ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-09-28 16:38:15

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠪᠯᠡᠯ᠎ᠤᠨ ᠬᠤᠷᠢᠶ᠎ᠠ᠎ᠡᠴᠡ ᠭᠤᠤᠯᠯᠠᠨ ᠡᠷᠬᠢᠯᠡᠭᠰᠡᠨ 2026 ᠣᠨ᠎ᠤ ᠥᠪᠦᠷ ᠮᠣᠩᠭᠤᠯ᠎ᠤᠨ ᠡᠪ ᠬᠠᠮᠲᠤ᠌ ᠵᠠᠯᠠᠭᠤᠴᠤᠳ᠎ᠤᠨ ᠡᠪᠯᠡᠯ᠎ᠤᠨ ᠤᠶᠤᠲᠠᠳ᠎ᠤᠨ ᠠᠵᠢᠯ ᠣᠯᠭᠤᠯᠲᠠ᠎ᠶ᠋ᠢ ᠠᠬᠢᠭᠤᠯᠬᠤ ᠠᠵᠢᠯᠯᠠᠭ᠎ᠠ᠎ᠶ᠋ᠢᠨ ᠨᠠᠮᠤᠷ᠎ᠤᠨ ᠤᠯᠠᠷᠢᠯ᠎ᠤᠨ ᠰᠤᠷᠭᠠᠭᠤᠯᠢ᠎ᠶ᠋ᠢᠨ ᠬᠦᠷᠢᠶᠡᠨ᠎ᠤ ᠠᠵᠢᠯᠲᠠᠨ ᠡᠯᠰᠡᠬᠦ᠌ ᠴᠤᠭᠯᠠᠭᠠᠨ ᠦᠪᠦᠷ ᠮᠤᠩᠭᠤᠯ᠎ᠤᠨ ᠶᠡᠭᠡ ᠰᠤᠷᠭᠠᠭᠤᠯᠢ ᠵᠢᠨ ᠦᠢᠯᠡᠰ ᠪᠤᠰᠬᠠᠬᠤ ᠳᠡᠭᠡᠳᠦ ᠰᠤᠷᠭᠠᠭᠤᠯᠢ ᠳ᠋ᠦ ᠶᠠᠪᠤᠭᠳᠠᠪᠠ᠃

ᠲᠣᠰ ᠤᠳᠠᠭᠠᠨ᠎ᠤ ᠠᠵᠢᠯᠲᠠᠨ ᠡᠯᠰᠡᠬᠦ᠌ ᠴᠤᠭᠯᠠᠭᠠᠨ᠎ᠨᠢ ᠰᠤᠷᠭᠠᠭᠤᠯᠢ᠎ᠶ᠋ᠢᠨ ᠰᠤᠷᠭᠠᠭᠤᠯᠢ ᠡᠷᠭᠢᠯᠡᠬᠦ᠌ ᠪᠠᠶ᠋ᠢᠷᠢ ᠲᠣᠭᠲᠠᠭᠠᠯᠲᠠ᠎ᠲᠠᠢ ᠨᠢᠭᠲᠠ ᠤᠶᠠᠯᠳᠤᠭᠤᠯᠵᠤ᠂ ᠰᠤᠷᠭᠠᠭᠤᠯᠢ᠎ᠶ᠋ᠢᠨ ᠲᠤᠰᠭᠠᠢ ᠮᠡᠷᠭᠡᠵᠢᠯ᠎ᠤᠨ ᠣᠨᠴᠠᠯᠢᠭ᠎ᠲᠤ᠌ ᠠᠩᠬᠠᠷᠤᠯ᠎ᠢᠶᠠᠨ ᠲᠥᠪᠯᠡᠷᠡᠭᠦᠯᠦᠨ᠂ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ᠌ ᠬᠡᠷᠡᠭᠴᠡᠭᠡ ᠱᠠᠭᠠᠷᠳᠠᠯᠭ᠎ᠠ ᠬᠢᠭᠡᠳ ᠲᠡᠭᠦᠰᠦᠭᠰᠡᠳ᠎ᠤᠨ ᠠᠵᠢᠯ ᠡᠷᠢᠬᠦ᠌ ᠬᠦᠰᠡᠯ ᠡᠷᠡᠮᠡᠯᠵᠡᠯ᠎ᠢ ᠣᠨᠤᠴᠠᠳᠠᠢ ᠵᠣᠯᠭᠠᠭᠤᠯᠵᠤ᠂ ᠰᠤᠷᠭᠠᠭᠤᠯᠢ ᠠᠵᠤ ᠠᠬᠤᠶ᠋ᠢᠯᠠᠯ᠎ᠤᠨ ᠬᠤᠤᠰ ᠴᠢᠭᠯᠡᠯᠲᠦ ᠬᠠᠩᠭᠠᠯᠭ᠎ᠠ ᠬᠡᠷᠡᠭᠴᠡᠭᠡ᠎ᠶ᠋ᠢ ᠵᠣᠯᠭᠠᠭᠤᠯᠬᠤ ᠲᠠᠪᠴᠠᠩ᠎ᠢ ᠪᠠᠶ᠋ᠢᠭᠤᠯᠵᠦ ᠦᠭᠪᠡ᠃ ᠠᠵᠢᠯᠯᠠᠭ᠎ᠠ᠎ᠳᠤ ᠨᠡᠶ᠋ᠢᠲᠡ 55 ᠰᠢᠯᠢᠳᠡᠭ ᠠᠵᠤ ᠠᠬᠤᠶ᠋ᠢᠯᠠᠯ᠎ᠢ ᠤᠷᠢᠵᠤ ᠣᠷᠤᠯᠴᠠᠭᠤᠯᠤᠨ᠂ 1275 ᠠᠵᠢᠯ᠎ᠤᠨ ᠪᠠᠶ᠋ᠢᠷᠢ ᠬᠠᠩᠭᠠᠵᠤ᠂ 1500 ᠭᠠᠷᠤᠢ ᠰᠣᠷᠤᠭᠴᠢ᠎ᠶ᠋ᠢ ᠬᠠᠮᠤᠷᠴᠠᠢ᠃ ᠲᠤᠬᠠᠢ᠎ᠶ᠋ᠢᠨ ᠲᠠᠯᠠᠪᠤᠷ᠎ᠲᠤ᠌ ᠠᠵᠢᠯ ᠡᠷᠢᠬᠦ᠌ ᠠᠭᠤᠷ ᠠᠮᠢᠰᠭᠤᠯ ᠭᠦᠨ ᠵᠤᠵᠠᠭᠠᠨ ᠪᠠᠶ᠋ᠢᠵᠤ᠂ ᠠᠵᠤ ᠠᠬᠤᠶ᠋ᠢᠯᠠᠯ ᠪᠣᠯᠤᠨ ᠰᠤᠷᠤᠭᠴᠢᠳ ᠨᠢᠭᠤᠷᠲᠠᠨ ᠰᠣᠯᠢᠯᠴᠠᠵᠤ᠂ ᠵᠥᠪᠳᠡᠯᠴᠡᠨ ᠶᠠᠷᠢᠯᠴᠠᠵᠤ᠂ ᠲᠡᠭᠦᠰᠬᠦ᠌ ᠤᠶᠤᠲᠠᠳ ᠲᠸ᠋ ᠠᠵᠢᠯ ᠤᠯᠭᠤᠬᠤ ᠠᠷᠭ᠎ᠠ ᠵᠠᠮ᠎ᠢ ᠪᠦᠲᠦᠮᠵᠢᠲᠡᠢ ᠥᠷᠭᠡᠳᠬᠡᠵᠦ ᠥᠭᠪᠡ᠃

ᠤᠢᠯᠠᠭᠠᠬᠰᠠᠨ ᠵᠢᠡᠷ᠂ ᠥᠪᠡᠷᠲᠡᠭᠡᠨ ᠵᠠᠰᠠᠬᠤ ᠣᠷᠤᠨ᠎ᠤ ᠡᠪᠯᠡᠯ᠎ᠤᠨ ᠬᠤᠷᠢᠶ᠎ᠠ ᠨᠠᠮᠤᠷ᠎ᠤᠨ ᠤᠯᠠᠷᠢᠯ᠎ᠤᠨ ᠰᠤᠷᠭᠠᠭᠤᠯᠢ᠎ᠶ᠋ᠢᠨ ᠬᠦᠷᠢᠶᠡᠨ᠎ᠤ ᠠᠵᠢᠯᠲᠠᠨ ᠡᠯᠰᠡᠬᠦ᠌ ᠰᠢᠵᠢᠷ ᠠᠯᠲᠠᠨ ᠠᠵᠠ ᠲᠣᠬᠢᠶᠠᠯ᠎ᠢ ᠴᠢᠩᠭ᠎ᠠ ᠠᠳᠭᠤᠵᠤ᠂ ᠴᠢᠨᠠᠷ ᠰᠠᠶ᠋ᠢᠲᠠᠢ ᠠᠵᠢᠯ᠎ᠤᠨ ᠪᠠᠶ᠋ᠢᠷᠢ᠎ᠶ᠋ᠢᠨ ᠡᠬᠢ ᠪᠠᠶᠠᠯᠢᠭ᠎ᠢ ᠦᠷᠭᠦᠯᠵᠢᠯᠡᠨ ᠥᠷᠭᠡᠳᠬᠡᠵᠦ᠍᠂ ᠰᠤᠷᠭᠠᠭᠤᠯᠢ᠎ᠶ᠋ᠢᠨ ᠬᠦᠷᠢᠶᠡᠨ᠎ᠤ ᠠᠵᠢᠯᠲᠠᠨ ᠡᠯᠰᠡᠬᠦ᠂ ᠠᠵᠢᠯ ᠣᠯᠭᠤᠯᠲᠠ᠎ᠶ᠋ᠢ ᠵᠢᠯᠤᠭᠤᠳᠬᠤ ᠵᠡᠷᠭᠡ ᠦᠢᠯᠡᠴᠢᠯᠡᠭᠡ᠎ᠶ᠋ᠢ ᠪᠠᠶ᠋ᠢᠩᠭᠤᠵᠢᠭᠤᠯᠤᠨ ᠥᠷᠨᠢᠭᠦᠯᠵᠦ᠍᠂ ᠨᠠᠩ ᠣᠯᠠᠨ ᠴᠢᠨᠠᠷ ᠰᠠᠶ᠋ᠢᠲᠠᠢ ᠠᠵᠢᠯ᠎ᠤᠨ ᠪᠠᠶ᠋ᠢᠷᠢ᠎ᠶ᠋ᠢ ᠰᠤᠷᠤᠭᠴᠢᠳ᠎ᠤᠨ ᠳᠡᠷᠭᠡᠳᠡ ᠬᠦᠷᠭᠡᠵᠦ᠍᠂ ᠡᠪ ᠬᠠᠮᠲᠤ᠌ ᠵᠠᠯᠠᠭᠤᠴᠤᠳ᠎ᠤᠨ ᠡᠪᠯᠡᠯ᠎ᠤᠨ ᠠᠵᠢᠯ ᠣᠯᠭᠤᠯᠲᠠ᠎ᠶ᠋ᠢᠨ ᠦᠢᠯᠡᠴᠢᠯᠡᠭᠡᠨ᠎ᠤ ᠴᠢᠨᠠᠷ ᠴᠢᠨᠰᠠᠭ᠎ᠠ ᠦᠷ᠎ᠡ ᠠᠰᠢᠭ᠎ᠢ ᠦᠷᠭᠦᠯᠵᠢᠯᠡᠨ ᠳᠡᠭᠡᠭᠰᠢᠯᠡᠭᠦᠯᠵᠦ᠍᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠴᠢᠨᠠᠷ ᠰᠠᠶ᠋ᠢᠲᠠᠢ ᠭᠦᠢᠴᠡᠳ ᠠᠵᠢᠯ ᠣᠯᠭᠤᠯᠲᠠ᠎ᠳᠤ ᠬᠦᠴᠦᠨ ᠨᠡᠮᠡᠷᠢᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面