2026-10-28 10:29:18
ᠲᠦᠷᠦᠭᠦᠭᠡᠨ᠂ ᠥᠪᠦᠷ ᠮᠣᠩᠭᠤᠯ᠎ᠤᠨ ᠠᠵᠤ ᠦᠢᠯᠡᠳᠪᠦᠷᠢ᠎ᠶ᠋ᠢᠨ ᠶᠡᠭᠡ ᠰᠤᠷᠭᠠᠭᠤᠯᠢ᠎ᠶ᠋ᠢᠨ ᠪᠠᠶ᠋ᠢᠭᠠᠯᠢᠯᠢᠭ ᠬᠤᠵᠢᠷ᠎ᠤᠨ ᠦᠵᠡᠬᠦᠯᠭᠡ ᠵᠢᠨ ᠣᠷᠳᠤᠨ᠎ᠤ ᠫᠠᠶ᠋ᠢᠰᠠ ᠰᠡᠬᠦᠬᠦ᠌ ᠶᠣᠰᠤᠯᠠᠯ ᠥᠪᠦᠷ ᠮᠣᠩᠭᠤᠯ᠎ᠤᠨ ᠠᠵᠤ ᠦᠢᠯᠡᠳᠪᠦᠷᠢ᠎ᠶ᠋ᠢᠨ ᠶᠡᠭᠡ ᠰᠤᠷᠭᠠᠭᠤᠯᠢ ᠳ᠋ᠤ ᠶᠠᠪᠤᠭᠳᠠᠪᠠ᠃ ᠲᠣᠰ ᠤᠳᠠᠭᠠᠨ᠎ᠤ ᠶᠣᠰᠤᠯᠠᠯ᠎ᠨᠢ 《ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠣᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠤ ᠰᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠶ᠎ᠠ》 ᠭᠡᠬᠦ ᠪᠠᠷ ᠭᠤᠤᠯ ᠰᠡᠳᠦᠪ ᠪᠣᠯᠭᠠᠵᠤ᠂ ᠠᠵᠢᠯ ᠲᠥᠷᠦᠯ᠎ᠤᠨ ᠲᠤᠰᠭᠠᠢ ᠮᠡᠷᠭᠡᠵᠢᠯᠲᠡᠨ᠂ ᠰᠤᠷᠭᠠᠭᠤᠯᠢ᠎ᠶ᠋ᠢᠨ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ᠂ ᠳᠡᠭᠡᠳᠦ ᠰᠤᠷᠭᠠᠭᠤᠯᠢ᠎ᠶ᠋ᠢᠨ ᠬᠠᠷᠢᠭᠤᠴᠠᠯᠭᠠᠲᠠᠨ ᠠᠵᠢᠯᠯᠠᠭ᠎ᠠ᠎ᠳᠤ ᠣᠷᠤᠯᠴᠠᠵᠠᠢ᠃
ᠪᠠᠢᠭᠠᠯᠢᠯᠢᠭ ᠬᠤᠵᠢᠷ᠎ᠤᠨ ᠦᠵᠡᠭᠦᠯᠭᠡ᠎ᠶ᠋ᠢᠨ ᠣᠷᠳᠤᠨ ᠪᠣᠯ ᠲᠤᠰ ᠰᠤᠷᠭᠠᠭᠤᠯᠢ᠎ᠶ᠋ᠢᠨ ᠣᠨᠴᠠᠯᠢᠭᠳᠤ ᠬᠢᠴᠢᠶᠡᠯ ᠲᠥᠷᠦᠯ᠎ᠢ ᠬᠦᠨᠵᠡᠭᠡᠢ ᠠᠭᠤᠳᠠᠯᠵᠤ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠤ᠂ ᠰᠢᠨᠵᠢᠯᠡᠬᠦ᠌ ᠤᠬᠠᠭᠠᠨ ᠰᠤᠷᠭᠠᠨ ᠬᠥᠮᠦᠵᠢᠯ ᠨᠢ ᠠᠵᠤ ᠦᠢᠯᠡᠰ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠬᠦ᠌ ᠬᠥᠮᠦᠨ᠎ᠢ ᠬᠥᠮᠦᠵᠢᠭᠦᠯᠬᠦ᠌ ᠴᠢᠬᠤᠯᠠ ᠠᠴᠢᠶᠠᠯᠠᠪᠤᠷᠢ ᠮᠥᠨ᠃ ᠦᠵᠡᠬᠦᠯᠭᠡ ᠵᠢᠨ ᠤᠷᠳᠤᠨ ᠨᠢ ᠰᠤᠷᠭᠠᠭᠤᠯᠢ᠎ᠶ᠋ᠢᠨ ᠬᠡᠳᠦᠨ ᠠᠷᠪᠠᠨ ᠵᠢᠯ᠎ᠤᠨ ᠪᠠᠶ᠋ᠢᠭᠠᠯᠢᠯᠢᠭ ᠬᠤᠵᠢᠷ᠎ᠤᠨ ᠬᠦᠷᠢᠶᠡᠨ᠎ᠳᠠᠬᠢ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠶᠠᠪᠤᠴᠠ᠂ ᠵᠠᠩᠭᠢᠯᠠᠭ᠎ᠠ᠎ᠶ᠋ᠢᠨ ᠮᠡᠷᠭᠡᠵᠢᠯ᠎ᠤᠨ ᠰᠢᠪᠲᠤᠯᠤᠯᠲᠠ᠂ ᠬᠤᠪᠤᠷ ᠨᠠᠨᠳᠢᠨ ᠲᠡᠦᠬᠡ᠎ᠶ᠋ᠢᠨ ᠮᠠᠲᠧᠷᠢᠶᠠᠯ᠎ᠤᠨ ᠰᠤᠷᠪᠤᠯᠵᠢ ᠪᠢᠴᠢᠭ ᠵᠢᠴᠢ ᠴᠢᠳᠠᠪᠤᠷᠢᠲᠠᠨ᠎ᠢ ᠬᠥᠮᠦᠵᠢᠭᠦᠯᠦᠭᠰᠡᠨ ᠦᠷ᠎ᠡ ᠪᠦᠲᠦᠭᠡᠯ᠎ᠢ ᠰᠢᠰᠲᠧᠮ᠎ᠲᠠᠢ ᠡᠮᠬᠢᠯᠡᠨ ᠳᠡᠯᠭᠡᠨ ᠦᠵᠡᠭᠦᠯᠵᠦ᠍᠂ ᠰᠤᠷᠭᠠᠭᠤᠯᠢ᠎ᠶ᠋ᠢᠨ ᠪᠠᠶ᠋ᠢᠭᠠᠯᠢᠯᠢᠭ ᠬᠤᠵᠢᠷ᠎ᠤᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠ ᠪᠣᠬᠢᠷᠲᠤᠯ ᠥᠬᠡᠢ᠎ᠪᠠᠷ ᠤᠨᠳᠤᠤᠰᠢᠭᠤᠯᠬᠤ ᠬᠦᠷᠢᠶᠡᠨ᠎ᠳᠠᠬᠢ ᠬᠤᠷᠠᠮᠳᠤᠭᠤᠯᠭ᠎ᠠ ᠪᠠ ᠠᠮᠵᠢᠯᠲᠠ ᠪᠦᠲᠦᠮᠵᠢ᠎ᠶ᠋ᠢ ᠪᠥᠬᠦ᠌ ᠲᠠᠯ᠎ᠠ᠎ᠪᠠᠷ ᠢᠯᠡᠷᠡᠭᠦᠯᠪᠡ᠃
ᠰᠤᠷᠭᠠᠭᠤᠯᠢ᠎ᠶ᠋ᠢᠨ ᠲᠠᠯ᠎ᠠ᠎ᠵᠢᠨ ᠬᠢᠨ᠂ ᠦᠵᠡᠭᠦᠯᠭᠡ᠎ᠶ᠋ᠢᠨ ᠣᠷᠳᠤᠨ ᠪᠣᠯ ᠰᠤᠷᠭᠠᠭᠤᠯᠢ᠎ᠶ᠋ᠢᠨ ᠣᠨᠴᠠᠯᠢᠭᠲᠤ᠌ ᠰᠢᠨᠵᠢᠯᠡᠭᠡᠨ᠎ᠤ ᠰᠠᠯᠠᠭᠠᠨ᠎ᠤ ᠪᠠᠶ᠋ᠢᠭᠤᠯᠤᠯᠲᠠ᠎ᠶ᠋ᠢᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ᠌ ᠴᠢᠬᠤᠯᠠ ᠴᠤᠩᠬᠤᠪᠴᠢ ᠪᠣᠯᠬᠤ᠎ᠪᠠᠷ ᠪᠠᠷᠠᠬᠤ᠎ᠦᠭᠡᠢ ᠪᠠᠰᠠ ᠠᠬᠠᠮᠠᠳ ᠨᠢᠭᠡ ᠦᠶ᠎ᠡ᠎ᠶ᠋ᠢᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠦᠨ ᠨᠢᠭᠡ ᠰᠡᠳᠬᠢᠯ ᠨᠢᠭᠡ ᠵᠤᠷᠢᠭ᠎ᠢᠶᠡᠷ ᠤᠯᠤᠰ᠎ᠲᠠᠭᠠᠨ ᠵᠢᠳᠬᠦᠵᠦ᠍ ᠬᠤᠪᠢ ᠨᠡᠮᠡᠷᠢ ᠦᠵᠡᠭᠦᠯᠬᠦ᠌ ᠵᠣᠷᠢᠭ ᠰᠠᠨᠠᠭ᠎ᠠ᠎ᠶ᠋ᠢ ᠤᠯᠠᠮᠵᠢᠯᠠᠭᠰᠠᠨ ᠰᠤᠷᠭᠠᠨ ᠬᠥᠮᠦᠵᠢᠯ᠎ᠤᠨ ᠵᠢᠭᠰᠠᠭᠠᠯ᠎ᠤᠨ ᠭᠠᠵᠠᠷ ᠪᠣᠯᠤᠨ᠎ᠠ᠃ ᠰᠤᠷᠭᠠᠭᠤᠯᠢ᠎ᠨᠢ ᠦᠵᠡᠭᠦᠯᠭᠡ᠎ᠶ᠋ᠢᠨ ᠣᠷᠳᠤᠨ᠎ᠳᠤ ᠲᠦᠰᠢᠭᠯᠡᠨ ᠦᠢᠯᠡᠳᠦᠯᠭᠡ᠎ᠶ᠋ᠢᠨ ᠵᠢᠭᠠᠨ ᠰᠤᠷᠭᠠᠯᠲᠠ᠂ ᠡᠷᠳᠡᠮ ᠰᠢᠨᠵᠢᠯᠡᠭᠡᠨ᠎ᠤ ᠰᠣᠯᠢᠯᠴᠠᠭ᠎ᠠ ᠬᠢᠬᠦ ᠪᠠ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠤᠷᠭᠠᠨ ᠬᠥᠮᠦᠵᠢᠯ᠎ᠤᠨ ᠲᠠᠪᠴᠠᠩ᠎ᠢ ᠪᠠᠶ᠋ᠢᠭᠤᠯᠵᠤ᠂ ᠪᠠᠭᠰᠢ ᠰᠤᠷᠤᠭᠴᠢᠳ᠎ᠤᠨ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌ ᠰᠤᠷᠭᠠᠭᠤᠯᠢ᠎ᠶ᠋ᠢ ᠵᠠᠰᠠᠬᠤ ᠰᠤᠷᠲᠠᠯ᠎ᠢ ᠤᠯᠠᠮᠵᠢᠯᠠᠨ ᠵᠠᠯᠭᠠᠮᠵᠢᠯᠠᠬᠤ᠎ᠶ᠋ᠢ ᠬᠥᠲᠦᠯᠦᠨ ᠵᠢᠯᠤᠭᠤᠳᠴᠤ᠌᠂ ᠣᠷᠤᠨ ᠪᠦᠰᠡ᠎ᠶ᠋ᠢᠨ ᠠᠵᠤ ᠦᠢᠯᠡᠰ᠎ᠤᠨ ᠬᠡᠷᠡᠭᠴᠡᠭᠡ ᠱᠠᠭᠠᠷᠳᠠᠯᠭ᠎ᠠ᠎ᠳᠤ ᠰᠠᠭᠤᠷᠢᠯᠠᠨ ᠰᠢᠨᠵᠢᠯᠡᠬᠦ᠌ ᠤᠬᠠᠭᠠᠨ ᠦ ᠰᠤᠳᠤᠯᠭᠠᠨ᠎ᠤ ᠪᠣᠭᠤᠮᠲᠠ ᠰᠢᠪᠲᠤᠯᠤᠯᠳᠠ ᠵᠢ ᠪᠠᠶᠠᠯᠡᠬᠦᠯᠦᠨ᠎ᠠ ᠬᠡᠵᠠᠢ᠃
ᠤᠷᠲᠤ᠌ ᠬᠤᠭᠤᠴᠠᠭᠠᠨ᠎ᠤ ᠲᠤᠷᠰᠢ᠂ ᠥᠪᠦᠷ ᠮᠣᠩᠭᠤᠯ᠎ᠤᠨ ᠠᠵᠤ ᠦᠢᠯᠡᠳᠪᠦᠷᠢ᠎ᠶ᠋ᠢᠨ ᠶᠡᠭᠡ ᠰᠤᠷᠭᠠᠭᠤᠯᠢ ᠥᠪᠡᠷᠲᠡᠭᠡᠨ ᠵᠠᠰᠠᠬᠤ ᠣᠷᠤᠨ᠎ᠤ ᠡᠨᠧᠷᠭᠢ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠬᠥᠭᠵᠢᠯᠲᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠳᠠᠪᠠᠭᠤᠯᠢᠭ ᠣᠨᠴᠠᠯᠢᠭᠲᠤ᠌ ᠰᠢᠨᠵᠢᠯᠡᠭᠡᠨ᠎ᠤ ᠰᠠᠯᠠᠭ᠎ᠠ᠎ᠶ᠋ᠢ ᠦᠷᠭᠦᠯᠵᠢᠯᠡᠨ ᠬᠦᠴᠦᠷᠬᠡᠭᠵᠢᠭᠦᠯᠵᠦ᠍᠂ ᠪᠠᠶ᠋ᠢᠭᠠᠯᠢᠯᠢᠭ ᠬᠤᠵᠢᠷ᠎ᠤᠨ ᠤᠷ᠎ᠠ ᠮᠡᠷᠭᠡᠵᠢᠯ᠎ᠢ ᠰᠢᠯᠢᠳᠡᠭᠵᠢᠭᠦᠯᠬᠦ᠂ ᠪᠣᠬᠢᠷᠲᠤᠯ ᠥᠬᠡᠢ ᠠᠰᠢᠭᠯᠠᠬᠤ ᠵᠢᠴᠢ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠰᠢᠭᠤᠯᠵᠤ᠂ ᠣᠷᠤᠨ ᠨᠤᠲᠤᠭ᠎ᠤᠨ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦᠯᠬᠦ᠎ᠳᠤ ᠦᠷᠭᠦᠯᠵᠢᠯᠡᠨ ᠥᠨᠳᠦᠷ ᠬᠡᠪ ᠪᠣᠯᠪᠠᠰᠤᠷᠠᠯ᠎ᠲᠠᠢ ᠬᠡᠷᠡᠭᠯᠡᠭᠡᠨ᠎ᠤ ᠬᠡᠯᠪᠡᠷᠢ᠎ᠶ᠋ᠢᠨ ᠴᠢᠳᠠᠪᠤᠷᠢᠲᠠᠨ᠎ᠢ ᠪᠤᠶ᠋ᠢᠵᠢᠭᠤᠯᠵᠤ᠂ᠰᠢᠨᠵᠢᠯᠡᠭᠡᠨ᠎ᠤ ᠰᠠᠯᠠᠭ᠎ᠠ᠎ᠶ᠋ᠢᠨ ᠳᠠᠪᠠᠭᠤᠯᠢᠭ ᠪᠠ ᠴᠢᠳᠠᠪᠤᠷᠢᠲᠠᠨ᠎ᠤ ᠬᠦᠴᠦᠨ᠎ᠢᠶᠠᠷ ᠣᠷᠤᠨ ᠪᠦᠰᠡ᠎ᠶ᠋ᠢᠨ ᠠᠵᠤ ᠠᠬᠤᠢ᠎ᠶ᠋ᠢᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃