠭᠯᠡᠨ᠂ ᠲᠣᠰ ᠭᠠᠵᠠᠷ᠎ᠤᠨ ᠬᠦᠨᠳᠤ ᠨᠦᠰᠡᠷ᠂ ᠲᠦᠭᠰᠢᠭᠦᠷᠢ ᠶᠡᠬᠡᠲᠡᠶ ᠠᠵᠢᠯ᠎ᠤᠨ ᠪᠠᠶ᠋ᠢᠷᠢ᠎ᠳᠤ ᠬᠠᠨᠳᠤᠭᠤᠯᠤᠨ᠂ ᠮᠠᠰᠢᠨ ᠬᠥᠮᠦᠨ᠎ᠢᠶᠡᠷ ᠲᠠᠯᠠᠪᠤᠷ ᠭᠠᠵᠠᠷ᠎ᠤᠨ ᠬᠡᠷᠡᠭᠯᠡᠭᠡ ᠵᠢ ᠣᠷᠣᠯᠠᠭᠤᠯᠬᠤ ᠪᠠ ᠲᠤᠰᠬᠠᠶ᠋ᠢᠵᠢᠭᠰᠠᠨ ᠴᠢᠳᠠᠪᠤᠷᠢᠲᠠᠨ᠎ᠢ ᠬᠥᠮᠦᠵᠢᠭᠦᠯᠬᠦ᠌ ᠠᠵᠢᠯ ᠥᠷᠨᠢᠭᠦᠯᠬᠦ ᠪᠤᠯᠤᠨ᠎ᠠ᠃

ᠣᠶ᠋ᠢᠯᠠᠭᠠᠭᠰᠠᠨ᠎ᠢᠶᠠᠷ᠂ ᠢᠦᠶ ᠱᠸ᠋ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠢᠯᠡᠰ᠎ᠦᠨ ᠳᠡᠭᠡᠳᠦ ᠰᠤᠷᠭᠠᠭᠤᠯᠢ ᠨᠢ ᠣᠷᠳᠣᠰ᠎ᠤᠨ ᠡᠨᠧᠷᠭᠢ᠂ ᠬᠢᠮᠢ᠎ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ᠎ᠦ ᠠᠵᠤ ᠠᠬᠤᠶ᠋ᠢᠯᠠᠯ᠎ᠤᠨ ᠮᠡᠷᠭᠡᠵᠢᠯ᠎ᠦᠨ ᠬᠦᠴᠢᠷ ᠠᠰᠠᠭᠤᠳᠠᠯ ᠪᠠ ᠲᠥᠷᠥᠯ ᠵᠦᠢᠯ᠎ᠦᠨ ᠵᠠᠬᠢᠶᠠᠯᠠᠭ᠎ᠠ᠎ᠶᠢ ᠤᠷᠤᠭᠤᠯᠤᠨ ᠠᠪᠴᠢᠷᠠᠭᠠᠳ᠂ ᠳᠠᠳᠤᠯᠭ᠎ᠠ ᠪᠣᠯᠪᠠᠰᠤᠷᠠᠯ᠎ᠤᠨ ᠡᠭᠦᠷᠭᠡ᠂ ᠬᠢᠴᠢᠶᠡᠯ᠎ᠦᠨ ᠲᠥᠷᠥᠯ ᠵᠦᠢᠯ ᠪᠠ ᠤᠷᠤᠯᠳᠤᠭᠠᠨ᠎ᠤ ᠰᠡᠳᠦᠪ ᠪᠣᠯᠭᠠᠨ ᠬᠤᠪᠢᠷᠠᠭᠤᠯᠵᠤ᠂ ᠰᠤᠷᠤᠭᠴᠢᠳ᠎ᠢ ᠦᠨᠡᠨ ᠪᠣᠳᠠᠲᠠᠶ ᠲᠥᠷᠥᠯ ᠵᠦᠢᠯ᠎ᠦᠨ ᠪᠣᠳᠠᠲᠤ᠌ ᠠᠵᠢᠯᠯᠠᠭ᠎ᠠ᠎ᠳᠤ ᠣᠷᠣᠯᠴᠠᠭᠤᠯᠬᠤ ᠪᠤᠯᠤᠨ᠎ᠠ᠃ ᠢᠦᠶ ᠱᠸ᠋ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠨ ᠢᠵᠢ ᠪᠦᠷᠢᠨ ᠳᠠᠳᠤᠯᠭ᠎ᠠ ᠪᠣᠯᠪᠠᠰᠤᠷᠠᠯ ᠎ᠤᠨ ᠲᠥᠬᠥᠭᠡᠷᠦᠮᠵᠢ ᠂ ᠬᠢᠴᠢᠶᠡᠯ᠎ᠦᠨ ᠡᠬᠢ ᠪᠠᠶᠠᠯᠢᠭ ᠬᠢᠭᠡᠳ ᠢᠨᠵᠧᠨᠧᠷ᠎ᠦ᠋ᠨ ᠪᠠᠭᠰᠢ ᠬᠠᠩᠭᠠᠵᠤ᠂ ᠴᠢᠳᠠᠪᠤᠷᠢᠲᠠᠨ ᠬᠥᠮᠦᠵᠢᠭᠦᠯᠬᠦ᠌ ᠲᠥᠰᠦᠯ᠎ᠳᠦ ᠵᠠᠰᠠᠪᠤᠷᠢ ᠣᠷᠣᠭᠤᠯᠬᠤ᠂ ᠬᠢᠴᠢᠶᠡᠯ᠎ᠢ ᠨᠡᠭᠡᠭᠡᠨ ᠬᠥᠭᠵᠢᠭᠦᠯᠬᠦ᠌ ᠪᠠ ᠳᠠᠳᠤᠯᠭ᠎ᠠ ᠪᠣᠯᠪᠠᠰᠤᠷᠠᠯ᠎ᠤᠨ ᠵᠢᠭᠠᠨ ᠰᠤᠷᠭᠠᠯᠲᠠ᠎ᠳᠤ ᠭᠦᠨᠵᠡᠭᠡᠶ ᠣᠷᠣᠯᠴᠠᠨ᠎ᠠ᠃ ᠡᠭᠦᠨ᠎ᠦ ᠬᠠᠮᠲᠤ᠌᠂ ᠢᠦᠶ ᠱᠸ᠋ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠤ ᠦᠢᠯᠡᠰ᠎ᠦᠨ ᠳᠡᠭᠡᠳᠦ ᠰᠤᠷᠭᠠᠭᠤᠯᠢ᠎ᠨᠢ ᠬᠢᠮᠢ᠎ᠶᠢᠨ ᠠᠵᠤ ᠦᠢᠯᠡᠳᠪᠦᠷᠢ᠎ᠶᠢᠨ ᠲᠣᠭᠣᠷᠢᠨ ᠪᠠᠶ᠋ᠢᠴᠠᠭᠠᠬᠤ᠂ ᠴᠠᠬᠢᠯᠭᠠᠨ ᠬᠦᠴᠦᠨ᠎ᠦ ᠲᠡᠭᠡᠭᠡᠪᠦᠷᠢ ᠬᠠᠮᠠᠭᠠᠯᠠᠯᠲᠠ᠂ ᠦᠢᠯᠡᠳᠪᠦᠷᠢ ᠠᠭᠤᠷᠬᠠᠶ᠎ᠶᠢᠨ ᠬᠢᠨᠠᠨ ᠬᠡᠮᠵᠢᠯᠲᠡ ᠵᠡᠷᠭᠡ ᠣᠷᠳᠣᠰ᠎ᠤᠨ ᠲᠣᠰ ᠭᠠᠵᠠᠷ᠎ᠤᠨ ᠥᠨᠳᠥᠷ ᠲᠠᠪᠳᠠᠮᠵᠢᠳᠤ ᠠᠬᠤᠶ ᠲᠠᠯᠠᠪᠠᠶ᠎ᠶᠢᠨ ᠵᠢᠭᠠᠨ ᠰᠤᠷᠭᠠᠯᠲᠠ᠎ᠶᠢᠨ ᠬᠡᠷᠡᠭ᠎ᠦᠨ ᠵᠢᠱ᠌ᠢᠶ᠎ᠡ᠎ᠳᠦ ᠬᠠᠨᠳᠤᠭᠤᠯᠤᠨ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠤᠮᠠᠷᠠᠲᠤ ᠎ᠶᠢᠨ ᠡᠨᠧᠷᠭᠢ᠎ᠶᠢᠨ ᠠᠵᠢᠯ ᠲᠥᠷᠥᠯ᠎ᠦᠨ ᠪᠣᠳᠠᠲᠤ᠌ ᠴᠣᠭᠴᠠ᠎ᠶᠢᠨ ᠣᠶᠤᠨᠳᠤ ᠴᠢᠳᠠᠪᠤᠷᠢᠲᠠᠨ ᠎ᠢ᠋ ᠬᠥᠮᠦᠵᠢᠭᠦᠯᠬᠦ᠌ ᠵᠠᠭᠪᠤᠷ᠎ᠢ ᠬᠦᠴᠦᠯᠡᠨ ᠪᠣᠶ ᠪᠣᠯᠭᠠᠵᠤ᠂ ᠣᠷᠳᠣᠰ ᠵᠢᠴᠢ ᠥᠪᠥᠷ ᠮᠣᠩᠭᠣᠯ ᠎ᠤᠨ ᠠᠵᠤ ᠦᠢᠯᠡᠰ ᠎ᠦᠨ ᠬᠡᠯᠪᠡᠷᠢ᠎ᠪᠡᠨ ᠬᠤᠪᠢᠷᠠᠭᠤᠯᠬᠤ᠂ ᠴᠢᠨᠠᠷ ᠰᠠᠶ᠋ᠢᠲᠠᠶ ᠬᠥᠭᠵᠢᠯᠲᠡ᠎ᠳᠦ ᠴᠢᠨᠠᠷ ᠰᠠᠶ᠋ᠢᠲᠠᠶ ᠠᠵᠢᠯ ᠮᠡᠷᠭᠡᠵᠢᠯ᠎ᠦᠨ ᠴᠢᠳᠠᠪᠤᠷᠢᠲᠠᠨ᠎ᠢ ᠬᠦᠮᠦᠵᠢᠬᠦᠯᠵᠦ ᠦᠭᠬᠦ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面