2026-09-22 11:01:06
ᠦᠪᠦᠷ ᠮᠤᠩᠭᠤᠯ ᠤᠨ ᠤᠶᠤᠳᠠᠳ ᠪᠥᠬᠥ ᠤᠯᠤᠰ ᠤᠨ ᠣᠶᠤᠲᠠᠳ ᠤᠨ ᠠᠵᠢᠯ ᠮᠡᠷᠭᠡᠵᠢᠯ ᠦᠨ ᠲᠥᠯᠦᠪᠵᠢᠭᠦᠯᠭᠡ ᠵᠢᠨ ᠰᠢᠢᠳᠪᠦᠷᠢᠲᠦ ᠤᠷᠤᠯᠳᠤᠭᠠᠨ᠎ᠳᠤ ᠰᠢᠯᠢᠳᠡᠭ ᠬᠢᠷᠢ ᠪᠦᠲᠦᠮᠵᠢ ᠣᠯᠪᠠ
ᠣᠢᠷ᠎ᠠ᠎ᠳᠤ᠂ ᠭᠤᠷᠪᠠᠳᠤᠭᠠᠷ ᠬᠤᠭᠤᠴᠠᠭᠠᠨ ᠤ ᠪᠥᠬᠥ ᠤᠯᠤᠰ ᠤᠨ ᠣᠶᠤᠲᠠᠳ᠎ᠤᠨ ᠠᠵᠢᠯ ᠮᠡᠷᠭᠡᠵᠢᠯ᠎ᠦᠨ ᠲᠥᠯᠦᠪᠵᠢᠭᠦᠯᠭᠡ᠎ᠶᠢᠨ ᠤᠷᠤᠯᠳᠤᠭᠠᠨ ᠤ ᠪᠥᠬᠥ ᠤᠯᠤᠰ᠎ᠤᠨ ᠰᠢᠢᠳᠪᠦᠷᠢᠲᠦ ᠤᠷᠤᠯᠳᠤᠭᠠᠨ᠎ᠤ ᠰᠢᠯᠭᠠᠷᠠᠭᠤᠯᠤᠯᠳᠠ ᠵᠢᠨ ᠳ᠋ᠦᠩ ᠢ ᠨᠡᠢᠳᠡᠯᠡᠵᠦ᠂ ᠮᠠᠨ᠎ᠤ ᠣᠷᠣᠨ᠎ᠤ ᠤᠶᠤᠳᠠᠳ 2 ᠠᠯᠲᠠᠨ ᠮᠧᠳᠠᠯ᠂ 4 ᠮᠥᠩᠭᠥᠨ ᠮᠧᠳᠠᠯ᠂ 16 ᠬᠦᠷᠡᠯ ᠮᠧᠳᠠᠯ᠂ 3 ᠰᠢᠯᠢᠳᠡᠭ ᠱᠠᠩᠨᠠᠯ ᠬᠦᠷᠳᠡᠵᠦ᠂ 3 ᠶᠡᠬᠡ ᠳᠡᠭᠡᠳᠦ ᠰᠤᠷᠭᠠᠭᠤᠯᠢ ᠪᠥᠬᠥ ᠤᠯᠤᠰ ᠤᠨ ᠶᠡᠬᠡ ᠳᠡᠭᠡᠳᠦ ᠰᠤᠷᠭᠠᠭᠤᠯᠢ᠎ᠶᠢᠨ ᠰᠢᠯᠢᠳᠡᠭ ᠵᠣᠬᠢᠶᠠᠨ ᠪᠠᠢᠭᠤᠯᠤᠯᠲᠠ᠎ᠶᠢᠨ ᠱᠠᠩᠨᠠᠯᠢ᠋ ᠬᠦᠷᠳᠡᠵᠦ᠂ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠠᠵᠢᠯ ᠣᠯᠵᠤ ᠬᠥᠮᠥᠨ᠎ᠢ ᠬᠥᠮᠥᠵᠢᠭᠦᠯᠬᠦ ᠠᠵᠢᠯ᠎ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠶᠢ ᠭᠦᠢᠴᠡᠳ ᠢᠯᠡᠷᠡᠭᠦᠯᠪᠡ᠃
ᠥᠪᠥᠷ ᠮᠣᠩᠭᠣᠯ᠎ᠤᠨ ᠤᠷᠤᠯᠳᠤᠭᠠᠨ ᠤ ᠲᠣᠭᠣᠷᠢᠭ᠋ ᠵᠢᠴᠢ ᠪᠦᠬᠦ ᠣᠷᠣᠨ᠎ᠤ ᠲᠠᠪᠤᠳᠤᠭᠠᠷ ᠬᠤᠭᠤᠴᠠᠭᠠᠨ᠎ᠤ ᠣᠶᠤᠲᠠᠳ᠎ᠤᠨ ᠠᠵᠢᠯ ᠮᠡᠷᠭᠡᠵᠢᠯ᠎ᠦᠨ ᠲᠥᠯᠦᠪᠵᠢᠭᠦᠯᠭᠡ᠎ᠶᠢᠨ ᠤᠷᠤᠯᠳᠤᠭᠠᠨ ᠡᠬᠢᠯᠡᠭᠰᠡᠨ᠎ᠡᠴᠡ ᠨᠠᠭᠠᠰᠢ 30 ᠲᠦᠮᠡ ᠰᠢᠬᠠᠮ ᠪᠠᠭ᠍ᠰᠢ ᠰᠤᠷᠤᠭ᠍ᠴᠢ ᠢᠳᠡᠪᠬᠢᠲᠡᠢ ᠣᠷᠣᠯᠴᠠᠵᠤ᠂ ᠰᠤᠷᠭᠠᠭᠤᠯᠢ᠎ᠶᠢᠨ ᠤᠷᠤᠯᠳᠤᠭᠠᠨ᠂ ᠣᠷᠣᠨ᠎ᠤ ᠲᠡᠰ ᠤᠨ ᠨᠤᠭᠤᠯᠤᠭ᠎ᠠ ᠤᠷᠤᠯᠳᠤᠭᠠᠨ ᠵᠡᠷᠬᠡ ᠱᠠᠲᠤ ᠱᠠᠲᠤ᠎ᠪᠠᠷ ᠰᠢᠯᠭᠠᠷᠠᠭᠤᠯᠬᠤ ᠪᠡᠷ ᠲᠠᠮᠵᠢᠨ᠂ ᠮᠠᠨ ᠤ ᠤᠷᠤᠨ ᠡᠴᠡ 21 ᠰᠤᠷᠤᠬ᠍ᠴᠢ᠂ 4 ᠪᠠᠭ᠍ᠰᠢ ᠶᠢ ᠰᠢᠯᠢᠨ ᠰᠤᠩᠭᠤᠵᠤ ᠪᠦᠬᠦ ᠤᠯᠤᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ᠎ᠳᠤ ᠤᠷᠤᠯᠴᠠᠭᠤᠯᠪᠠ᠃ ᠤᠷᠤᠯᠳᠤᠭᠠᠨ᠎ᠤ ᠬᠤᠭᠤᠴᠠᠭᠠᠨ᠎ᠳᠤ ᠠᠵᠢᠯ ᠣᠯᠭᠣᠯᠲᠠ᠎ᠪᠠᠷ ᠬᠥᠮᠥᠨ᠎ᠢ ᠬᠥᠮᠥᠵᠢᠭᠦᠯᠬᠦ ᠦᠷ᠎ᠡ ᠪᠦᠲᠦᠭᠡᠯ᠎ᠢ ᠳᠡᠯᠭᠡᠨ ᠦᠵᠡᠭᠦᠯᠬᠦ ᠵᠡᠷᠭᠡ ᠰᠢᠷᠢᠰ ᠠᠵᠢᠯᠯᠠᠭ᠎ᠠ ᠥᠷᠨᠢᠭᠦᠯᠬᠦ᠎ᠪᠡᠷ ᠳᠠᠮᠵᠢᠭᠤᠯᠵᠤ᠂ ᠪᠦᠬᠦ ᠣᠷᠣᠨ᠎ᠤ ᠣᠶᠤᠲᠠᠳ᠎ᠤᠨ ᠠᠵᠢᠯ ᠮᠡᠷᠭᠡᠵᠢᠯ᠎ᠦᠨ ᠲᠥᠯᠦᠪᠵᠢᠭᠦᠯᠭᠡ ᠶᠢᠨ ᠰᠣᠯᠢᠯᠴᠠᠭ᠎ᠠ ᠵᠢ ᠳᠡᠭᠡᠭᠰᠢᠯᠡᠭᠦᠯᠬᠦ ᠲᠠᠪᠴᠠᠩ᠎ᠢ ᠪᠦᠲᠦᠮᠵᠢᠲᠡᠢ ᠪᠠᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠲᠣᠰ ᠤᠳᠠᠭᠠᠨ᠎ᠤ ᠤᠷᠤᠯᠳᠤᠭᠠᠨ᠎ᠢᠶᠠᠷ ᠠᠵᠠ ᠲᠣᠬᠢᠶᠠᠯ ᠪᠣᠯᠭᠠᠵᠤ᠂ ᠠᠵᠢᠯ ᠣᠯᠭᠣᠯᠲᠠ᠎ᠪᠠᠷ ᠬᠥᠮᠥᠨ᠎ᠢ ᠬᠥᠮᠥᠵᠢᠭᠦᠯᠬᠦ ᠰᠢᠰᠲᠧᠮ᠎ᠦᠨ ᠪᠠᠢᠭᠤᠯᠤᠯᠲᠠ᠎ᠶᠢ ᠭᠦᠨᠵᠡᠭᠡᠢᠷᠡᠭᠦᠯᠦᠨ᠂ ᠠᠵᠢᠯ ᠣᠯᠭᠣᠯᠲᠠ᠎ᠶᠢ ᠵᠢᠯᠤᠭᠣᠳᠬᠤ ᠬᠢᠴᠢᠶᠡᠯ᠎ᠦᠨ ᠰᠢᠰᠲᠧᠮ᠎ᠤᠨ ᠪᠠᠢᠭᠤᠯᠤᠯᠲᠠ᠎ᠶᠢ ᠴᠢᠬᠤᠯᠠᠴᠢᠯᠠᠨ ᠠᠳᠬᠤᠵᠤ᠂ ᠬᠢᠴᠢᠶᠡᠯ᠎ᠦᠨ ᠠᠭᠤᠯᠭ᠎ᠠ ᠬᠢᠭᠡᠳ ᠵᠢᠭᠠᠨ ᠰᠤᠷᠭᠠᠯᠲᠠ᠎ᠶᠢᠨ ᠵᠠᠭᠪᠤᠷ᠎ᠢ ᠰᠢᠯᠢᠳᠡᠭᠵᠢᠭᠦᠯᠦᠨ᠂ ᠠᠮᠢᠳᠤᠷᠠᠯ᠎ᠤᠨ ᠲᠥᠯᠦᠪᠵᠢᠭᠦᠯᠭᠡ᠎ᠶᠢᠨ ᠰᠤᠷᠭᠠᠨ ᠬᠥᠮᠦᠵᠢᠯ᠎ᠦᠨ ᠲᠤᠰᠬᠠᠢ ᠮᠡᠷᠭᠡᠵᠢᠯ᠎ᠦᠨ ᠴᠢᠨᠠᠷ᠂ ᠬᠠᠨᠳᠤᠯᠭᠠᠲᠤ ᠴᠢᠨᠠᠷ᠎ᠢ ᠳᠡᠭᠡᠭᠰᠢᠯᠡᠭᠦᠯᠵᠦ᠂ ᠤᠷᠤᠯᠳᠤᠭᠠᠨ ᠪᠠ ᠬᠢᠴᠢᠶᠡᠯ᠎ᠦᠨ ᠬᠣᠯᠪᠤᠭᠠᠯᠠᠨ ᠬᠥᠳᠡᠯᠦᠯᠴᠡᠬᠦ᠎ᠶᠢ ᠭᠦᠨᠵᠡᠭᠡᠢᠷᠡᠭᠦᠯᠵᠦ᠂ ᠤᠷᠤᠯᠳᠤᠭᠠᠨ᠎ᠢᠶᠠᠷ ᠰᠤᠷᠭᠠᠨ ᠬᠥᠮᠦᠵᠢᠯ᠎ᠢ ᠠᠬᠢᠭᠤᠯᠤᠨ᠂ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ ᠲᠣᠭᠲᠠᠴᠠ᠎ᠶᠢ ᠭᠦᠨᠵᠡᠭᠡᠢᠷᠡᠭᠦᠯᠵᠦ᠂ ᠶᠡᠬᠡ ᠳᠡᠭᠡᠳᠦ ᠰᠤᠷᠭᠠᠭᠤᠯᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠴᠢᠨᠠᠷ ᠴᠢᠨᠰᠠᠭ᠎ᠠ ᠪᠣᠯᠣᠨ ᠲᠡᠭᠦᠰᠬᠦ ᠰᠤᠷᠤᠭ᠍ᠴᠢᠳ ᠤᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃