ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-10-24 17:46:17

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

10 ᠰᠠᠷ᠎ᠠ᠎ᠶ᠋ᠢᠨ 17 — 18᠎ᠤ᠋ ᠡᠳᠦᠷ ᠪᠣᠯᠲᠠᠯ᠎ᠠ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠪᠯᠡᠯ᠎ᠤᠨ ᠬᠤᠷᠢᠶ᠎ᠠ᠎ᠠᠴᠠ ᠵᠢᠯᠤᠭᠤᠳᠴᠤ᠌᠂ ᠥᠪᠡᠷᠲᠡᠭᠡᠨ ᠵᠠᠰᠠᠬᠤ ᠣᠷᠤᠨ᠎ᠤ ᠡᠷᠳᠡᠮ ᠰᠢᠨᠵᠢᠯᠡᠭᠡᠨ᠎ᠤ ᠨᠡᠢᠭᠡᠮᠯᠢᠭ᠎ᠠᠴᠠ ᠭᠤᠤᠯᠯᠠᠨ ᠡᠷᠭᠢᠯᠡᠭᠰᠡᠨ 2026 ᠣᠨ᠎ᠤ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠶᠡᠭᠡ ᠳᠡᠭᠡᠳᠦ ᠰᠤᠷᠭᠠᠭᠤᠯᠢ᠎ᠶ᠋ᠢᠨ ᠰᠤᠷᠤᠭᠴᠢᠳ᠎ᠤᠨ ᠵᠥᠪᠯᠡᠯ᠎ᠤᠨ 《ᠪᠢ ᠬᠠᠮᠲᠤ᠌ ᠰᠤᠷᠤᠭᠴᠢᠳ᠎ᠲᠠᠭᠠᠨ ᠪᠣᠳᠠᠲᠠᠢ ᠠᠵᠢᠯ ᠬᠢᠵᠦ᠍ ᠥᠭᠬᠦ᠌》 ᠲᠥᠷᠦᠯ ᠵᠦᠢᠯ᠎ᠤᠨ ᠰᠣᠯᠢᠯᠴᠠᠭ᠎ᠠ ᠦᠵᠡᠭᠦᠯᠭᠡ᠎ᠶ᠋ᠢᠨ ᠠᠵᠢᠯᠯᠠᠭ᠎ᠠ ᠪᠤᠭᠤᠲᠤ᠎ᠶ᠋ᠢᠨ ᠪᠠᠭᠰᠢ᠎ᠶ᠋ᠢᠨ ᠳᠡᠭᠡᠳᠦ ᠰᠤᠷᠭᠠᠭᠤᠯᠢ᠎ᠳᠤ ᠶᠠᠪᠤᠬᠳᠠᠪᠠ᠃ ᠪᠥᠬᠦ᠌ ᠣᠷᠤᠨ᠎ᠤ 56 ᠶᠡᠭᠡ ᠳᠡᠭᠡᠳᠦ ᠰᠤᠷᠭᠠᠭᠤᠯᠢ᠎ᠶ᠋ᠢᠨ ᠪᠠᠭᠰᠢ ᠰᠤᠷᠤᠭᠴᠢᠳ᠎ᠤᠨ ᠲᠥᠯᠦᠭᠡᠯᠡᠭᠴᠢ ᠨᠡᠶ᠋ᠢᠲᠡ 1400 ᠭᠠᠷᠤᠢ ᠬᠥᠮᠦᠨ ᠠᠵᠢᠯᠯᠠᠭ᠎ᠠ᠎ᠳᠤ ᠣᠷᠤᠯᠴᠠᠵᠠᠢ᠃

ᠲᠣᠰ ᠤᠳᠠᠭᠠᠨ᠎ᠤ ᠠᠵᠢᠯᠯᠠᠭ᠎ᠠ᠎ᠨᠢ 《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠦᠪᠵᠢᠭᠦᠯᠭᠡ ᠵᠢᠨ ᠬᠤᠭᠤᠴᠠᠭᠠᠨ ᠳ᠋ᠤ ᠵᠢᠳᠬᠦᠯ ᠴᠢᠷᠮᠠᠢᠯᠭ᠎ᠠ ᠭᠠᠷᠭᠠᠨ᠂ ᠵᠠᠯᠠᠭᠤ ᠽᠠᠨᠳᠠᠨ ᠨᠠᠰᠤᠨ ᠳ᠋ᠠᠭᠠᠨ ᠳᠤᠮᠳᠠᠳᠤ ᠤᠯᠤᠰ᠎ᠤᠨ ᠮᠠᠶᠢᠬ᠎ᠤᠨ ᠣᠳᠤᠬᠢᠴᠢᠯᠠᠯᠲᠠ ᠵᠢ ᠪᠡᠶᠡᠯᠡᠬᠦᠯᠬᠦ ᠳ᠋ᠦ ᠬᠠᠷᠢᠭᠤᠴᠠᠯᠭ᠎ᠠ ᠡᠭᠦᠷᠭᠡᠯᠡᠨᠡᠮ》 ᠭᠡᠬᠦ ᠪᠡᠷ ᠭᠤᠤᠯ ᠰᠡᠳᠦᠪ ᠪᠣᠯᠭᠠᠵᠠᠢ᠃ ᠠᠵᠢᠯᠯᠠᠭ᠎ᠠ ᠵᠢ ᠡᠬᠢᠯᠡᠭᠦᠯᠦᠭᠰᠡᠨ᠎ᠠᠴᠠ ᠨᠠᠭᠠᠰᠢ᠂ ᠪᠥᠬᠦ᠌ ᠣᠷᠤᠨ᠎ᠤ ᠡᠯ᠎ᠡ ᠶᠡᠭᠡ ᠳᠡᠭᠡᠳᠦ ᠰᠤᠷᠭᠠᠭᠤᠯᠢ᠎ᠶ᠋ᠢᠨ ᠰᠤᠷᠤᠭᠴᠢᠳ ᠢᠳᠡᠪᠬᠢᠲᠡᠢ ᠴᠤᠤᠷᠢᠶᠠᠲᠤᠵᠤ᠂ ᠨᠡᠶ᠋ᠢᠲᠡ 162 ᠲᠥᠷᠦᠯ ᠵᠦᠢᠯ᠎ᠨᠡᠷ᠎ᠡ ᠮᠡᠳᠡᠭᠦᠯᠪᠡ᠃ ᠲᠤᠰᠭᠠᠢ ᠮᠡᠷᠭᠡᠵᠢᠯᠲᠡᠨ᠎ᠤ ᠰᠢᠯᠭᠠᠷᠠᠭᠤᠯᠤᠯᠲᠠ᠎ᠪᠠᠷ ᠳᠡᠮᠵᠢᠨ᠂ 41 ᠶᠡᠭᠡ ᠳᠡᠭᠡᠳᠦ ᠰᠤᠷᠭᠠᠭᠤᠯᠢ᠎ᠵᠢᠨ 50 ᠲᠥᠷᠦᠯ ᠵᠦᠢᠯ᠎ᠢ ᠳᠡᠯᠭᠡᠨ ᠦᠵᠡᠭᠦᠯᠬᠦ ᠪᠡᠷ ᠲᠤᠭᠳᠠᠪᠠ᠃ ᠡᠳᠡᠭᠡᠷ ᠲᠥᠷᠦᠯ ᠵᠦᠢᠯ ᠨᠢ ᠦᠵᠡᠯ ᠰᠠᠨᠠᠭ᠎ᠠ᠎ᠪᠠᠷ ᠬᠥᠲᠦᠯᠦᠨ ᠳᠠᠭᠠᠭᠤᠯᠬᠤ᠂ ᠰᠤᠷᠤᠯᠴᠠᠯᠭ᠎ᠠ᠎ᠶ᠋ᠢ ᠠᠬᠢᠭᠤᠯᠬᠤ᠂ ᠠᠵᠢᠯ ᠣᠯᠵᠤ ᠦᠢᠯᠡᠰ ᠪᠤᠰᠬᠠᠬᠤ᠂ ᠨᠡᠶ᠋ᠢᠭᠡᠮ᠎ᠤᠨ ᠦᠢᠯᠡᠳᠦᠯᠭᠡ᠂ ᠰᠡᠳᠬᠢᠴᠡ᠎ᠶ᠋ᠢᠨ ᠡᠷᠡᠭᠦᠯ ᠮᠡᠨᠳᠦ᠂ ᠦᠨᠳᠦᠰᠦᠲᠡᠨ᠎ᠤ ᠪᠦᠯᠬᠦᠮᠳᠡᠯ᠂ ᠬᠦᠴᠢᠷᠳᠡᠯ᠎ᠢ ᠬᠠᠪᠰᠤᠷᠤᠨ ᠲᠡᠳᠬᠦᠬᠦ᠂ ᠰᠤᠷᠭᠠᠭᠤᠯᠢ᠎ᠶ᠋ᠢᠨ ᠬᠦᠷᠢᠶᠡᠨ᠎ᠤ ᠵᠠᠰᠠᠯᠲᠠ᠂ ᠰᠣᠶᠤᠯ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ ᠵᠡᠷᠭᠡ ᠠᠷᠪᠠᠨ ᠶᠡᠭᠡ ᠲᠥᠷᠦᠯ ᠵᠤᠶ᠋ᠢᠯ᠎ᠢ ᠬᠠᠮᠤᠷᠴᠤ᠌᠂ ᠰᠤᠷᠤᠭᠴᠢᠳ᠎ᠤᠨ ᠪᠠᠴᠢᠮᠳᠠᠵᠦ ᠬᠦᠴᠢᠷᠳᠡᠵᠦ ᠵᠣᠪᠠᠨᠢᠵᠦ ᠬᠦᠰᠡᠵᠦ ᠪᠠᠢᠭ᠎ᠠ ᠠᠰᠠᠭᠤᠳᠠᠯ ᠳ᠋ᠦ ᠠᠩᠬᠠᠷᠤᠯ᠎ᠢᠶᠠᠨ ᠲᠥᠪᠯᠡᠷᠡᠭᠦᠯᠦᠨ᠂ ᠪᠥᠬᠦ᠌ ᠣᠷᠤᠨ᠎ᠤ ᠰᠤᠷᠤᠭᠴᠢᠳ᠎ᠤᠨ ᠵᠥᠪᠯᠡᠯ᠎ᠤᠨ ᠰᠤᠷᠤᠭᠴᠢᠳ᠎ᠤᠨ ᠪᠠᠢᠳᠠᠯ᠎ᠢ ᠦᠨᠳᠦᠰᠦᠯᠡᠨ ᠦᠢᠯᠡᠴᠢᠯᠡᠭᠡ᠎ᠪᠠᠷ ᠦᠰᠦᠨ ᠪᠤᠶ᠋ᠢᠵᠢᠯᠲᠠ ᠵᠢ ᠠᠬᠢᠭᠤᠯᠤᠬᠰᠠᠨ ᠦᠷ᠎ᠡ ᠪᠦᠲᠦᠮᠵᠢ᠎ᠶ᠋ᠢ ᠲᠥᠪᠯᠡᠷᠡᠭᠦᠯᠦᠨ ᠢᠯᠡᠷᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面