2026-09-30 11:25:11
ᠵᠠᠯᠠᠭᠤ ᠰᠤᠷᠤᠭ᠍ᠴᠢᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠡᠪ ᠪᠣᠯᠪᠠᠰᠤᠷᠠᠯ᠎ᠢ ᠳᠡᠬᠡᠭᠰᠢᠯᠡᠬᠦᠯᠵᠦ᠂ ᠪᠦᠬᠦ ᠣᠷᠣᠨ ᠤ ᠥᠷᠭᠡᠨ ᠤᠯᠠᠨ ᠵᠠᠯᠠᠭᠤ ᠣᠶᠤᠲᠠᠳ᠎ᠤᠨ ᠤᠯᠤᠰ᠎ᠢᠶᠠᠨ ᠬᠠᠢᠷᠠᠯᠠᠬᠤ ᠰᠡᠳᠬᠢᠯᠭᠡ ᠵᠢ ᠵᠤᠵᠠᠭᠠᠳᠬᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠬᠠᠯᠠᠮᠵᠢᠯᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠵᠢᠨ ᠦᠢᠯᠡᠰ᠎ᠢ ᠬᠠᠢᠷᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ᠎ᠳᠤ ᠣᠷᠣᠯᠴᠠᠬᠤ᠎ᠶᠢ ᠬᠥᠲᠥᠯᠥᠨ ᠳᠠᠭᠠᠭᠤᠯᠬᠤ ᠵᠢᠨ ᠲᠦᠯᠦᠬᠡ ᠬᠤᠷᠢᠨ ᠵᠢᠷᠭᠤᠳᠡᠬᠢ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠡᠳᠦᠷᠬᠦᠷᠴᠦ ᠢᠷᠡᠬᠦ ᠲᠠᠰᠢᠷᠠᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠠᠴᠠ ᠳᠠᠭᠠᠭᠠᠴᠢᠯᠠᠨ ᠡᠷᠬᠢᠯᠡᠵᠦ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠠᠴᠠ ᠬᠠᠮᠵᠢᠯᠴᠠᠨ ᠡᠷᠬᠢᠯᠡᠭᠰᠡᠡ 2026 ᠣᠨ᠎ᠤ 《ᠤᠯᠤᠰ᠎ᠤᠨ ᠪᠠᠳᠤᠯᠠᠨ ᠬᠠᠮᠠᠭᠠᠯᠠᠯᠳᠠ ᠵᠢᠨ ᠦᠢᠯᠡᠰ ᠲᠤ᠌ ᠬᠠᠢᠷᠠᠳᠠᠢ》 ᠪᠦᠬᠦ ᠣᠷᠣᠨ᠎ᠤ ᠣᠶᠤᠲᠠᠳ᠎ᠤᠨ ᠭᠣᠣᠯ ᠰᠡᠳᠦᠪᠲᠦ ᠶᠠᠷᠢᠶ᠎ᠠ ᠢᠯᠡᠳᠬᠡᠯ᠎ᠦᠨ ᠰᠢᠢᠳᠪᠦᠷᠢᠲᠦ ᠤᠷᠤᠯᠳᠤᠭᠠᠨ ᠲᠦᠷᠦᠭᠦᠭᠡᠨ ᠠᠮᠵᠢᠯᠲᠠ᠎ᠲᠠᠢ ᠥᠨᠳᠥᠷᠯᠡᠪᠡ᠃
ᠲᠤᠰ ᠤᠳᠠᠭ᠎ᠠ᠎ᠶᠢᠨ ᠤᠷᠤᠯᠳᠤᠭᠠᠨ ᠨᠢ 2026 ᠣᠨ᠎ᠤ 5 ᠰᠠᠷ᠎ᠠ᠎ᠠᠴᠠ ᠡᠬᠢᠯᠡᠵᠦ ᠲᠦᠷᠪᠡᠨ ᠰᠠᠷ᠎ᠠ ᠶᠠᠪᠤᠭᠳᠠᠵᠤ᠂ ᠪᠦᠬᠦ ᠣᠷᠣᠨ᠎ᠤ ᠶᠡᠬᠡ ᠳᠡᠭᠡᠳᠦ ᠰᠤᠷᠭᠠᠭᠤᠯᠢ ᠵᠢᠨ ᠰᠤᠷᠭᠠᠭᠤᠯᠢ᠎ᠵᠢᠨ ᠲᠤᠳᠤᠷᠠᠬᠢ ᠤᠷᠤᠯᠳᠤᠭᠠᠨ᠂ ᠥᠪᠡᠷᠲᠡᠭᠡᠨ ᠵᠠᠰᠠᠬᠤ ᠣᠷᠣᠨ᠎ᠤ ᠨᠤᠭᠤᠯᠤᠭ᠎ᠠ ᠤᠷᠤᠯᠳᠤᠭᠠᠨ ᠵᠢᠡᠷ ᠳᠠᠮᠵᠢᠨ᠂ ᠪᠦᠬᠦ ᠣᠷᠣᠨ ᠤ 12 ᠶᠡᠬᠡ ᠳᠡᠭᠡᠳᠦ ᠰᠤᠷᠭᠠᠭᠤᠯᠢ᠎ᠶᠢᠨ 12 ᠰᠢᠯᠢᠳᠡᠭ ᠤᠷᠤᠯᠴᠠᠭᠴᠢ ᠰᠢᠢᠳᠪᠦᠷᠢᠲᠦ ᠤᠷᠤᠯᠳᠤᠭᠠᠨ᠎ᠳ᠋ᠤ ᠦᠷᠢᠰᠦᠯᠳᠦᠵᠡᠢ᠃
ᠤᠷᠤᠯᠳᠤᠭᠠᠨ ᠳ᠋ᠤ ᠤᠷᠤᠯᠴᠠᠭᠰᠠᠳ ᠠᠬᠠᠮᠠᠳ ᠬᠤᠪᠢᠰᠬᠠᠯᠴᠢᠳ᠎ᠤᠨ ᠬᠠᠯᠠᠭᠤᠨ ᠴᠢᠰᠤ ᠪᠠᠨ ᠤᠷᠤᠰᠬᠠᠨ ᠡᠷᠡᠯᠬᠡᠭᠯᠡᠨ ᠪᠠᠢᠯᠳᠤᠭᠰᠠᠨ ᠭᠠᠢᠬᠠᠮᠰᠢᠭ᠍ᠲᠤ ᠣᠨ ᠰᠠᠷ᠎ᠠ᠎ᠶᠢ ᠳᠤᠷᠠᠰᠤᠨ ᠰᠠᠨᠠᠭᠠᠯᠵᠠᠵᠤ᠂ ᠤᠯᠤᠰᠤᠷᠤᠨ ᠬᠢᠯᠢ ᠬᠢᠵᠠᠭᠠᠷ᠎ᠢᠶᠠᠨ ᠰᠠᠬᠢᠨ ᠬᠠᠮᠠᠭᠠᠯᠠᠵᠤ ᠪᠠᠢᠭ᠎ᠠ ᠳᠠᠷᠤᠭ᠎ᠠ ᠪᠠᠢᠯᠳᠤᠭ᠍ᠴᠢᠳ᠎ᠤᠨ ᠦᠨᠡᠨᠴᠢ ᠰᠢᠳᠤᠷᠭᠤ ᠬᠠᠷᠢᠭᠤᠴᠠᠯᠭ᠎ᠠ ᠡᠬᠦᠷᠭᠡᠯᠡᠯ᠎ᠳᠤ ᠬᠦᠨᠳᠦᠳᠬᠡᠯ ᠳᠡᠪᠰᠢᠭᠦᠯᠵᠦ᠂ ᠰᠢᠨ᠎ᠡ ᠴᠠᠭ ᠦᠶ᠎ᠡ᠎ᠶᠢᠨ ᠵᠠᠯᠠᠭᠤ ᠰᠤᠷᠤᠭ᠍ᠴᠢᠳ᠎ᠤᠨ ᠤᠯᠤᠰ᠎ᠲᠠᠭᠠᠨ ᠵᠢᠳᠬᠦᠬᠦ ᠵᠣᠷᠢᠭ᠋ᠰᠠᠨᠠᠭᠠ ᠵᠢ ᠢᠯᠡᠷᠡᠬᠦᠯᠪᠡ᠃ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 77 ᠵᠢᠯ᠎ᠦᠨ ᠣᠶ᠂ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ᠎ᠦᠨ ᠣᠷᠳᠣ᠌ ᠵᠠᠮ᠎ᠤᠨ ᠠᠶᠠᠨ ᠲᠡᠶ᠋ᠢᠨ ᠢᠯᠠᠯᠲᠠ ᠣᠯᠣᠭᠰᠠᠨ 90 ᠵᠢᠯ᠎ᠦᠨ ᠣᠶ ᠶᠢ ᠳᠤᠷᠠᠰᠬᠠᠬᠤ ᠲᠠᠰᠢᠷᠠᠮᠵᠢᠡᠷ ᠤᠷᠤᠯᠳᠤᠭᠠᠨ᠎ᠢ ᠠᠮᠵᠢᠯᠲᠠ᠎ᠲᠠᠢ ᠡᠷᠭᠢᠯᠡᠭᠰᠡᠨ ᠨᠢ ᠪᠥᠬᠥ ᠣᠷᠣᠨ ᠤ ᠶᠡᠬᠡ ᠳᠡᠭᠡᠳᠦ ᠰᠤᠷᠭᠠᠭᠤᠯᠢ᠎ᠶᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠡᠯᠪᠡᠭ ᠪᠠᠶᠠᠯᠢᠭ᠋ ᠦᠷ᠎ᠡ ᠪᠦᠲᠦᠭᠡᠯ ᠢ ᠭᠦᠢᠴᠡᠳ ᠬᠠᠷᠠᠭᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃