ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-10-24 17:44:23

ᠵᠣᠬᠢᠶᠠᠭ᠍ᠴᠢ᠄ ᠯᠢᠦ ᡁᠢ ᠰᠢᠶᠠᠨ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 21 ᠎ᠦ ᠡᠳᠦᠷ᠂ ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠣᠶ᠋ᠢᠯᠠᠭᠠᠭᠰᠠᠨ᠎ᠢᠶᠠᠷ᠂ ᠲᠦᠷᠦᠭᠦᠬᠡᠨ ᠶᠠᠪᠤᠭᠳᠠᠭᠰᠠᠨ 2026 ᠣᠨ᠎ᠤ ᠳᠡᠯᠡᠬᠡᠶ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠤᠷ᠎ᠠ ᠴᠢᠳᠠᠪᠤᠷᠢ᠎ᠶᠢᠨ ᠤᠷᠤᠯᠳᠤᠭᠠᠨ᠎ᠳᠤ᠂ ᠥᠪᠥᠷ ᠮᠣᠩᠭᠣᠯ 13 ᠠᠯᠲᠠᠨ ᠮᠧᠳᠠᠯ᠂ 19 ᠮᠥᠩᠭᠥᠨ ᠮᠧᠳᠠᠯ᠂ 46 ᠭᠦᠷᠡᠯ ᠮᠧᠳᠠᠯ ᠣᠯᠵᠤ᠂ ᠠᠯᠲᠠᠨ ᠮᠧᠳᠠᠯ᠎ᠤᠨ ᠳᠤᠭ᠎ᠠ 6 ᠵᠢᠯ ᠳᠠᠷᠠᠭᠠᠯᠠᠨ ᠨᠡᠮᠡᠭᠳᠡᠵᠠᠶ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠤᠯᠳᠤᠭᠠᠨ᠎ᠤ ᠲᠣᠭᠣᠷᠢᠭ 2026 ᠣᠨ᠎ᠤ ᠳᠡᠯᠡᠬᠡᠶ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠤᠷ᠎ᠠ ᠴᠢᠳᠠᠪᠤᠷᠢ᠎ᠶᠢᠨ ᠤᠷᠤᠯᠳᠤᠭᠠᠨ᠎ᠤ 《ᠰᠢᠯᠢᠳᠡᠭ ᠵᠣᠬᠢᠶᠠᠨ ᠪᠠᠶ᠋ᠢᠭᠤᠯᠤᠯᠲᠠ᠎ᠶᠢᠨ ᠱᠠᠩᠨᠠᠯ》᠎ᠢ ᠭᠥᠷᠳᠡᠪᠡ᠃

ᠲᠣᠰ ᠬᠤᠭᠤᠴᠠᠭᠠᠨ᠎ᠤ ᠤᠷᠤᠯᠳᠤᠭᠠᠨ᠎ᠢ ᠰᠤᠷᠭᠠᠨ ᠬᠥᠮᠦᠵᠢᠯ᠎ᠦᠨ ᠶᠠᠮᠤᠨ ᠲᠦᠷᠦᠭᠦᠯᠡᠨ ᠣᠯᠠᠨ ᠰᠠᠯᠠᠭ᠎ᠠ ᠮᠥᠴᠢᠷ᠎ᠲᠡᠶ ᠬᠠᠮᠲᠤᠷᠠᠨ ᠭᠤᠤᠯᠯᠠᠨ ᠡᠷᠭᠢᠯᠡᠵᠦ᠍᠂ ᠤᠷᠤᠯᠳᠤᠭᠠᠨ᠎ᠳᠤ ᠨᠡᠶ᠋ᠢᠲᠡ 43 ᠤᠷᠤᠯᠳᠤᠭᠠᠨ᠎ᠤ ᠲᠦᠷᠦᠯ ᠵᠠᠨᠠᠷ ᠭᠠᠷᠭᠠᠵᠤ᠂ ᠲᠠᠪᠤᠨ ᠲᠢᠪ᠎ᠦᠨ 78 ᠤᠯᠤᠰ᠎ᠤᠨ 9391 ᠡᠩᠨᠡᠭᠡ᠂ 3.6 ᠲᠦᠮᠡᠨ ᠲᠠᠮᠢᠷᠴᠢᠨ ᠤᠷᠤᠯᠳᠤᠭᠠᠨ᠎ᠳᠤ ᠣᠷᠣᠯᠴᠠᠵᠠᠶ᠃ ᠡᠭᠦᠨ᠎ᠳᠦ᠂ ᠥᠪᠥᠷ ᠮᠣᠩᠭᠣᠯ 29 ᠤᠷᠤᠯᠳᠤᠭᠠᠨ᠎ᠤ ᠲᠣᠭᠣᠷᠢᠭ᠎ᠤᠨ ᠨᠢᠭᠡ ᠪᠣᠯᠤᠭᠰᠠᠨ᠎ᠤ ᠬᠤᠪᠢ᠎ᠳᠤ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠲᠠᠶ ᠨᠢᠭᠲᠠ ᠵᠣᠯᠭᠠᠯᠴᠠᠭᠰᠠᠨ ᠮᠠᠰᠢᠨ ᠮᠧᠬᠠᠨᠢᠭ ᠵᠢᠷᠤᠵᠤ ᠲᠥᠯᠥᠪᠯᠡᠬᠦ᠌ ᠪᠠ ᠦᠢᠯᠡᠳᠬᠦ᠌᠂ ᠢᠳᠡᠭᠡᠨ ᠪᠠ ᠠᠮᠤ ᠪᠤᠳᠠᠭ᠎ᠠ ᠬᠣᠶᠠᠷ ᠤᠷᠤᠯᠳᠤᠭᠠᠨ᠎ᠤ ᠲᠦᠷᠦᠯ ᠵᠠᠨᠠᠷ᠎ᠤᠨ ᠲᠡᠮᠡᠴᠡᠭᠡᠨ᠎ᠢ ᠳᠠᠭᠠᠭᠠᠴᠢᠯᠠᠨ ᠡᠷᠭᠢᠯᠡᠵᠦ᠍᠂ ᠤᠷᠤᠯᠳᠤᠭᠠᠨ ᠡᠷᠭᠢᠯᠡᠬᠦ᠌ ᠴᠢᠳᠠᠪᠤᠷᠢ᠎ᠨᠢ ᠣᠷᠣᠨ᠎ᠤ ᠳᠣᠲᠣᠨ᠎ᠠ ᠭᠠᠳᠠᠨᠠᠬᠢ ᠤᠷᠤᠯᠳᠤᠭᠠᠨ᠎ᠳᠤ ᠣᠷᠣᠯᠴᠠᠭᠰᠠᠨ ᠪᠠᠭᠰᠢ ᠰᠤᠷᠤᠭᠴᠢᠳ ᠪᠠ ᠨᠡᠶ᠋ᠢᠭᠡᠮ᠎ᠦᠨ ᠡᠯ᠎ᠡ ᠡᠲᠡᠭᠡᠳ᠎ᠦᠨ ᠰᠠᠶ᠋ᠢᠨ ᠦᠨᠡᠯᠡᠯᠲᠡ᠎ᠶᠢ ᠣᠯᠵᠠᠶ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠬᠢᠭᠡᠳ ᠨᠠᠰᠤᠨ᠎ᠳᠤ ᠭᠦᠷᠦᠭᠰᠡᠳ᠎ᠦᠨ ᠰᠤᠷᠭᠠᠨ ᠬᠥᠮᠦᠵᠢᠯ᠎ᠦᠨ ᠭᠠᠵᠠᠷ᠎ᠤᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠠᠨᠢᠯᠴᠠᠭᠤᠯᠬᠤ᠎ᠳᠠᠭᠠᠨ᠂ ᠪᠥᠬᠥ᠌ ᠣᠷᠣᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠦᠷᠢᠶᠡᠨ᠎ᠳᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ《1571》ᠠᠵᠢᠯ᠎ᠤᠨ ᠪᠠᠶ᠋ᠢᠷᠢᠯᠠᠭᠤᠯᠤᠯᠲᠠ᠎ᠶᠢ ᠭᠦᠨᠵᠡᠭᠡᠶ ᠲᠤᠭᠤᠱᠢᠯᠠᠭᠤᠯᠤᠨ ᠨᠠᠶ᠋ᠢᠳᠠᠪᠤᠷᠢᠵᠢᠭᠤᠯᠵᠤ᠂ ᠤᠷᠤᠯᠳᠤᠭᠠᠨ᠎ᠢᠶᠠᠷ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠬᠤ᠂ ᠤᠷᠤᠯᠳᠤᠭᠠᠨ᠎ᠢᠶᠠᠷ ᠰᠤᠷᠭᠠᠨ ᠬᠥᠮᠦᠵᠢᠯ᠎ᠢ ᠠᠬᠢᠭᠤᠯᠬᠤ᠂ ᠤᠷᠤᠯᠳᠤᠭᠠᠨ᠎ᠢᠶᠠᠷ ᠰᠤᠷᠤᠯᠭ᠎ᠠ᠎ᠶᠢ ᠠᠬᠢᠭᠤᠯᠬᠤ᠎ᠶᠢ ᠪᠠᠷᠢᠮᠲᠠᠯᠠᠨ᠂ ᠣᠲᠣ ᠦᠶ᠎ᠡ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠰᠢᠰᠲ᠋ᠧᠮ᠎ᠦᠨ ᠪᠠᠶ᠋ᠢᠭᠤᠯᠤᠯᠲᠠ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠵᠠᠩᠭᠢᠯᠠᠭ᠎ᠠ᠎ᠶᠢᠨ ᠡᠯᠧᠮᠧᠨ᠋ᠲ᠎ᠦᠨ ᠥᠭᠡᠷᠡᠴᠢᠯᠡᠯᠲᠡ᠎ᠶᠢ ᠭᠦᠨᠵᠡᠭᠡᠶ ᠬᠡᠷᠡᠭᠵᠢᠭᠦᠯᠦᠨ᠂ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠶᠠᠰᠤ ᠴᠢᠨᠠᠷ᠎ᠢ ᠪᠥᠬᠥ᠌ ᠲᠠᠯ᠎ᠠ᠎ᠪᠠᠷ ᠳᠡᠭᠡᠭᠰᠢᠯᠡᠭᠦᠯᠦᠨ᠎ᠡ᠃ ᠠᠵᠤ ᠦᠢᠯᠡᠰ ᠬᠢᠭᠡᠳ ᠰᠤᠷᠭᠠᠨ ᠬᠥᠮᠦᠵᠢᠯ᠎ᠦᠨ ᠠᠭᠤᠰᠤᠯᠴᠠᠯ᠎ᠢ ᠶᠡᠬᠡᠪᠡᠷ ᠭᠦᠨᠵᠡᠭᠡᠶ᠋ᠢᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠣᠨᠴᠠᠯᠢᠠᠠᠳᠦ ᠳᠠᠪᠠᠭᠤᠯᠢᠭ ᠠᠵᠤ ᠦᠢᠯᠡᠰ᠎ᠦᠨ ᠰᠢᠰᠲ᠋ᠧᠮ᠎ᠯᠦᠭᠡ ᠵᠣᠯᠭᠠᠭᠤᠯᠵᠤ᠂ ᠲᠤᠰᠬᠠᠶ ᠮᠡᠷᠭᠡᠵᠢᠯ᠎ᠦᠨ ᠪᠠᠶ᠋ᠢᠷᠢᠯᠠᠭᠤᠯᠤᠯᠲᠠ᠎ᠶᠢ ᠳᠣᠭᠢᠷᠠᠭᠤᠯᠤᠨ᠂ ᠪᠠᠶ᠋ᠢᠷᠢᠰᠢᠭᠤᠯᠤᠯ᠎ᠤᠨ ᠪᠦᠲᠦᠴᠡ᠎ᠶᠢ ᠰᠢᠯᠢᠳᠡᠭᠵᠢᠭᠦᠯᠵᠦ᠍᠂ ᠲᠤᠰᠬᠠᠶ ᠮᠡᠷᠭᠡᠵᠢᠯ ᠬᠢᠭᠡᠳ ᠠᠵᠤ ᠦᠢᠯᠡᠰ᠎ᠦᠨ ᠵᠣᠬᠢᠴᠠᠯᠳᠤᠬᠤ ᠬᠡᠮᠵᠢᠶ᠎ᠡ᠎ᠶᠢ ᠳᠡᠭᠡᠭᠰᠢᠯᠡᠭᠦᠯᠦᠨ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠣᠷᠣᠨ ᠪᠦᠰᠡ᠎ᠶᠢᠨ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠳᠦ ᠦᠢᠯᠡᠴᠢᠯᠡᠬᠦ᠌ ᠴᠢᠳᠠᠪᠤᠷᠢ᠎ᠶᠢ ᠳᠡᠭᠡᠭᠰᠢᠯᠡᠭᠦᠯᠵᠦ᠍᠂ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢ ᠬᠥᠲᠥᠯᠦᠨ ᠵᠢᠯᠣᠭᠣᠳᠴᠤ᠌ ᠪᠠᠶ᠋ᠢᠭᠠᠳ ᠤᠷᠠᠨ ᠳᠠᠷᠬᠠᠨ᠎ᠤ ᠵᠣᠷᠢᠭ ᠰᠠᠨᠠᠭ᠎ᠠ᠂ ᠰᠢᠨ᠎ᠡ᠎ᠶᠢ ᠡᠭᠦᠳᠬᠦ᠌ ᠤᠬᠠᠮᠰᠠᠷ᠎ᠢ᠎ᠨᠢ ᠴᠢᠳᠠᠪᠤᠷᠢᠲᠠᠨ ᠬᠥᠮᠦᠵᠢᠭᠦᠯᠬᠦ᠌ ᠪᠥᠬᠥ᠌ ᠶᠠᠪᠤᠴᠠ᠎ᠳᠤ ᠠᠭᠤᠰᠬᠠᠵᠤ᠂ ᠳᠡᠭᠡᠳᠦ ᠬᠡᠪ ᠴᠢᠨᠠᠷ᠎ᠲᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠦᠨ᠎ᠡ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面