2026-10-06 12:58:56
ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠡᠴᠡ ᠭᠤᠤᠯᠯᠠᠨ ᠡᠷᠭᠢᠯᠡᠵᠦ᠍᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶᠢᠨ ᠶᠡᠬᠡ ᠰᠤᠷᠭᠠᠭᠤᠯᠢ ᠂ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠎ᠠᠴᠠ ᠬᠠᠮᠵᠢᠨ ᠡᠷᠭᠢᠯᠡᠭᠰᠡᠨ ᠥᠪᠥᠷ ᠮᠣᠩᠭᠣᠯ᠎ᠦᠨ ᠭᠠᠵᠠᠷ ᠣᠷᠣᠨ᠎ᠤ ᠬᠤᠪᠢᠶᠠᠷᠢᠯᠡᠯ ᠭᠠᠵᠠᠷ᠎ᠤᠨ ᠨᠡᠷᠡᠶ᠋ᠢᠳᠦᠯ᠎ᠦᠨ ᠲᠡᠦᠬᠡ ᠰᠣᠶᠣᠯ᠎ᠤᠨ ᠭᠤᠤᠯ ᠰᠡᠳᠦᠪᠲᠦ᠍ ᠤᠬᠠᠭᠤᠯᠭ᠎ᠠ᠎ᠶᠢᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠵᠤ᠂ ᠶᠡᠬᠡ ᠳᠡᠭᠡᠳᠦ ᠰᠤᠷᠭᠠᠭᠤᠯᠢ᠎ᠶᠢᠨ 2000 ᠰᠢᠬᠠᠮ ᠪᠠᠭᠰᠢ ᠰᠤᠷᠤᠭᠴᠢᠳ ᠣᠷᠣᠯᠴᠠᠵᠠᠶ᠃
ᠲᠣᠰ ᠤᠳᠠᠭᠠᠨ᠎ᠤ ᠠᠵᠢᠯᠯᠠᠭ᠎ᠠ᠎ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠤᠤᠯ ᠰᠢᠵᠢᠮ ᠪᠣᠯᠭᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠠᠯ᠎ᠤᠨ ᠬᠤᠪᠢᠷᠠᠯᠲᠠ ᠪᠠ ᠭᠠᠵᠠᠷ᠎ᠤᠨ ᠨᠡᠷᠡᠶ᠋ᠢᠳᠦᠯ᠎ᠦᠨ ᠰᠣᠶᠣᠯ᠎ᠤᠨ ᠥᠪ᠎ᠦᠨ ᠠᠭᠤᠯᠤᠭᠳᠠᠬᠤᠨ᠎ᠢ ᠲᠥᠪᠯᠡᠷᠡᠩᠭᠦᠶ ᠳᠡᠯᠭᠡᠨ ᠦᠵᠡᠭᠦᠯᠵᠦ᠍᠂ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠂ ᠥᠰᠥᠭ ᠵᠢᠷᠤᠭ᠎ᠦᠨ ᠦᠵᠡᠬᠦᠯᠭᠡ ᠵᠡᠷᠭᠡ᠎ᠶᠢ ᠤᠶᠠᠯᠳᠤᠭᠤᠯᠬᠤ ᠬᠡᠯᠪᠡᠷᠢ᠎ᠪᠡᠷ ᠭᠠᠵᠠᠷ ᠣᠷᠣᠨ᠎ᠤ ᠬᠤᠪᠢᠶᠠᠷᠢᠯᠠᠯ ᠭᠠᠵᠠᠷ᠎ᠤᠨ ᠨᠡᠷᠡᠶ᠋ᠢᠳᠦᠯ᠎ᠦᠨ ᠲᠤᠬᠠᠢ ᠮᠡᠳᠡᠯᠭᠡ᠎ᠶᠢ ᠲᠦᠭᠡᠮᠡᠯᠵᠢᠭᠦᠯᠵᠦ᠍᠂ ᠥᠷᠭᠡᠨ ᠣᠯᠠᠨ ᠪᠠᠭᠰᠢ ᠰᠤᠷᠤᠭᠴᠢᠳ᠎ᠲᠤ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠬᠤᠪᠢᠷᠠᠯᠲᠠ ᠬᠢᠭᠡᠳ ᠬᠥᠮᠦᠨ ᠨᠡᠶ᠋ᠢᠭᠡᠮᠰᠤᠶᠤᠯᠢ ᠲᠠᠨᠢᠯᠴᠠᠭᠤᠯᠤᠨ ᠣᠶ᠋ᠢᠯᠠᠭᠠᠭᠤᠯᠪᠠ᠃
ᠦᠵᠡᠭᠦᠯᠭᠡ᠎ᠶᠢᠨ ᠲᠣᠭᠣᠷᠢᠭ᠎ᠲᠤ᠌ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠠᠴᠠ ᠨᠠᠭᠠᠰᠢᠬᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠭᠠᠵᠠᠷ ᠤᠷᠤᠨ᠎ᠤ ᠬᠤᠪᠢᠶᠠᠷᠢᠯᠠᠯ᠎ᠦᠨ ᠬᠤᠪᠢᠷᠠᠯᠳᠠ ᠵᠢᠨ ᠭᠠᠵᠠᠷ᠎ᠤᠨ ᠵᠢᠷᠤᠭ᠎ᠤᠨ ᠦᠵᠡᠭᠦᠯᠭᠡ᠂ ᠠᠩᠬᠠᠨ᠎ᠤ ᠪᠦᠯᠦᠭ᠎ᠦᠨ ᠭᠠᠵᠠᠷ᠎ᠤᠨ ᠨᠡᠷᠠᠢᠳᠤᠯᠤᠨ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠦᠵᠡᠭᠦᠯᠭᠡ ᠵᠢ ᠲᠤᠬᠢᠷᠠᠭᠤᠯᠵᠤ᠂ ᠤᠯᠠᠷᠢᠯ ᠬᠤᠪᠢᠷᠠᠯ᠎ᠤᠨ ᠦᠯᠢᠭᠡᠷ᠎ᠢ ᠬᠤᠪᠢᠶᠠᠯᠴᠠᠵᠤ᠂ ᠪᠠᠭᠰᠢ ᠰᠤᠷᠤᠭᠴᠢᠳ᠎ᠤᠨ ᠠᠩᠬᠠᠷᠤᠯ᠎ᠢ ᠲᠠᠲᠠᠪᠠ᠃ ᠪᠠᠭᠰᠢ ᠰᠤᠷᠤᠭᠴᠢᠳ ᠭᠠᠵᠠᠷ ᠣᠷᠣᠨ᠎ᠤ ᠬᠤᠪᠢᠶᠠᠷᠢᠯᠠᠯ᠎ᠤᠨ ᠬᠤᠪᠢᠷᠠᠯᠲᠠ᠎ᠶᠢ ᠨᠠᠷᠢᠨ ᠰᠢᠨᠵᠢᠬᠦ ᠪᠤᠶᠤ ᠭᠠᠵᠠᠷ᠎ᠤᠨ ᠨᠡᠷᠠᠢᠳᠤᠯᠦᠨ ᠠᠷᠤ ᠳ᠋ᠡᠬᠢ ᠲᠡᠦᠭᠡ ᠰᠤᠶᠤᠯ᠎ᠤᠨ ᠦᠯᠢᠭᠡᠷ᠎ᠢ ᠬᠠᠷᠢᠯᠴᠠᠨ ᠰᠣᠯᠢᠯᠴᠠᠵᠤ ᠬᠦᠭᠵᠢᠶᠡᠨᠳᠡᠢ ᠶᠠᠷᠢᠯᠴᠠᠵᠤ ᠪᠠᠢᠯ᠎ᠠ᠃ ᠠᠵᠢᠯᠯᠠᠭ᠎ᠠ ᠲᠡᠭᠡᠷ᠎ᠡ ᠪᠠᠰᠠ ᠰᠣᠨᠢᠷᠬᠠᠯᠲᠤ᠌ ᠲᠣᠭᠯᠠᠭᠠᠮ᠎ᠤᠨ ᠬᠡᠯᠪᠡᠷᠢ᠎ᠪᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠳᠡᠪᠢᠰᠬᠡᠷ᠂ ᠭᠠᠵᠠᠷ ᠣᠷᠣᠨ᠎ᠤ ᠬᠤᠪᠢᠶᠠᠷᠢᠯᠠᠯ᠎ᠤᠨ ᠰᠣᠶᠣᠯ ᠵᠢᠴᠢ ᠬᠠᠤᠯᠢ ᠲᠤᠬᠳᠠᠭᠠᠯ᠎ᠦᠨ ᠮᠡᠳᠡᠯᠭᠡ᠎ᠶᠢ ᠤᠬᠠᠭᠤᠯᠵᠤ᠂ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠪᠠ᠃
ᠲᠤᠰ ᠤᠳᠠᠭᠠᠨ᠎ᠤ ᠠᠵᠢᠯᠯᠠᠭ᠎ᠠ ᠨᠢ ᠭᠠᠵᠠᠷ ᠣᠷᠣᠨ᠎ᠤ ᠬᠤᠪᠢᠶᠠᠷᠢᠯᠠᠯ᠎ᠢᠶᠠᠷ ᠰᠤᠳᠠᠰᠤ ᠪᠣᠯᠭᠠᠵᠤ᠂ ᠭᠠᠵᠠᠷ᠎ᠤᠨ ᠨᠡᠷᠠᠢᠳᠤᠯᠢᠶᠡᠷ ᠠᠴᠢᠶᠠᠯᠠᠪᠤᠷᠢ ᠪᠣᠯᠭᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭᠠᠷ᠎ᠤᠨ ᠵᠠᠰᠠᠯᠲᠠ᠂ ᠣᠷᠣᠨ ᠪᠦᠰᠡ᠎ᠶᠢᠨ ᠬᠥᠭᠵᠢᠯᠲᠡ᠂ ᠦᠨᠳᠦᠰᠦᠲᠡᠨ᠎ᠦ ᠪᠦᠯᠬᠦᠮᠳᠡᠯ᠎ᠦᠨ ᠲᠡᠦᠭᠡᠨ ᠤᠯᠠ ᠮᠥᠷ᠎ᠢ ᠰᠢᠭᠤᠳ ᠢᠯᠡᠷᠡᠭᠦᠯᠵᠦ᠍᠂ ᠤᠯᠠᠨ ᠲᠦᠮᠡᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠤᠪᠢᠶᠠᠷᠢᠯᠠᠯ ᠭᠠᠵᠠᠷ᠎ᠦᠨ ᠨᠠᠷᠡᠢᠳᠤᠯ᠎ᠤᠨ ᠰᠣᠶᠣᠯ᠎ᠤᠨ ᠲᠤᠬᠠᠢ ᠬᠠᠮᠳᠤ ᠵᠢᠨ ᠲᠠᠨᠢᠯᠳᠠ ᠵᠢ ᠪᠦᠲᠦᠮᠵᠢᠲᠡᠢ ᠳᠡᠭᠡᠭᠰᠢᠯᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃