2026-10-28 09:59:07
10 ᠰᠠᠷ᠎ᠠ᠎ᠶᠢᠨ 24᠎ᠦ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠶᠢ ᠡᠭᠦᠳᠬᠦ ᠠᠷᠭ᠎ᠠ᠎ᠶᠢᠨ ᠤᠷᠤᠯᠳᠤᠭᠠᠨ᠎ᠤ ᠣᠶᠤᠲᠠᠳ᠎ᠤᠨ ᠲᠤᠰᠬᠠᠢ ᠤᠷᠤᠯᠳᠤᠭᠠᠨ ᠵᠢᠴᠢ ᠠᠷᠪᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ TRIZ ᠬᠤᠨᠳᠠᠭᠠᠲᠤ ᠣᠶᠤᠲᠠᠳ᠎ᠤᠨ ᠰᠢᠨ᠎ᠡ᠎ᠶᠢ ᠡᠭᠦᠳᠬᠦ ᠠᠷᠭ᠎ᠠ᠎ᠶᠢᠨ ᠤᠷᠤᠯᠳᠤᠭᠠᠨ᠎ᠤ ᠥᠪᠥᠷ ᠮᠣᠩᠭᠣᠯ᠎ᠤᠨ ᠰᠢᠢᠳᠪᠦᠷᠢᠲᠦ ᠤᠷᠤᠯᠳᠤᠭᠠᠨ ᠬᠥᠬᠡᠬᠣᠲᠠ᠎ᠳᠤ ᠶᠠᠪᠤᠭᠳᠠᠪᠠ᠃
ᠲᠣᠰ ᠬᠤᠭᠤᠴᠠᠭᠠᠨ᠎ᠤ ᠤᠷᠤᠯᠳᠤᠭᠠᠨ᠎ᠢ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ᠂ ᠠᠵᠤ ᠦᠢᠯᠡᠳᠪᠦᠷᠢ ᠪᠠ ᠪᠠ ᠮᠡᠳᠡᠭᠡ ᠵᠠᠩᠭᠢᠴᠢᠯᠠᠯᠲᠠ᠎ᠶᠢᠨ ᠲᠢᠨᠭᠬᠢᠮ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠠᠵᠢᠯᠴᠢᠨ᠎ᠤ ᠶᠡᠷᠦᠩᠬᠡᠢ ᠡᠪᠯᠡᠯ᠂ ᠠᠵᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠠ᠋ᠴᠠ ᠬᠠᠮᠲᠤᠷᠠᠨ ᠡᠷᠬᠢᠯᠡᠵᠦ᠂ ᠪᠦᠬᠦ ᠣᠷᠣᠨ᠎ᠤ 22 ᠶᠡᠬᠡ ᠳᠡᠭᠡᠳᠦ ᠰᠤᠷᠭᠠᠭᠤᠯᠢ᠎ᠶᠢᠨ 431 ᠲᠦᠷᠦᠯ ᠵᠦᠢᠯ ᠤᠷᠤᠯᠳᠤᠭᠠᠨ᠎ᠳᠤ ᠣᠷᠣᠯᠴᠠᠬᠤ᠎ᠪᠠᠷ ᠨᠡᠷ᠎ᠡ ᠮᠡᠳᠡᠭᠦᠯᠵᠡᠢ᠃ ᠠᠩᠬᠠᠨ᠎ᠤ ᠤᠷᠤᠯᠳᠤᠭᠠᠨ᠎ᠳ᠋ᠤ ᠰᠢᠯᠢᠨ ᠰᠣᠩᠭᠣᠬᠤ᠎ᠪᠠᠷ ᠲᠠᠮᠵᠢᠨ 349 ᠰᠢᠯᠢᠳᠡᠭ ᠲᠦᠷᠦᠯ ᠵᠦᠢᠯ ᠰᠢᠢᠳᠪᠦᠷᠢᠲᠦ ᠤᠷᠤᠯᠳᠤᠭᠠᠨ᠎ᠳᠤ ᠣᠷᠣᠵᠤ᠂ ᠡᠭᠦᠨ᠎ᠳᠦ 117 ᠲᠦᠷᠦᠯ ᠵᠦᠢᠯ ᠨᠢ ᠰᠢᠢᠳᠪᠦᠷᠢᠲᠦ ᠤᠷᠤᠯᠳᠤᠭᠠᠨ᠎ᠤ ᠨᠤᠮ ᠬᠠᠶᠠᠯᠴᠠᠭᠠᠨ᠎ᠳᠤ ᠣᠷᠣᠯᠴᠠᠵᠠᠢ᠃ ᠰᠢᠢᠳᠪᠦᠷᠢᠲᠦ ᠤᠷᠤᠯᠳᠤᠭᠠᠨ᠎ᠤ ᠨᠣᠮ ᠬᠠᠶᠠᠯᠴᠠᠭᠠᠨ᠎ᠳᠤ ᠰᠣᠷᠣᠭ᠍ᠴᠢ᠎ᠶᠢᠨ ᠳᠤᠭᠤᠢᠯᠠᠩ ᠤ᠋ᠨ ᠡᠭᠦᠳᠦᠨ ᠪᠦᠲᠦᠭᠡᠯᠲᠡ᠂ ᠭᠠᠷ ᠤᠷᠠᠯᠠᠯ᠎ᠤᠨ ᠰᠠᠢᠵᠢᠷᠠᠭᠤᠯᠤᠯᠲᠠ᠂ ᠰᠢᠨ᠎ᠡ᠎ᠶᠢ ᠡᠭᠦᠳᠦᠭᠰᠡᠨ ᠵᠢᠷᠤᠭ ᠲᠥᠯᠥᠪᠯᠡᠭᠡ᠂ ᠠᠮᠢᠳᠤᠷᠠᠯ᠎ᠤᠨ ᠪᠦᠲᠦᠭᠡᠯᠴᠢ ᠲᠥᠰᠥᠪᠯᠡᠯ᠂ ᠦᠢᠯᠡᠰ ᠪᠤᠰᠬᠠᠬᠤ ᠲᠥᠷᠥᠯ ᠵᠢᠴᠢ ᠪᠠᠭ᠍ᠰᠢ᠎ᠶᠢᠨ ᠳᠤᠭᠤᠢᠯᠠᠩ᠎ᠤᠨ ᠳᠡᠯᠭᠡᠷᠡᠭᠦᠯᠦᠯᠲᠡ ᠵᠢᠴᠢ ᠬᠡᠷᠡᠭᠯᠡᠭᠡ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠢ ᠠᠭᠤᠰᠤᠯᠴᠠᠭᠤᠯᠬᠤ ᠲᠥᠷᠥᠯ ᠵᠡᠷᠭᠡ 7 ᠳᠤᠭᠤᠢᠯᠠᠡᠭ ᠳᠤᠬᠢᠷᠠᠭᠤᠯᠵᠤ᠂ ᠲᠦᠷᠦᠯ ᠵᠦᠢᠯ᠎ᠦᠨ ᠨᠤᠮ ᠬᠠᠶᠠᠯᠴᠠᠭᠠᠨ᠎ᠳᠤ 《8+5》᠎ᠶᠢᠨ ᠵᠠᠭᠪᠤᠷ᠎ᠢ ᠬᠡᠷᠡᠭᠯᠡᠪᠡ᠃ ᠳᠠᠷᠤᠢ 8 ᠮᠢᠨᠦ᠋ᠲ᠎ᠦᠨ ᠲᠦᠷᠦᠯ ᠵᠦᠢᠯ᠎ᠦᠨ ᠦᠵᠡᠭᠦᠯᠭᠡ᠂ 5 ᠮᠢᠨᠦ᠋ᠲ᠎ᠦᠨ ᠲᠤᠰᠬᠠᠢ ᠮᠡᠷᠭᠡᠵᠢᠯᠲᠡᠨ᠎ᠤ ᠠᠰᠠᠭᠤᠯᠲᠠ ᠦᠨᠡᠯᠡᠯᠲᠡ ᠪᠠᠭᠲᠠᠨ᠎ᠠ᠃ ᠤᠷᠤᠯᠳᠤᠭᠠᠨ᠎ᠤ ᠳ᠋ᠦᠩ ᠳ᠋ᠤ ᠠᠯᠲᠠ ᠮᠥᠩᠭᠥ ᠬᠦᠷᠡᠯ ᠱᠠᠩᠨᠠᠯ ᠵᠢᠴᠢ ᠨᠢᠭᠡ ᠬᠣᠶᠠᠷ ᠭᠤᠷᠪᠠᠳᠤᠭᠠᠷ ᠳᠡᠰ᠎ᠤᠨ ᠱᠠᠩᠨᠠᠯ᠂ ᠰᠢᠯᠢᠳᠡᠭ ᠱᠠᠩᠨᠠᠯ᠂ ᠰᠢᠯᠢᠳᠡᠭ ᠵᠣᠬᠢᠶᠠᠨ ᠪᠠᠢᠭᠤᠯᠤᠬᠰᠠᠨ ᠱᠠᠩᠨᠠᠯ ᠵᠡᠷᠭᠡ᠎ᠶᠢ ᠰᠢᠯᠭᠠᠷᠠᠭᠤᠯᠪᠠ᠃
ᠤᠷᠤᠯᠳᠤᠭᠠᠨ᠎ᠤ ᠵᠣᠷᠢᠯᠭ᠎ᠠ ᠨᠢ ᠰᠢᠨ᠎ᠡ᠎ᠶᠢ ᠡᠭᠦᠳᠬᠦ ᠠᠷᠭ᠎ᠠ᠎ᠶᠢ ᠶᠡᠬᠡ ᠳᠡᠭᠡᠳᠦ ᠰᠤᠷᠭᠠᠭᠤᠯᠢ᠎ᠳᠤ ᠳᠡᠯᠭᠡᠷᠡᠭᠦᠯᠦᠨ ᠬᠡᠷᠡᠭᠯᠡᠬᠦ᠎ᠶᠢ ᠴᠢᠨᠠᠭᠰᠢᠳᠠ ᠠᠬᠢᠭᠤᠯᠵᠤ᠂ ᠵᠠᠯᠠᠭᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠪᠠ ᠰᠢᠯᠢᠳᠡᠭ ᠰᠢᠨ᠎ᠡ᠎ᠶᠢ ᠡᠭᠦᠳᠬᠦ ᠲᠦᠷᠦᠯ ᠵᠦᠢᠯ᠎ᠢ ᠨᠡᠪᠴᠢᠭᠦᠯᠦᠨ ᠬᠤᠪᠢᠷᠠᠭᠤᠯᠬᠤ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ᠎ᠳᠦ ᠬᠦᠴᠦᠨ ᠴᠢᠳᠠᠯ᠎ᠢᠶᠠᠨ ᠡᠷᠭᠦᠬᠦ᠎ᠶᠢᠨ ᠲᠥᠯᠥᠭᠡ ᠶᠤᠮ᠃ ᠤᠷᠤᠯᠳᠤᠭᠠᠨ᠎ᠳᠤ ᠰᠢᠨ᠎ᠡ᠎ᠶᠢ ᠡᠭᠦᠳᠬᠦ ᠠᠷᠭ᠎ᠠ᠎ᠶᠢᠨ ᠲᠤᠰᠬᠠᠢ ᠰᠡᠳᠦᠪᠲᠦ ᠪᠣᠯᠪᠠᠰᠤᠷᠠᠯ᠎ᠢ ᠵᠡᠷᠭᠡ᠎ᠪᠡᠷ ᠢᠵᠢ ᠪᠦᠷᠢᠳᠦᠭᠦᠯᠦᠨ᠂ ᠪᠥᠬᠥ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠲᠤ ᠬᠠᠨᠳᠤᠭᠤᠯᠤᠨ TRIZ ᠣᠨᠣᠯ᠎ᠤᠨ ᠰᠢᠰᠲᠧᠮ᠎ᠢ ᠲᠦᠭᠡᠮᠡᠯᠵᠢᠭᠦᠯᠵᠦ᠂ ᠰᠢᠨ᠎ᠡ᠎ᠶᠢ ᠡᠭᠦᠳᠬᠦ ᠠᠷᠭ᠎ᠠ᠎ᠶᠢᠨ ᠬᠢᠴᠢᠶᠡᠯ᠎ᠦᠨ ᠲᠠᠩᠬᠢᠮ᠎ᠳᠤ ᠣᠷᠣᠵᠤ᠂ ᠦᠢᠯᠡᠳᠦᠯᠭᠡ᠎ᠳᠦ ᠠᠭᠤᠰᠤᠯᠴᠠᠬᠤ᠎ᠶᠢ ᠠᠬᠢᠭᠤᠯᠤᠨ᠂ 《ᠤᠷᠤᠯᠳᠤᠭᠠᠨ᠎ᠢᠶᠠᠷ ᠰᠤᠷᠭᠠᠨ ᠬᠥᠮᠦᠵᠢᠯ᠎ᠢ ᠠᠬᠢᠭᠤᠯᠬᠤ᠂ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ᠂ ᠤᠷᠤᠯᠳᠤᠭᠠᠨ᠎ᠢᠶᠠᠷ ᠰᠢᠨ᠎ᠡ᠎ᠶᠢ ᠡᠭᠦᠳᠬᠦ᠎ᠶᠢ ᠠᠬᠢᠭᠤᠯᠬᠤ》 ᠬᠥᠮᠥᠨ ᠬᠥᠮᠥᠵᠢᠭᠦᠯᠬᠦ ᠲᠣᠭᠲᠠᠴᠠ᠎ᠶᠢ ᠭᠦᠨᠵᠡᠭᠡᠢᠷᠡᠭᠦᠯᠪᠡ᠃
ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠶᠢ ᠡᠭᠦᠳᠬᠦ ᠠᠷᠭ᠎ᠠ᠎ᠶᠢᠨ ᠤᠷᠤᠯᠳᠤᠭᠠᠨ᠎ᠤ ᠣᠶᠤᠲᠠᠳ᠎ᠤᠨ ᠲᠤᠰᠬᠠᠢ ᠤᠷᠤᠯᠳᠤᠭᠠᠨ ᠨᠢᠭᠡᠨᠲᠡ ᠣᠷᠣᠨ᠎ᠤ ᠳᠣᠲᠣᠷᠠᠬᠢ 30 ᠭᠠᠷᠤᠢ ᠶᠡᠬᠡ ᠳᠡᠭᠡᠳᠦ ᠰᠤᠷᠭᠠᠭᠤᠯᠢ᠎ᠶᠢ ᠬᠠᠮᠤᠷᠴᠤ᠂ ᠨᠡᠶ᠋ᠢᠲᠡ 1660 ᠤᠷᠤᠯᠳᠤᠭᠠᠨ᠎ᠳᠤ ᠣᠷᠣᠯᠴᠠᠬᠤ ᠪᠦᠲᠦᠭᠡᠯ ᠡᠯᠰᠡᠵᠦ᠂ ᠮᠤᠵᠢ᠎ᠶᠢᠨ ᠤᠷᠤᠯᠳᠤᠭᠠᠨ᠎ᠤ ᠱᠠᠩᠨᠠᠯ᠎ᠢ ᠬᠦᠷᠳᠡᠭᠰᠡᠨ ᠲᠦᠷᠦᠯ ᠵᠦᠢᠯ 820 ᠪᠠᠢᠵᠦ᠂ ᠮᠤᠵᠢ᠎ᠶᠢᠨ ᠤᠷᠤᠯᠳᠤᠭᠠᠨ᠎ᠤ ᠬᠣᠶᠠᠳᠤᠭᠠᠷ ᠳᠡᠰ᠎ᠤᠨ ᠱᠠᠩᠨᠠᠯ ᠵᠢᠴᠢ ᠲᠡᠭᠦᠨ᠎ᠡᠴᠡ ᠳᠡᠭᠡᠭᠰᠢᠬᠢ ᠱᠠᠨᠭᠨᠠᠯ ᠬᠦᠷᠳᠡᠭᠰᠡᠨ ᠲᠥᠷᠥᠯ ᠵᠦᠢᠯ ᠡᠴᠡ 400 ᠲᠦᠷᠦᠯ ᠵᠦᠢᠯ᠎ᠢ ᠤᠯᠤᠰ᠎ᠤᠨ ᠤᠷᠤᠯᠳᠤᠭᠠᠨ᠎ᠳᠤ ᠣᠷᠣᠯᠴᠠᠭᠤᠯᠬᠤ᠎ᠪᠠᠷ ᠲᠠᠨᠢᠯᠴᠠᠭᠤᠯᠵᠤ᠂ ᠤᠯᠤᠰ᠎ᠤᠨ ᠤᠷᠤᠯᠳᠤᠭᠠᠨ᠎ᠤ ᠱᠠᠩᠨᠠᠯ᠎ᠢ 179 ᠵᠦᠢᠯ ᠭᠥᠷᠳᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃