ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-09-29 10:35:48

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠤᠢᠷ᠎ᠡ᠎ᠶᠢᠨ ᠡᠳᠦᠷ᠂ ᠵᠡᠭᠦᠨ ᠬᠣᠢᠲᠤ᠎ᠶᠢᠨ 《ᠭᠤᠷᠪᠠᠨ ᠮᠤᠵᠢ ᠨᠢᠭᠡ ᠣᠷᠣᠨ》 ᠤ᠋ ᠶᠡᠬᠡ ᠳᠡᠬᠡᠳᠤ ᠰᠤᠷᠭᠠᠭᠤᠯᠢ᠎ᠶᠢᠨ ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠥᠷᠥ᠎ᠶᠢᠨ ᠪᠠᠢᠭᠤᠯᠤᠯᠲᠠ᠎ᠶᠢᠨ ᠬᠣᠯᠪᠣᠭ᠎ᠠ᠎ᠶᠢᠨ 2026 ᠣᠨ᠎ᠤ ᠠᠵᠢᠯ᠎ᠤᠨ ᠬᠤᠷᠠᠯ ᠥᠪᠥᠷ ᠮᠣᠩᠭᠣᠯ᠎ᠤᠨ ᠶᠡᠬᠡ ᠰᠤᠷᠭᠠᠭᠤᠯᠢ᠎ᠳᠤ ᠶᠠᠪᠤᠭᠳᠠᠪᠠ᠃ ᠬᠤᠷᠠᠯ᠎ᠢ ᠬᠠᠷᠠᠮᠥ᠋ᠷᠡᠨ ᠮᠤᠵᠢ᠎ᠶᠢᠨ ᠰᠤᠷᠭᠠᠨ ᠬᠥᠮᠦᠵᠢᠯ᠎ᠦᠨ ᠲᠢᠩᠬᠢᠮ᠂ ᠬᠢᠷᠢᠨ ᠮᠤᠵᠢ᠎ᠶᠢᠨ ᠰᠤᠷᠭᠠᠨ ᠬᠥᠮᠦᠵᠢᠯ᠎ᠦᠨ ᠲᠢᠩᠬᠢᠮ᠂ ᠯᠢᠶᠣᠤᠨᠢᠩ ᠮᠤᠵᠢ᠎ᠶᠢᠨ ᠰᠤᠷᠭᠠᠨ ᠬᠥᠮᠦᠵᠢᠯ᠎ᠦᠨ ᠲᠢᠩᠬᠢᠮ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠵᠢᠴᠢ 《ᠭᠤᠷᠪᠠᠨ ᠮᠤᠵᠢ ᠨᠢᠭᠡ ᠣᠷᠣᠨ》 ᠤ᠋ ᠶᠡᠬᠡ ᠳᠡᠭᠡᠳᠦ ᠰᠤᠷᠭᠠᠭᠤᠯᠢ᠎ᠶᠢᠨ ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠦᠷᠦ᠎ᠶᠢᠨ ᠪᠠᠢᠭᠤᠯᠤᠯᠲᠠ᠎ᠶᠢᠨ ᠬᠣᠯᠪᠣᠭ᠎ᠠ᠎ᠡᠴᠡ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠳᠠᠭᠠᠭᠠᠴᠢᠯᠠᠨ ᠡᠷᠬᠢᠯᠡᠪᠡ᠃ 《ᠭᠤᠷᠪᠠᠨ ᠮᠤᠵᠢ ᠨᠢᠭᠡ ᠣᠷᠣᠨ》 ᠤ᠋ 156 ᠬᠤᠯᠪᠤᠭ᠎ᠠ ᠵᠢᠨ ᠪᠦᠷᠢᠯᠳᠦᠭᠦᠨ ᠶᠡᠬᠡ ᠳᠡᠭᠡᠳᠦ ᠰᠤᠷᠭᠠᠭᠤᠯᠢ᠎ᠶᠢᠨ ᠤᠳᠤᠷᠢᠳᠤᠯᠭ᠎ᠠ᠂ ᠦᠵᠡᠯ ᠰᠠᠨᠠᠭ᠎ᠠ ᠤᠯᠤᠰ ᠲᠦᠷᠦ ᠵᠢᠨ ᠵᠢᠭᠠᠨ ᠰᠤᠷᠭᠠᠯᠲᠠ᠎ᠶᠢᠨ ᠭᠣᠣᠯᠯᠠᠭ᠍ᠴᠢ ᠬᠦᠴᠦᠨ᠎ᠦ ᠲᠥᠯᠥᠭᠡᠯᠡᠭᠴᠢ 500 ᠰᠢᠬᠠᠮ ᠬᠥᠮᠥᠨ ᠬᠤᠷᠠᠯ᠎ᠳᠤ ᠣᠷᠣᠯᠴᠠᠵᠠᠢ᠃

ᠭᠣᠣᠯ ᠵᠤᠷᠢᠯᠳᠠᠳᠤ ᠮᠡᠳᠡᠭᠦᠯᠦᠯᠲᠡ᠎ᠶᠢᠨ ᠭᠣᠭᠴᠣᠭ᠎ᠠ ᠳ᠋ᠤ ᠬᠠᠷᠪᠢᠨ᠎ᠤ ᠢᠨᠵᠧᠨᠧᠷᠢᠩ᠎ᠦᠨ ᠶᠡᠬᠡ ᠰᠤᠷᠭᠠᠭᠤᠯᠢ᠂ᠭᠢᠷᠢᠨ ᠶᠡᠬᠡ ᠰᠤᠷᠭᠠᠭᠤᠯᠢ᠂ ᠯᠢᠶᠤᠤᠨᠢᠩ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠴᠢᠩᠬᠤᠸᠠ ᠶᠡᠬᠡ ᠰᠤᠷᠭᠠᠭᠤᠯᠢ᠎ᠡᠴᠡ ᠢᠷᠡᠭᠰᠡᠨ 5 ᠲᠤᠰᠬᠠᠢ ᠮᠡᠷᠭᠡᠵᠢᠯᠲᠡᠨ ᠡᠷᠳᠡᠮᠲᠡᠨ ᠲᠤᠰ ᠲᠤᠰ 《ᠬᠦᠰᠡᠯ ᠨᠠᠶ᠋ᠢᠳᠠᠯᠭ᠎ᠠ᠎ᠵᠢ ᠪᠠᠲᠤ ᠴᠡᠭᠡᠵᠢᠯᠡᠵᠦ ᠰᠦᠭ ᠰᠦᠨᠡᠰᠦ᠎ᠶᠢ ᠱᠤᠭᠤᠵᠤ ᠬᠥᠮᠥᠨ᠎ᠢ ᠬᠥᠮᠥᠵᠢᠭᠦᠯᠦᠮᠤᠢ᠂ ᠬᠠᠷᠪᠢᠨ᠎ᠤ ᠢᠨᠵᠧᠨᠧᠷᠢᠩ᠎ᠤᠨ᠎ᠳᠡᠬᠡᠳᠤ ᠰᠤᠷᠭᠠᠭᠤᠯᠢ ᠦᠪᠡᠷᠮᠢᠴᠡ ᠤᠨᠴᠠᠯᠢᠬ ᠪᠦᠬᠦᠢ ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠥᠷᠥ᠎ᠶᠢᠨ ᠰᠢᠨ᠎ᠡ ᠪᠠᠢᠷᠢᠰᠢᠯ᠎ᠢ ᠪᠠᠢᠭᠤᠯᠤᠨ᠎ᠠ》᠂ 《AI ᠮᠡᠷᠬᠡᠵᠢᠯ ᠵᠢᠡᠷ ᠬᠦᠴᠦᠨ ᠣᠯᠭᠣᠬᠤ ᠬᠢᠴᠢᠶᠡᠯ᠎ᠦᠨ ᠪᠦᠯᠦᠭᠵᠢᠯ᠎ᠦᠨ ᠪᠠᠢᠭᠤᠯᠤᠯᠲᠠ ᠬᠢᠭᠡᠳ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠦᠨ ᠠᠭᠤᠰᠤᠯᠴᠠᠯ》᠂ 《ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ᠎ᠶᠢ ᠱᠤᠭᠤᠵᠤ ᠬᠥᠮᠥᠨ᠎ᠢ ᠬᠦᠮᠦᠵᠢᠬᠦᠯᠵᠦ᠂ ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠥᠷᠥ᠎ᠪᠡᠷ ᠬᠥᠮᠥᠨ᠎ᠢ ᠬᠥᠮᠥᠵᠢᠭᠦᠯᠬᠦ ᠰᠢᠨ᠎ᠡ ᠪᠠᠢᠷᠢᠰᠢᠯ᠎ᠢ ᠪᠣᠶ ᠪᠣᠯᠭᠠᠨ᠎ᠠ》᠂ 《ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ 〈1+1+X〉 ᠦᠵᠡᠯ ᠰᠠᠨᠠᠭ᠎ᠠ ᠤᠯᠤᠰ ᠲᠥᠷᠥ᠎ᠪᠡᠷ ᠬᠥᠮᠥᠨ᠎ᠢ ᠬᠥᠮᠥᠵᠢᠭᠦᠯᠬᠦ ᠰᠢᠰᠲᠧᠮ᠎ᠦᠨ ᠪᠠᠢᠭᠤᠯᠤᠯᠲᠠ ᠬᠢᠭᠡᠳ ᠦᠢᠯᠡᠳᠦᠯᠭᠡ》᠂ 《ᠴᠢᠩᠬᠤᠸᠠ ᠶᠡᠬᠡ ᠰᠤᠷᠭᠠᠭᠤᠯᠢ᠎ᠶᠢᠨ ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠥᠷᠥ᠎ᠶᠢᠨ ᠪᠠᠢᠭᠤᠯᠤᠯᠲᠠ ᠬᠢᠭᠡᠳ ᠴᠢᠳᠠᠪᠤᠷᠢᠲᠠᠨ᠎ᠢ ᠬᠥᠮᠥᠵᠢᠭᠦᠯᠬᠦ》 ᠭᠡᠬᠦ ᠰᠡᠳᠦᠪ᠎ᠢᠶᠡᠷ ᠭᠣᠣᠯ ᠰᠡᠳᠦᠪᠳᠤ ᠮᠡᠳᠡᠬᠦᠯᠦᠯᠳᠡ ᠬᠢᠵᠡᠢ᠃

ᠬᠤᠷᠠᠯ᠎ᠡᠴᠡ 7 ᠲᠠᠯᠠᠪᠤᠷ ᠬᠤᠪᠢᠶᠠᠷᠢ ᠶᠠᠷᠢᠶᠠᠨ᠎ᠤ ᠲᠠᠪᠴᠠᠩ᠎ᠢ ᠲᠣᠬᠢᠷᠠᠭᠤᠯᠵᠤ᠂ ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠦᠷᠦ᠎ᠶᠢᠨ ᠵᠢᠭᠠᠨ ᠰᠤᠷᠭᠠᠯᠲᠠ᠎ᠶᠢᠨ ᠦᠵᠡᠭᠦᠯᠭᠡ᠂ ᠰᠠᠭᠤᠷᠢ ᠰᠢᠨᠵᠢᠯᠡᠭᠡᠨ᠎ᠦ ᠣᠷᠣᠢᠯᠠᠭᠰᠠᠨ ᠴᠢᠳᠠᠪᠤᠷᠢᠲᠠᠨ᠎ᠢ ᠬᠥᠮᠥᠵᠢᠭᠦᠯᠬᠦ᠂ ᠰᠢᠨ᠎ᠡ ᠲᠧᠭᠨᠢᠭ᠎ᠤᠨ ᠤᠬᠠᠭᠠᠨ᠂ ᠰᠢᠨ᠎ᠡ ᠨᠡᠢᠭᠡᠮ᠎ᠦᠨ ᠰᠢᠨᠵᠢᠯᠡᠬᠦ ᠤᠬᠠᠭᠠᠨ᠂ ᠰᠢᠨ᠎ᠡ ᠠᠨᠠᠭᠠᠬᠤ ᠤᠬᠠᠭᠠᠨ᠂ ᠰᠢᠨ᠎ᠡ ᠲᠠᠷᠢᠶᠠᠯᠠᠩ᠎ᠤᠨ ᠰᠢᠨᠵᠢᠯᠡᠬᠦ ᠤᠬᠠᠭᠠᠨ ᠵᠢᠴᠢ ᠵᠣᠬᠢᠶᠠᠮᠠᠯ ᠤᠶᠤᠨ ᠴᠢᠳᠠᠪᠤᠷᠢ᠎ᠪᠠᠷ ᠬᠦᠴᠦᠨ ᠣᠯᠭᠣᠬᠤ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠰᠤᠳᠤᠯᠤᠨ ᠶᠠᠷᠢᠯᠴᠠᠪᠠ᠃ ᠬᠤᠷᠠᠯ᠎ᠡᠴᠡ ᠪᠠᠰᠠ 《ᠬᠠᠮᠳᠤ ᠪᠡᠷ ᠬᠢᠴᠢᠶᠡᠯ ᠤᠷᠤᠬᠤ》 ᠲᠤᠬᠠᠢ᠎ᠶᠢᠨ ᠲᠠᠯᠠᠪᠠᠢ᠎ᠶᠢᠨ ᠵᠢᠭᠠᠨ ᠰᠤᠷᠭᠠᠯᠲᠠ ᠦᠷᠨᠢᠬᠦᠯᠵᠦ᠂ 《ᠳᠤᠯᠢ ᠨᠠᠭᠤᠷ᠎ᠤᠨ ᠬᠥᠪᠡᠭᠡᠨ᠎ᠠ》 ᠭᠡᠬᠦ ᠰᠤᠷᠭᠠᠭᠤᠯᠢ᠎ᠶᠢᠨ ᠲᠡᠦᠬᠡᠨ ᠵᠦᠴᠦᠭᠡ᠎ᠶᠢᠨ ᠬᠠᠷᠢᠭᠤ ᠮᠡᠳᠡᠭᠦᠯᠦᠯᠲᠡ᠎ᠶᠢᠨ ᠲᠣᠭᠯᠠᠯᠲᠠ᠎ᠶᠢ ᠵᠣᠬᠢᠶᠠᠨ ᠪᠠᠢᠭᠤᠯᠪᠠ᠃

ᠬᠤᠷᠠᠯ ᠨᠢ ᠣᠷᠣᠨ ᠪᠦᠰᠡ᠎ᠶᠢᠨ ᠬᠠᠮᠵᠢᠯᠴᠠᠭ᠎ᠠ ᠪᠡᠷ ᠰᠤᠷᠭᠠᠭᠤᠯᠢ᠎ᠶᠢᠨ ᠬᠣᠭᠣᠷᠣᠨᠳᠣᠬᠢ ᠪᠡᠬᠢᠯᠡᠯᠲᠡ᠎ᠶᠢ ᠨᠠᠪᠲᠠᠷᠡᠭᠦᠯᠵᠦ᠂ ᠳᠤᠭᠠᠴᠢᠯᠠᠭᠰᠠᠨ ᠤᠶᠤᠨᠴᠢ ᠠᠭᠤᠰᠤᠯᠴᠠᠯ᠎ᠢᠶᠠᠷ ᠵᠢᠭᠠᠨ ᠰᠤᠷᠭᠠᠯᠲᠠ᠎ᠶᠢᠨ ᠰᠢᠨ᠎ᠡ ᠵᠢ ᠡᠬᠦᠳᠴᠦ᠂ ᠵᠡᠭᠦᠨ ᠬᠣᠢᠲᠤ᠎ᠶᠢᠨ 《ᠭᠤᠷᠪᠠᠨ ᠮᠤᠵᠢ ᠨᠢᠭᠡ ᠣᠷᠣᠨ》 ᠭᠠᠷ ᠬᠣᠯᠪᠣᠨ ᠰᠡᠳᠬᠢᠯ᠎ᠢᠶᠡᠨ ᠨᠢᠭᠡᠳᠬᠡᠵᠦ᠂ ᠬᠥᠮᠥᠨ᠎ᠢ ᠬᠥᠮᠥᠵᠢᠭᠦᠯᠬᠦ ᠬᠠᠮᠳᠤ ᠵᠢᠨ ᠬᠦᠴᠦᠨ᠎ᠢ ᠨᠢᠭᠳᠠᠷᠠᠭᠤᠯᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面