2026-09-29 10:32:39
ᠤᠢᠷᠠᠳᠤ᠂ 2026 ᠣᠨ ᠤ᠋ ᠶᠡᠬᠡ ᠳᠡᠭᠡᠳᠦ ᠰᠤᠷᠭᠠᠭᠤᠯᠢ ᠵᠢᠨ ᠠᠵᠢᠯ ᠣᠯᠭᠣᠯᠲᠠ ᠵᠢᠨ ᠭᠠᠵᠠᠷ ᠤ᠋ᠨ ᠳᠠᠷᠤᠭ᠎ᠠ ᠨᠠᠷᠤᠨ ᠣᠷᠳᠣᠰ ᠳᠡᠬᠢ ᠠᠶᠠᠯᠠᠯ ᠤ᠋ᠨ ᠠᠵᠢᠯᠯᠠᠭ᠎ᠠ ᠣᠷᠳᠣᠰ ᠬᠣᠲᠠ ᠳ᠋ᠤ ᠶᠠᠪᠤᠭᠳᠠᠪᠠ᠃ ᠤᠢᠯᠠᠭᠠᠭᠰᠠᠨ ᠶ᠋ᠢᠡᠷ᠂ ᠳᠤᠰ ᠠᠵᠢᠯᠯᠠᠭ᠎ᠠ ᠨᠢ ᠭᠤᠷᠪᠠᠳᠤᠭᠠᠷ ᠬᠤᠭᠤᠴᠠᠭᠠᠨ ᠤ᠋ ᠤᠷᠳᠤᠰ ᠬᠣᠲᠠ ᠵᠢᠨ ᠴᠢᠳᠠᠪᠤᠷᠢᠲᠠᠨ ᠤ᠋ ᠭᠠᠷᠠᠭ ᠤ᠋ᠨ ᠠᠵᠢᠯᠯᠠᠭᠠᠨ ᠤ᠋ ᠨᠢᠭᠡ ᠠᠭᠤᠯᠭ᠎ᠠ ᠪᠠᠢᠵᠤ᠂ ᠤᠷᠳᠤᠰ ᠬᠣᠲᠠ ᠵᠢᠨ ᠨᠠᠮ ᠤ᠋ᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠤᠷᠳᠤᠰ ᠬᠣᠲᠠ ᠵᠢᠨ ᠬᠥᠮᠥᠨ ᠤ᠋ ᠬᠦᠴᠦᠨ ᠤ᠋ ᠡᠬᠢ ᠪᠠᠶᠠᠯᠢᠭ᠋ ᠪᠠ ᠨᠡᠢᠭᠡᠮ ᠤ᠋ᠨ ᠪᠠᠲᠤᠯᠠᠭ᠎ᠠ ᠵᠢᠨ ᠲᠣᠪᠴᠢᠶ᠎ᠠ ᠡᠴᠡ ᠭᠣᠣᠯᠯᠠᠨ ᠡᠷᠭᠢᠯᠡᠵᠦ᠂ ᠱᠠᠩᠬᠠᠢ ᠵᠢᠨ ᠵᠠᠮ ᠬᠠᠷᠢᠯᠴᠠᠭᠠᠨ ᠤ᠋ ᠶᠡᠬᠡ ᠰᠤᠷᠭᠠᠭᠤᠯᠢ᠂ ᠦᠬᠠᠨ ᠶᠡᠬᠡ ᠰᠤᠷᠭᠠᠭᠤᠯᠢ᠂ ᠰᠢ ᠠᠨ ᠤ᠋ ᠵᠠᠮ ᠬᠠᠷᠢᠯᠴᠠᠭᠠᠨ ᠤ᠋ ᠶᠡᠬᠡ ᠰᠤᠷᠭᠠᠭᠤᠯᠢ᠂ ᠥᠪᠥᠷ ᠮᠣᠩᠭᠣᠯ ᠤ᠋ᠨ ᠶᠡᠬᠡ ᠰᠤᠷᠭᠠᠭᠤᠯᠢ ᠵᠡᠷᠭᠡ ᠪᠥᠬᠥ ᠤᠯᠤᠰ ᠤ᠋ᠨ 30 ᠭᠣᠣᠯᠳᠠᠯᠭ᠎ᠠ ᠲᠠᠢ ᠶᠡᠬᠡ ᠳᠡᠭᠡᠳᠦ ᠰᠤᠷᠭᠠᠭᠤᠯᠢ ᠵᠢᠨ ᠠᠵᠢᠯ ᠣᠯᠭᠣᠯᠲᠠ ᠵᠢᠨ ᠠᠵᠢᠯ ᠤ᠋ᠨ ᠬᠠᠷᠢᠭᠤᠴᠠᠯᠭᠠᠳᠠᠳ ᠤᠷᠤᠯᠴᠠᠵᠠᠢ᠃
ᠬᠤᠷᠠᠯ ᠳᠡᠭᠡᠷ᠎ᠡ᠂ᠤᠷᠳᠤᠰ ᠬᠤᠳᠠ ᠶ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠡᠴᠡ ᠲᠣᠰ ᠲᠣᠰ ᠣᠷᠳᠣᠰ ᠬᠣᠲᠠ ᠵᠢᠨ ᠴᠢᠳᠠᠪᠤᠷᠢᠲᠠᠨ ᠤ᠋ ᠲᠥᠷᠥ ᠵᠢᠨ ᠪᠣᠳᠣᠯᠭ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ ᠳᠦᠷᠦ ᠶ᠋ᠢᠨ ᠪᠤᠳᠤᠯᠭ᠎ᠠ ᠵᠢᠴᠢ ᠵᠠᠯᠠᠭᠤᠴᠤᠳ ᠤ᠋ᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠠᠭᠤᠯᠭ᠎ᠠ ᠵᠢᠨ ᠲᠣᠭᠣᠷᠢᠨ ᠳ᠋ᠤ ᠤᠬᠠᠭᠤᠯᠤᠨ ᠲᠠᠨᠢᠯᠴᠠᠭᠤᠯᠪᠠ᠃ ᠬᠤᠷᠠᠯ ᠳ᠋ᠤ ᠣᠷᠣᠯᠴᠠᠭᠰᠠᠨ ᠶᠡᠬᠡ ᠳᠡᠭᠡᠳᠦ ᠰᠤᠷᠭᠠᠭᠤᠯᠢ ᠵᠢᠨ ᠬᠠᠷᠢᠭᠤᠴᠠᠯᠭᠠᠳᠠᠨ ᠪᠠᠰᠠ ᠲᠤᠰ ᠰᠤᠷᠭᠠᠭᠤᠯᠢ ᠵᠢᠨ ᠶ᠋ᠢᠡᠨ ᠲᠡᠭᠦᠰᠬᠦ ᠰᠤᠷᠤᠭ᠍ᠴᠢᠳ ᠤ᠋ᠨ ᠠᠵᠢᠯ ᠣᠯᠭᠣᠯᠲᠠ ᠵᠢᠨ ᠪᠠᠢᠳᠠᠯ ᠪᠣᠯᠣᠨ ᠰᠤᠷᠭᠠᠭᠤᠯᠢ ᠣᠷᠣᠨ ᠨᠤᠲᠤᠭ ᠤ᠋ᠨ ᠬᠠᠮᠲᠤᠷᠠᠯᠴᠠᠭᠠᠨ ᠤ᠋ ᠲᠤᠷᠰᠢᠯᠭ᠎ᠠ ᠪᠡᠨ ᠢᠳᠡᠪᠬᠢᠲᠡᠢ ᠬᠤᠪᠢᠶᠠᠯᠴᠠᠵᠤ᠂ ᠣᠷᠳᠣᠰ ᠬᠤᠳᠠ ᠵᠢᠨ ᠴᠢᠳᠠᠪᠤᠷᠢᠲᠠᠨ ᠤ᠋ ᠠᠮᠢ ᠠᠬᠤᠢ ᠪᠣᠯᠣᠨ ᠠᠵᠤ ᠦᠢᠯᠡᠰ ᠤ᠋ᠨ ᠠᠯᠤᠰ ᠢᠷᠡᠭᠡᠳᠦᠢ ᠵᠢ ᠳᠡᠭᠡᠳᠦ ᠬᠡᠮᠵᠢᠶ᠎ᠡ ᠪᠡᠷ ᠦᠨᠡᠯᠡᠨ᠂ ᠴᠢᠳᠠᠪᠤᠷᠢᠲᠠᠨ ᠢ᠋ ᠬᠠᠮᠲᠤᠷᠠᠨ ᠬᠥᠮᠥᠵᠢᠭᠦᠯᠬᠦ ᠵᠢ ᠭᠦᠨᠵᠡᠭᠡᠢᠷᠡᠭᠦᠯᠬᠦ᠂ ᠴᠢᠳᠠᠪᠤᠷᠢᠲᠠᠨ ᠤ᠋ ᠬᠠᠩᠭᠠᠯᠭ᠎ᠠ ᠬᠡᠷᠡᠭᠴᠡᠭᠡ ᠵᠢ ᠤᠨᠤᠴᠠᠲᠠᠢ ᠵᠣᠯᠭᠠᠭᠤᠯᠬᠤ ᠵᠡᠷᠭᠡ ᠲᠠᠯ᠎ᠠ ᠪᠠᠷ ᠡᠷᠬᠢᠮ ᠨᠠᠨᠳᠢᠨ ᠰᠠᠨᠠᠯ ᠶ᠋ᠢᠡᠨ ᠰᠤᠯᠢᠯᠴᠠᠵᠠᠢ᠃
ᠲᠣᠰ ᠤᠳᠠᠭᠠᠨ ᠤ᠋ ᠠᠵᠢᠯᠯᠠᠭ᠎ᠠ ᠨᠢ ᠰᠤᠷᠭᠠᠭᠤᠯᠢ ᠪᠠ ᠣᠷᠣᠨ ᠨᠤᠲᠤᠭ ᠤ᠋ᠨ ᠬᠠᠮᠲᠤᠷᠠᠯᠴᠠᠭ᠎ᠠ ᠵᠢ ᠭᠦᠨᠵᠡᠭᠡᠢᠷᠡᠭᠦᠯᠵᠦ᠂ᠴᠢᠳᠠᠪᠤᠷᠢᠲᠠᠨ ᠢ᠋ ᠲᠠᠲᠠᠨ ᠠᠪᠴᠢᠷᠠᠬᠤ ᠠᠷᠭ᠎ᠠ ᠵᠠᠮ ᠢ᠋ ᠥᠷᠭᠡᠳᠬᠡᠨ᠂ ᠨᠠᠩ ᠣᠯᠠᠨ ᠰᠢᠯᠢᠳᠡᠭ ᠶᠡᠬᠡ ᠳᠡᠭᠡᠳᠦ ᠰᠤᠷᠭᠠᠭᠤᠯᠢ ᠡᠴᠡ ᠲᠡᠭᠦᠰᠦᠭᠰᠡᠳ ᠢ᠋ ᠤᠷᠳᠤᠰ ᠬᠤᠳᠠ ᠳ᠋ᠤ ᠲᠡᠳᠡᠨ ᠠᠪᠴᠢᠷᠠᠵᠤ ᠦᠢᠯᠡᠰ ᠪᠤᠰᠬᠠᠨ ᠠᠵᠢᠯ ᠣᠯᠬᠤ ᠵᠢ ᠠᠬᠢᠭᠤᠯᠤᠭᠰᠠᠨ ᠪᠠᠢᠨ᠎ᠠ᠃ ᠬᠤᠷᠠᠯ ᠤ᠋ᠨ ᠬᠤᠭᠤᠴᠠᠭᠠᠨ ᠳ᠋ᠤ᠂ ᠡᠯ᠎ᠡ ᠶᠡᠬᠡ ᠳᠡᠭᠡᠳᠦ ᠰᠤᠷᠭᠠᠭᠤᠯᠢ ᠵᠢᠨ ᠠᠵᠢᠯ ᠣᠯᠭᠣᠯᠳᠠ ᠶ᠋ᠢᠨ ᠭᠠᠵᠠᠷ ᠤ᠋ᠨ ᠳᠠᠷᠤᠭ᠎ᠠ ᠨᠠᠷ ᠣᠷᠳᠣᠰ ᠬᠣᠲᠠ ᠵᠢᠨ ᠭᠣᠣᠯᠳᠠᠯᠭ᠎ᠠ ᠲᠠᠢ ᠬᠦᠷᠢᠶᠡᠯᠡᠩ ᠲᠣᠭᠣᠷᠢᠭ᠋᠂ᠠᠵᠤ ᠠᠬᠤᠢᠯᠠᠯ ᠪᠠ ᠰᠤᠳᠤᠯᠭᠠᠨ ᠤ᠋ ᠬᠦᠷᠢᠶᠡᠯᠡᠩ ᠳ᠋ᠤ ᠭᠦᠨᠵᠡᠭᠡᠢᠷᠡᠨ ᠲᠤᠬᠠᠢ ᠵᠢᠨ ᠭᠠᠵᠠᠷ ᠲᠤᠨᠢ ᠰᠢᠨᠵᠢᠯᠡᠨ ᠪᠠᠢᠴᠠᠭᠠᠵᠤ᠂ ᠴᠢᠳᠠᠪᠤᠷᠢᠲᠠᠨ ᠤ᠋ ᠬᠡᠷᠡᠭᠴᠡᠭᠡ ᠱᠠᠭᠠᠷᠳᠠᠯᠭ᠎ᠠ ᠵᠢ ᠵᠣᠯᠭᠠᠭᠤᠯᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃