2026-09-30 12:58:57
《ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠪᠤᠭᠤᠲᠤ᠎ᠶᠢᠨ ᠪᠤᠯᠤᠳ ᠲᠡᠮᠤᠷ᠎ᠦᠨ ᠺᠣᠮᠫᠠᠨᠢ᠎ᠶᠢ ᠪᠦᠳᠦᠭᠡᠨ ᠪᠠᠶ᠋ᠢᠭᠤᠯᠬᠤ》ᠠᠵᠠ ᠲᠣᠬᠢᠶᠠᠯ᠎ᠢᠶᠠᠷ ᠪᠠᠢᠭᠤᠯᠤᠭᠳᠠᠵᠤ᠂ ᠬᠣᠪᠣᠷ ᠰᠢᠷᠣᠢ᠎ᠶᠢᠨ ᠠᠵᠤ ᠦᠢᠯᠡᠰ᠎ᠲᠦ᠍ ᠦᠨᠳᠦᠰᠦᠯᠡᠭᠰᠡᠨ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠡᠬᠡ ᠳᠡᠭᠡᠳᠦ ᠰᠤᠷᠭᠠᠭᠤᠯᠢ ᠪᠣᠯᠬᠤ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ 《ᠬᠣᠶᠠᠷ ᠬᠣᠪᠣᠷ ᠰᠢᠷᠣᠢ᠎ᠶᠢᠨ ᠰᠠᠭᠤᠷᠢᠨ》᠎ᠤ᠋ ᠪᠦᠳᠦᠭᠡᠨ ᠪᠠᠶ᠋ᠢᠭᠤᠯᠤᠯᠲᠠ᠎ᠶᠢᠨ ᠴᠢᠬᠤᠯᠠ ᠡᠭᠦᠷᠭᠡ ᠳ᠋ᠤ ᠰᠠᠭᠤᠷᠢᠯᠠᠵᠦ᠂ ᠰᠢᠨᠵᠢᠯᠡᠭᠡᠨ ᠦ ᠰᠠᠯᠠᠭᠠᠨ᠎ᠤ ᠪᠠᠶ᠋ᠢᠷᠢᠰᠢᠭᠤᠯᠤᠯᠲᠠ᠎ᠶᠢ ᠠᠵᠤ ᠦᠢᠯᠡᠰ᠎ᠦᠨ ᠬᠦᠭᠵᠢᠯᠳᠡ ᠲᠠᠢ ᠨᠢᠬᠳᠠ ᠠᠪᠴᠠᠯᠳᠤᠭᠤᠯᠤᠨ᠂ ᠰᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠲᠠᠭᠠᠨ ᠵᠢᠳᠭᠦᠯ ᠦᠵᠡᠭᠦᠯᠬᠦ ᠵᠢᠨ ᠲᠦᠯᠦᠭᠡ ᠣᠷᠣᠨ ᠪᠦᠰᠡ᠎ᠶᠢᠨ ᠠᠵᠤ ᠦᠢᠯᠡᠰ᠎ᠦᠨ ᠲᠡᠰ ᠳᠡᠪᠰᠢᠬᠦ᠌᠎ᠳᠦ ᠰᠠᠢᠳᠤᠷ ᠦᠢᠯᠡᠴᠢᠯᠡᠵᠦ ᠪᠠᠢᠨ᠎ᠠ᠃
2024 ᠣᠨ᠎ᠳᠤ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ 《ᠬᠣᠪᠣᠷ ᠰᠢᠷᠣᠶ᠎ᠶᠢᠨ ᠮᠠᠲ᠋ᠧᠷᠢᠶᠠᠯ᠎ᠤᠨ ᠰᠢᠨᠵᠢᠯᠡᠬᠦ᠌ ᠤᠬᠠᠭᠠᠨ ᠬᠢᠭᠡᠳ ᠢᠨᠵᠧᠨᠧᠷᠢᠩ》᠎ᠤ᠋ᠨ ᠲᠤᠰᠬᠠᠶ ᠮᠡᠷᠭᠡᠵᠢᠯ᠎ᠢ ᠨᠡᠮᠡᠵᠦ᠍᠂ ᠤᠯᠤᠰ᠎ᠤᠨ ᠳᠣᠲᠣᠭᠠᠳᠤ᠎ᠶᠢᠨ ᠬᠣᠪᠣᠷ ᠰᠢᠷᠣᠶ᠎ᠶᠢᠨ ᠬᠦᠷᠢᠶᠡᠨ᠎ᠳᠡᠬᠢ ᠵᠢᠩᠬᠢᠨᠢ ᠠᠩᠭᠢ ᠶᠢᠨ ᠲᠤᠰᠬᠠᠶ ᠮᠡᠷᠭᠡᠵᠢᠯ᠎ᠦᠨ ᠪᠠᠶ᠋ᠢᠷᠢᠯᠠᠭᠤᠯᠤᠯᠲᠠ᠎ᠶᠢᠨ ᠬᠣᠭᠣᠰᠣᠨ ᠢ ᠨᠥᠬᠥᠪᠥᠷᠢᠯᠡᠵᠦ᠍᠂ ᠤᠯᠤᠰ ᠤᠨ ᠳᠣᠲᠣᠭᠠᠳᠤ᠎ᠶᠢᠨ ᠬᠠᠮᠤᠭ᠎ᠤᠨ ᠪᠦᠷᠢᠨ ᠪᠦᠲᠦᠨ《ᠵᠢᠩᠬᠢᠨᠢ ᠠᠩᠬᠢ ᠵᠢᠨ ᠤᠶᠤᠳᠠᠨ — ᠠᠰᠫᠢᠷᠠᠨᠲ — ᠳ᠋ᠤᠺᠲ᠋ᠤᠷ》 ᠤ᠋ᠨ ᠬᠣᠪᠣᠷ ᠰᠢᠷᠣᠶ᠎ᠶᠢᠨ ᠬᠦᠷᠢᠶᠡᠨ᠎ᠳᠡᠬᠢ ᠵᠠᠯᠭᠠᠨ ᠬᠥᠮᠦᠵᠢᠭᠦᠯᠬᠦ᠌ ᠰᠢᠰᠲ᠋ᠧᠮ᠎ᠢ ᠪᠠᠶ᠋ᠢᠭᠤᠯᠪᠠ᠃
ᠰᠤᠷᠭᠠᠭᠤᠯᠢᠬᠢᠭᠡᠳ ᠦᠢᠯᠡᠳᠪᠦᠷᠢ᠎ᠶᠢ ᠨᠡᠩ ᠰᠠᠢᠲᠤᠷ ᠵᠤᠯᠭᠠᠭᠤᠯᠬᠤ ᠵᠢᠨ ᠲᠥᠯᠥᠭᠡ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠠᠵᠤ ᠦᠢᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠶ᠋ᠢᠷᠡᠭᠦᠯᠵᠦ᠍᠂ ᠪᠤᠭᠤᠲᠤ᠎ᠶᠢᠨ ᠪᠣᠯᠣᠳ ᠲᠡᠮᠦᠷ ᠦᠨ ᠪᠦᠯᠦᠭᠯᠡᠯ᠂ ᠤᠮᠠᠷᠠᠲᠤ᠎ᠶᠢᠨ ᠬᠣᠪᠣᠷ ᠰᠢᠷᠣᠶ ᠵᠡᠷᠭᠡ ᠳᠠᠭᠠᠭᠤᠯᠤᠭᠴᠢ ᠠᠵᠤ ᠠᠬᠤᠶ᠋ᠢᠯᠠᠯ ᠲᠠᠶ《ᠵᠠᠬᠢᠶᠠᠯᠠᠭ᠎ᠠ᠎ᠶᠢᠨ ᠮᠠᠶᠢᠭ》 ᠤ᠋ᠨ ᠬᠥᠮᠦᠵᠢᠯ ᠬᠢᠵᠦ᠂ ᠠᠰᠫᠢᠷᠠᠨᠲ᠎ᠢ ᠬᠠᠮᠲᠤᠷᠠᠨ ᠬᠥᠮᠦᠵᠢᠭᠦᠯᠬᠦ᠌ ᠰᠠᠭᠤᠷᠢᠨ᠎ᠢ ᠬᠠᠮᠲᠤ᠎ᠪᠠᠷ ᠪᠠᠶ᠋ᠢᠭᠤᠯᠵᠤ᠂《ᠬᠤᠤᠰ ᠵᠢᠯᠣᠭᠣᠳᠣᠭᠴᠢ ᠪᠠᠭᠰᠢ》ᠵᠢᠨ ᠲᠦᠷᠢᠮ᠎ᠢᠶᠡᠷ ᠬᠥᠮᠦᠨ ᠬᠥᠮᠦᠵᠢᠭᠦᠯᠦᠨ᠂ ᠴᠢᠳᠠᠪᠤᠷᠢᠲᠠᠨ ᠬᠥᠮᠦᠵᠢᠭᠦᠯᠬᠦ᠌᠎ᠶᠢ ᠠᠵᠤ ᠦᠢᠯᠡᠰ᠎ᠦᠨ ᠠᠵᠢᠯ᠎ᠤᠨ ᠪᠠᠶ᠋ᠢᠷᠢ᠎ᠶᠢᠨ ᠬᠡᠷᠡᠭᠴᠡᠭᠡ᠎ᠲᠠᠶ ᠣᠨᠣᠪᠴᠢᠲᠠᠶ ᠵᠣᠯᠭᠠᠭᠤᠯᠵᠠᠢ᠃
ᠲᠤᠰ ᠰᠤᠷᠭᠠᠭᠤᠯᠢᠬᠣᠪᠣᠷ ᠰᠢᠷᠣᠶ᠎ᠶᠢᠨ ᠡᠬᠢ ᠪᠠᠶᠠᠯᠢᠭ᠎ᠢ ᠪᠣᠬᠢᠷᠲᠤᠯ ᠥᠬᠡᠶᠨᠡᠭᠡᠭᠡᠨ ᠬᠥᠭᠵᠢᠭᠦᠯᠬᠦ᠌᠂ ᠥᠨᠳᠥᠷ ᠪᠦᠲᠦᠮᠵᠢᠲᠡᠶ ᠠᠰᠢᠭᠯᠠᠬᠤ ᠪᠠ ᠠᠵᠤ ᠦᠢᠯᠡᠰ᠎ᠢ ᠲᠠᠰ ᠳᠡᠪᠰᠢᠭᠦᠯᠬᠦ᠌᠎ᠶᠢᠨ ᠲᠣᠭᠣᠷᠢᠨ᠎ᠳᠤ ᠬᠣᠪᠣᠷ ᠰᠢᠷᠣᠶ᠎ᠶᠢᠨ ᠰᠢᠨ᠎ᠡ ᠮᠠᠲ᠋ᠧᠷᠢᠶᠠᠯ᠂ ᠬᠣᠪᠣᠷ ᠰᠢᠷᠣᠶ᠎ᠶᠢᠨ ᠸᠠᠭᠠᠷ ᠱᠠᠭᠠᠵᠠᠩ᠂ ᠬᠣᠪᠣᠷ ᠰᠢᠷᠣᠶ᠎ᠶᠢᠨ ᠲᠣᠬᠢᠷᠠᠭᠤᠯᠵᠤ ᠡᠵᠡᠮᠳᠡᠬᠦ ᠪᠣᠯᠣᠳ ᠵᠡᠷᠭᠡ ᠬᠣᠰᠢᠭᠤᠷᠠᠯ ᠬᠦᠷᠢᠶᠡᠨ᠎ᠳᠦ ᠴᠢᠭᠯᠡᠭᠦᠯᠦᠨ᠂ ᠰᠢᠰᠲ᠋ᠧᠮᠲᠦ᠍ ᠴᠢᠨᠠᠷᠲᠠᠶ ᠮᠡᠷᠭᠡᠵᠢᠯ᠎ᠦᠨ ᠪᠣᠭᠣᠮᠲᠠ ᠰᠢᠪᠲᠤᠯᠬᠤ ᠠᠵᠢᠯ᠎ᠢ ᠥᠷᠨᠢᠭᠦᠯᠵᠠᠢ᠃ ᠡᠭᠦᠨ᠎ᠳᠦ《ᠬᠣᠪᠣᠷ ᠰᠢᠷᠣᠶ ᠵᠢᠨ ᠲᠡᠮᠦᠷᠯᠢᠭ ᠬᠠᠶ᠋ᠢᠯᠤᠭᠤᠯᠬᠤ ᠪᠠ ᠰᠢᠨ᠎ᠡ ᠮᠠᠲ᠋ᠧᠷᠢᠶᠠᠯ᠎ᠤᠨ ᠪᠠᠭᠰᠢ᠎ᠶᠢᠨ ᠪᠦᠯᠬᠦᠮ》ᠳᠥᠷᠪᠡᠳᠦᠭᠡᠷ ᠪᠦᠯᠦᠭ᠎ᠤᠨ《ᠪᠥᠬᠥ᠌ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ ᠬᠤᠸᠠᠩ ᠳ᠋ᠠ ᠨᠢᠶᠠᠨ ᠮᠠᠶᠢᠭ᠎ᠤᠨ ᠪᠠᠭᠰᠢ᠎ᠶᠢᠨ ᠪᠦᠯᠬᠦᠮ》 ᠤ᠋ᠨ ᠨᠡᠷᠡᠰ᠎ᠲᠦ᠍ ᠵᠢᠭᠰᠠᠭᠠᠭᠳᠠᠵᠠᠢ᠃ ᠲᠣᠰ ᠪᠦᠯᠬᠦᠮ ᠬᠣᠪᠣᠷ ᠰᠢᠷᠤᠢ᠎ᠳᠤ ᠲᠡᠮᠦᠷᠯᠢᠭ ᠬᠠᠶ᠋ᠢᠯᠤᠭᠤᠯᠬᠤ ᠪᠠ ᠰᠢᠨ᠎ᠡ ᠮᠠᠲ᠋ᠧᠷᠢᠶᠠᠯ᠎ᠤᠨ ᠬᠦᠷᠢᠶᠡᠨ᠎ᠳᠡᠬᠢ ᠰᠢᠨᠵᠢᠯᠡᠬᠦ᠌ ᠤᠬᠠᠭᠠᠨ᠎ᠤ ᠰᠤᠳᠤᠯᠭᠠᠨ ᠪᠠ ᠵᠢᠭᠠᠨ ᠰᠤᠷᠭᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ᠎ᠤᠨ ᠭᠤᠤᠯᠳᠠᠯᠭ᠎ᠠ᠎ᠲᠠᠶ ᠰᠤᠳᠤᠯᠤᠨ ᠨᠡᠭᠡᠭᠡᠬᠦ᠌ ᠲᠥᠯᠥᠪᠯᠡᠭᠡ ᠵᠡᠷᠭᠡ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ 142 ᠲᠥᠷᠥᠯ ᠵᠦᠢᠯ᠎ᠢ ᠡᠭᠦᠷᠭᠡᠯᠡᠵᠦ᠍᠂ 32 ᠦᠷ᠎ᠡ ᠪᠦᠲᠦᠭᠡᠯ᠎ᠢ ᠤᠨᠳᠤᠤᠰᠢᠭᠤᠯᠤᠨ᠂ 20 ᠳ᠋ᠦᠩᠰᠢᠭᠤᠷ ᠲᠥᠭᠥᠷᠢᠭ᠎ᠦᠨ ᠦᠢᠯᠡᠳᠬᠦᠨ᠎ᠦ ᠥᠷᠲᠡᠭ᠎ᠢ ᠡᠭᠦᠳᠦᠭᠰᠡᠨ ᠪᠠᠢᠨ᠎ᠠ᠃ ᠰᠤᠷᠭᠠᠭᠤᠯᠢ ᠵᠢᠨᠠᠵᠤ ᠠᠬᠤᠶ᠋ᠢᠯᠠᠯ᠎ᠲᠠᠶ ᠬᠠᠮᠲᠤᠷᠠᠨ ᠭᠤᠶᠤᠴᠢᠯᠠᠨ ᠮᠡᠳᠡᠭᠦᠯᠦᠭᠰᠡᠨ 《ᠬᠣᠪᠣᠷ ᠰᠢᠷᠣᠶ᠎ᠶᠢᠨ ᠲᠣᠬᠢᠷᠠᠭᠤᠯᠭ᠎ᠠ ᠡᠵᠡᠮᠰᠢᠯ᠎ᠤᠨ ᠳᠤᠤᠷ᠎ᠠ ᠥᠷᠲᠡᠭ᠎ᠳᠤ ᠲᠡᠭᠡᠳᠤ ᠤᠶᠠᠨ ᠬᠠᠲᠠᠨ ᠪᠣᠯᠣᠳᠢ ᠰᠤᠳᠤᠯᠤᠨ ᠨᠡᠭᠡᠭᠡᠬᠦ᠌ ᠪᠠ ᠬᠡᠷᠡᠭᠯᠡᠬᠦ᠌ 》 ᠲᠥᠷᠥᠯ ᠵᠦᠢᠯ᠎ᠨᠢ ᠳᠤᠮᠳᠠᠳᠤ ᠤᠯᠤᠰ᠎ᠤᠨ ᠬᠣᠪᠣᠷ ᠰᠢᠷᠣᠶ᠎ᠶᠢᠨ ᠨᠡᠶ᠋ᠢᠭᠡᠮᠯᠢᠭ᠎ᠦᠨ ᠰᠢᠨᠵᠢᠯᠡᠬᠦ᠌ ᠤᠬᠠᠭᠠᠨ ᠮᠡᠷᠭᠡᠵᠢᠯ᠎ᠦᠨ ᠱᠠᠩᠨᠠᠯ᠎ᠤᠨ ᠬᠣᠶᠠᠳᠤᠭᠠᠷ ᠳᠡᠰ᠎ᠤᠨ ᠱᠠᠩᠨᠠᠯ᠎ᠢ ᠭᠥᠷᠳᠡᠵᠦ᠍᠂ ᠨᠢᠬᠡ ᠲᠣᠨ ᠪᠣᠯᠣᠳ᠎ᠤᠨ ᠥᠪᠡᠷ᠎ᠦᠨ ᠥᠷᠲᠡᠭ᠎ᠢ ᠪᠠᠷᠤᠭ 500 ᠲᠥᠭᠥᠷᠢᠭ ᠪᠠᠭᠤᠷᠠᠭᠤᠯᠵᠤ᠂ ᠠᠵᠤ ᠠᠬᠤᠶ᠋ᠢᠯᠠᠯ᠎ᠳᠤ 2 ᠳ᠋ᠦᠩᠰᠢᠭᠤᠷ ᠭᠠᠷᠤᠶ ᠲᠥᠭᠥᠷᠢᠭ᠎ᠦᠨ ᠠᠵᠤ ᠠᠬᠤᠶ᠎ᠶᠢᠨ ᠦᠷ᠎ᠡ ᠠᠰᠢᠭ᠎ᠢ ᠡᠭᠦᠳᠴᠦ ᠦᠭᠴᠡᠢ᠃
ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠦᠨ《ᠲᠤᠷᠰᠢᠯᠲᠠ᠎ᠶᠢᠨ ᠲᠠᠰᠤᠭ 》 ᠡᠴᠡ《ᠦᠢᠯᠡᠳᠪᠦᠷᠢᠯᠡᠯ᠎ᠦᠨ ᠱᠤᠭᠤᠮ 》 ᠲᠡᠶ᠋ᠢᠰᠢ ᠰᠢᠯᠵᠢᠬᠦ᠌ 《 ᠡᠴᠦᠰ᠎ᠦᠨ ᠨᠢᠭᠡ ᠺᠢᠯᠣᠮᠧᠲ᠋ᠷ 》 ᠢ᠋ ᠨᠡᠪᠲᠡᠷᠡᠭᠦᠯᠬᠦ᠌᠎ᠶᠢᠨ ᠲᠥᠯᠥᠭᠡ ᠲᠤᠰ ᠰᠤᠷᠭᠠᠭᠤᠯᠢ ᠪᠤᠭᠤᠲᠤ᠌ ᠵᠢᠨ ᠶᠡᠬᠡ ᠰᠤᠷᠭᠠᠭᠤᠯᠢ᠎ᠶᠢᠨ ᠰᠢᠨᠵᠢᠯᠡᠬᠦ᠌ ᠤᠬᠠᠭᠠᠨ ᠮᠡᠷᠭᠡᠵᠢᠯ᠎ᠦᠨ ᠬᠦᠷᠢᠶᠡᠯᠡᠩ᠎ᠢ ᠳᠠᠭᠠᠭᠤᠯᠤᠨ ᠪᠥᠲᠥᠭᠡᠨ ᠪᠠᠶ᠋ᠢᠭᠤᠯᠵᠤ ᠂ 《 ᠵᠠᠰᠠᠭ ᠤᠨ ᠣᠷᠳᠣᠨ ᠪᠠ ᠰᠤᠷᠭᠠᠭᠤᠯᠢ᠎ᠶᠢᠨ ᠲᠣᠭᠣᠷᠢᠭ》 ᠤ᠋ᠨ ᠬᠠᠮᠵᠢᠯᠴᠠᠨ ᠰᠢᠨ᠎ᠡ᠎ᠶᠢ ᠡᠭᠦᠳᠬᠦ᠌ ᠠᠮᠢ ᠠᠬᠤᠶ ᠶᠢ ᠪᠣᠶ ᠪᠣᠯᠭᠠᠵᠤ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ᠌ ᠤᠬᠠᠭᠠᠨ᠎ᠤ ᠰᠤᠳᠤᠯᠭᠠᠨ ᠤ ᠦᠷ᠎ᠡ ᠪᠦᠲᠦᠭᠡᠯ᠎ᠢ ᠬᠣᠪᠣᠷ ᠰᠢᠷᠣᠶ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠎ᠤᠨ ᠠᠵᠤ ᠦᠢᠯᠡᠰ᠎ᠦᠨ ᠡᠬᠢ ᠪᠠᠶᠠᠯᠢᠭ᠂ ᠠᠵᠤ ᠠᠬᠤᠶ᠋ᠢᠯᠠᠯ᠎ᠤᠨ ᠬᠡᠷᠡᠭᠴᠡᠭᠡ᠎ᠲᠠᠶ ᠣᠨᠣᠪᠴᠢᠲᠠᠶ ᠵᠣᠯᠭᠠᠭᠤᠯᠤᠬᠰᠠᠨ ᠪᠠᠢᠨ᠎ᠠ᠃ ᠣᠶ᠋ᠢᠷ᠎ᠠ᠎ᠶᠢᠨ ᠭᠤᠷᠪᠠᠨ ᠵᠢᠯ᠎ᠦᠨ ᠲᠤᠷᠰᠢ ᠲᠤᠰ ᠰᠤᠷᠭᠠᠭᠤᠯᠢᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠲᠠᠪᠴᠠᠩ ᠬᠢᠭᠡᠳ ᠬᠠᠮᠵᠢᠯᠴᠠᠬᠤ ᠲᠣᠭᠲᠠᠴᠠ᠎ᠳᠤ ᠲᠦᠰᠢᠭᠯᠡᠨ ᠰᠤᠷᠤᠭᠴᠢᠳ᠎ᠤᠨ ᠦᠢᠯᠡᠰ ᠪᠤᠰᠬᠠᠬᠤ 86 ᠲᠥᠷᠥᠯ ᠵᠦᠢᠯ᠎ᠢ ᠢᠯᠭᠤᠮ ᠨᠡᠪᠴᠢᠭᠦᠯᠵᠦ᠍᠂ 500 ᠭᠠᠷᠤᠶ ᠬᠥᠮᠦᠨ᠎ᠦ ᠠᠵᠢᠯ ᠣᠯᠭᠣᠯᠲᠠ᠎ᠶᠢ ᠳᠠᠶ᠋ᠢᠴᠢᠯᠠᠨ᠂ 40 ᠭᠠᠷᠤᠶ ᠵᠦᠢᠯ᠎ᠦᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠤᠨᠳᠤᠤᠰᠢᠭᠤᠯᠬᠤ᠎ᠶᠢ ᠠᠬᠢᠭᠤᠯᠵᠤ᠂ ᠠᠵᠤ ᠠᠬᠤᠶ᠎ᠶᠢᠨ ᠦᠷ᠎ᠡ ᠠᠰᠢᠭ᠎ᠨᠢ ᠳ᠋ᠦᠩᠰᠢᠭᠤᠷ ᠲᠥᠭᠥᠷᠢᠭ᠎ᠢ ᠳᠠᠪᠠᠵᠠᠢ᠃
《ᠬᠣᠶᠠᠷ ᠬᠣᠪᠣᠷ ᠰᠢᠷᠣᠶ᠎ᠶᠢᠨ ᠰᠠᠭᠤᠷᠢᠨ 》 ᠳ᠋ᠤ ᠦᠢᠯᠡᠴᠢᠯᠡᠬᠦ᠌ ᠠᠶᠠᠨ ᠵᠠᠮ ᠳᠡᠭᠡᠷ᠎ᠡ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠡᠴᠡ ᠪᠤᠭᠤᠲᠤ᠎ᠳᠤ ᠨᠤᠲᠤᠭᠰᠢᠭᠰᠠᠨ ᠨᠢᠭᠡ ᠪᠦᠯᠦᠭ 《ᠰᠢᠨ᠎ᠡ ᠬᠣᠪᠣᠷ ᠰᠢᠷᠣᠶ᠎ᠶᠢᠨ ᠬᠥᠮᠦᠨ 》 ᠴᠣᠯᠭᠣᠷᠠᠪᠠ᠃ ᠳ᠋ᠣᠺᠲ᠋ᠣᠷ ᠬᠤ᠌ ᡁᠢ ᠢᠦᠶ ᠬᠥᠭᠵᠢᠭᠰᠡᠨ ᠣᠷᠣᠨ᠎ᠤ ᠬᠠᠷᠠᠭᠠᠯᠵᠠᠯ᠎ᠢ ᠲᠠᠶᠠᠭᠳᠠᠨ᠂ ᠥᠪᠥᠷ ᠮᠣᠩᠭᠣᠯ ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠳᠤ ᠢᠷᠡᠭᠡᠳ᠂ ᠤᠯᠤᠰ ᠤᠨ ᠪᠠᠲᠤᠯᠠᠨ ᠬᠠᠮᠠᠭᠠᠯᠠᠯᠲᠠ᠎ᠶᠢᠨ ᠲᠦᠷᠤᠯ ᠵᠤᠢᠯ᠂ ᠤᠯᠤᠰ᠎ᠤᠨ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠌ ᠵᠡᠷᠭᠡ ᠰᠤᠳᠤᠯᠭᠠᠨ᠎ᠤ ᠰᠡᠳᠦᠪᠲᠦ᠍ ᠣᠷᠣᠯᠴᠠᠵᠠᠢ᠃ ᠳ᠋ᠣᠺᠲ᠋ᠣᠷ ᠷᠧᠨ ᠯᠸᠢ ᠨᠠᠢ᠍ᠮᠠᠨ ᠵᠢᠯ ᠤᠯᠤᠰ᠎ᠤᠨ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠶᠢᠨ 3 ᠲᠦᠷᠦᠯ ᠵᠦᠢᠯ᠎ᠢ ᠡᠷᠬᠢᠯᠡᠨ ᠶᠠᠪᠤᠬᠳᠠᠭᠤᠯᠵᠦ᠂ 40 ᠭᠠᠷᠤᠢ ᠥᠨᠳᠥᠷ ᠲᠦᠪᠰᠢᠨ ᠪᠦᠬᠦᠢ ᠥᠭᠦᠯᠡᠯ ᠨᠡᠶ᠋ᠢᠲᠡᠯᠡᠨ᠂ 《ᠰᠤᠳᠤᠨ ᠴᠢᠳᠠᠪᠤᠷᠢᠳᠠᠨ ᠵᠢᠡᠷ ᠥᠪᠥᠷ ᠮᠣᠩᠭᠣᠯ᠎ᠢᠶᠠᠨ ᠮᠠᠨᠳᠤᠭᠤᠯᠬᠤ》 ᠳᠡᠭᠡᠳᠦ ᠳᠡᠰ᠎ᠤᠨ ᠴᠢᠳᠠᠪᠤᠷᠢᠲᠠᠨ᠎ᠢᠶᠠᠷ ᠰᠣᠩᠭᠣᠭᠳᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃