2026-10-29 09:16:40
10 ᠰᠠᠷ᠎ᠠ᠎ᠶᠢᠨ 25᠎ᠤ᠋ ᠡᠳᠦᠷ᠂《ᠠᠶ᠎ᠠ ᠳᠠᠭᠤᠤ᠎ᠳ᠋ᠤ ᠰᠢᠩᠭᠡᠭᠰᠡᠨ ᠢᠲᠡᠭᠡᠯ ᠪᠢᠰᠢᠷᠡᠯ》 ᠭᠡᠬᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ ᠵᠢᠴᠢ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠣᠷᠳᠣ᠌ ᠵᠠᠮ᠎ᠤᠨ ᠠᠶᠠᠨ ᠲᠡᠶ᠋ᠢᠨ ᠤ᠋ ᠢᠯᠠᠯᠲᠠ ᠣᠯᠣᠭᠰᠠᠨ 90 ᠵᠢᠯ᠎ᠦᠨ ᠣᠶ᠎ᠶᠢ ᠳᠤᠷᠠᠰᠬᠠᠬᠤ ᠳᠠᠭᠤᠤ ᠬᠥᠭᠵᠢᠮ᠎ᠳᠤ ᠨᠠᠮ᠎ᠤᠨ ᠬᠢᠴᠢᠶᠡᠯ ᠥᠪᠥᠷ ᠮᠣᠩᠭᠣᠯ᠎ᠤᠨ ᠶᠡᠬᠡ ᠰᠤᠷᠭᠠᠭᠤᠯᠢ᠎ᠳᠤ ᠶᠠᠪᠤᠭᠳᠠᠪᠠ᠃

ᠳᠤᠰ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠦ᠋ᠨ ᠲᠢᠩᠬᠢᠮ᠎ᠡᠴᠡ ᠵᠢᠯᠤᠭᠤᠳᠴᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠭᠣᠣᠯᠯᠠᠨ ᠡᠷᠭᠢᠯᠡᠵᠦ᠂ ᠵᠠᠭᠤᠨ ᠵᠢᠯ᠎ᠦᠨ ᠨᠠᠮ᠎ᠤᠨ ᠲᠡᠦᠬᠡ᠎ᠪᠡᠷ ᠭᠣᠣᠯ ᠰᠢᠵᠢᠮ ᠪᠣᠯᠭᠠᠵᠤ᠂ ᠳᠠᠭᠤᠤ ᠬᠥᠭᠵᠢᠮ᠂ ᠪᠥᠵᠢᠭ᠂ ᠤᠷᠠᠨ ᠤᠩᠰᠢᠯᠭ᠎ᠠ ᠵᠡᠷᠭᠡ ᠤᠷᠠᠯᠢᠭ᠋᠎ᠤᠨ ᠬᠡᠯᠪᠡᠷᠢ ᠵᠢ ᠨᠠᠮ᠎ᠤᠨ ᠲᠡᠦᠬᠡ᠎ᠶᠢᠨ ᠤᠬᠠᠭᠤᠯᠤᠨ ᠲᠠᠢᠯᠪᠤᠷᠢᠯᠠᠯᠳᠠ᠎ᠲᠠᠢ ᠭᠦᠨᠵᠡᠭᠡᠢ ᠤᠶᠠᠯᠳᠤᠭᠤᠯᠵᠤ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠂ ᠠᠭᠤᠤ ᠶᠡᠬᠡ ᠨᠠᠮ ᠪᠠᠶ᠋ᠢᠭᠤᠯᠬᠤ ᠵᠣᠷᠢᠭ᠋ ᠰᠠᠨᠠᠭ᠎ᠠ᠎ᠶᠢ ᠰᠢᠨ᠎ᠡ ᠰᠣᠷᠭᠣᠭ ᠦᠵᠡᠯ ᠰᠠᠨᠠᠭ᠎ᠠ ᠤᠯᠤᠰ ᠲᠦᠷᠦ᠎ᠶᠢᠨ ᠠᠭᠤᠯᠭ᠎ᠠ ᠪᠣᠯᠭᠠᠵᠤ᠂ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ ᠪᠠ ᠤᠷᠠᠯᠢᠭ᠋ ᠵᠢᠡᠷ ᠤᠮᠳᠠᠯᠠᠬᠤ ᠵᠢ ᠣᠷᠭᠠᠨᠢᠭ᠋᠎ᠢᠶᠠᠷ ᠠᠭᠤᠰᠤᠯᠴᠠᠭᠤᠯᠵᠠᠢ᠃ ᠲᠣᠰ ᠤᠳᠠᠭᠠᠨ᠎ᠤ ᠳᠠᠭᠤᠤ ᠬᠥᠭᠵᠢᠮ᠎ᠳᠤ ᠨᠠᠮ᠎ᠤᠨ ᠬᠢᠴᠢᠶᠡᠯ᠎ᠳ᠋ᠤ ᠳᠥᠷᠪᠡᠨ ᠶᠡᠬᠡ ᠪᠦᠯᠦᠭ ᠳᠤᠬᠢᠷᠠᠭᠤᠯᠵᠤ᠂ 《ᠭᠠᠯᠪᠠ ᠳᠡᠯᠡᠬᠡᠢ᠎ᠶᠢ ᠨᠡᠬᠡᠬᠡᠭᠰᠡᠨ》 ᠭᠠᠢᠬᠠᠮᠰᠢᠭ᠍ᠲᠤ ᠣᠨ ᠰᠠᠷ᠎ᠠ ᠠ᠋ᠴᠠ 《ᠲᠡᠭᠷᠢ ᠭᠠᠵᠠᠷ᠎ᠢ ᠬᠤᠪᠢᠷᠠᠭᠤᠯᠤᠭᠰᠠᠨ》 ᠪᠦᠲᠦᠭᠡᠨ ᠪᠠᠢᠭᠤᠯᠤᠯᠲᠠ ᠶ᠋ᠢᠨ ᠬᠠᠯᠠᠭᠤᠨ ᠥᠷᠨᠢᠯᠲᠡ ᠬᠦᠷᠲᠡᠯ᠎ᠡ᠂《ᠲᠡᠭᠷᠢ ᠭᠠᠵᠠᠷ ᠢ᠋ ᠳᠣᠩᠰᠣᠯᠭᠠᠭᠰᠠᠨ》 ᠥᠭᠡᠷᠡᠴᠢᠯᠡᠯᠲᠡ᠎ᠶᠢᠨ ᠳᠠᠪᠠᠯᠭᠠᠨ ᠠ᠋ᠴᠠ 《ᠲᠡᠭᠷᠢ ᠭᠠᠵᠠᠷ᠎ᠢ ᠰᠤᠴᠢᠭᠠᠮ᠎ᠠ》 ᠰᠢᠨ᠎ᠡ ᠴᠠᠭ ᠦᠶ᠎ᠡ ᠵᠢᠨ ᠰᠢᠨ᠎ᠡ ᠠᠶᠠᠨ᠎ᠳᠤ ᠬᠦᠷᠲᠡᠯ᠎ᠡ ᠱᠠᠲᠤ ᠱᠠᠲᠤ ᠪᠠᠷ ᠠᠬᠢᠭᠤᠯᠵᠠᠢ᠃ ᠪᠠᠭ᠍ᠰᠢ ᠰᠤᠷᠤᠭ᠍ᠴᠢᠳ ᠬᠤᠪᠢᠰᠬᠠᠯᠳᠤ ᠳᠠᠭᠤᠤ ᠵᠢ ᠤᠯᠠᠮᠵᠢᠯᠠᠨ ᠳᠠᠭᠤᠯᠠᠬᠤ ᠳᠤᠮᠳᠠ ᠨᠠᠮ᠎ᠤᠨ ᠠᠴᠢ ᠡᠨᠡᠷᠢᠯ᠎ᠢ ᠮᠡᠳᠡᠷᠡᠵᠦ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠬᠤ ᠢᠳᠡᠭᠡᠯ ᠵᠤᠷᠢᠭ ᠵᠢᠡᠨ ᠴᠢᠨᠠᠭᠰᠢᠳᠠ ᠬᠦᠪᠴᠢᠯᠡᠪᠡ᠃

《ᠡᠨᠡ ᠬᠦ᠌ ᠨᠠᠮ᠎ᠤᠨ ᠬᠢᠴᠢᠶᠡᠯ ᠨᠢ ᠳᠠᠭᠤᠤ ᠬᠦᠭᠵᠢᠮ ᠵᠢᠡᠷ ᠵᠠᠭᠤᠴᠢ ᠪᠤᠯᠭᠠᠵᠤ᠂ ᠬᠤᠪᠢᠰᠬᠠᠯ᠎ᠤᠨ ᠤᠳᠤᠮᠰᠢᠯ᠎ᠢ ᠵᠠᠯᠭᠠᠮᠵᠢᠯᠠᠵᠤ᠂ ᠠᠶ᠎ᠠ ᠳᠠᠭᠤᠤ ᠪᠡᠷ ᠬᠦᠴᠦᠨ᠎ᠢ ᠨᠢᠭᠳᠠᠷᠠᠭᠤᠯᠵᠤ᠂ ᠴᠠᠭ ᠦᠶ᠎ᠠ ᠵᠢᠨ ᠰᠢᠨ᠎ᠡ ᠬᠦᠮᠦᠨ᠎ᠢ ᠬᠦᠮᠦᠵᠢᠬᠦᠯᠵᠦ᠂ ᠰᠢᠨ᠎ᠡ ᠴᠠᠭ ᠦᠶ᠎ᠠ ᠵᠢᠨ ᠪᠠᠭᠰᠢ ᠰᠤᠷᠤᠭᠴᠢᠳ᠎ᠤᠨ ᠰᠠᠢᠬᠠᠨ ᠠᠮᠳᠠᠷᠬᠠᠵᠤ ᠬᠦᠨ ᠰᠡᠳᠬᠢᠬᠦᠰᠢᠳᠡᠢ ᠬᠢᠴᠢᠶᠡᠯ ᠪᠤᠯᠵᠠᠢ》 ᠬᠡᠵᠦ ᠦᠪᠦᠷ ᠮᠤᠩᠭᠤᠯ᠎ᠤᠨ ᠶᠡᠬᠡ ᠰᠤᠷᠭᠠᠭᠤᠯᠢ ᠵᠢᠨ ᠮᠠᠯᠴᠢᠨ᠎ᠤ ᠳᠠᠭᠤᠯᠠᠯ ᠨᠠᠢᠷᠠᠯ ᠳᠠᠭᠤᠤ᠎ᠶᠢᠨ ᠪᠦᠯᠬᠦᠮ᠎ᠦᠨ ᠵᠢᠯᠣᠭᠣᠳᠤᠭ᠍ᠴᠢ ᠪᠠᠭ᠍ᠰᠢ᠂ ᠠᠵᠤ ᠠᠬᠤᠢ᠎ᠶᠢᠨ ᠬᠠᠮᠢᠶᠠᠷᠤᠯᠲᠠ᠎ᠶᠢᠨ ᠳᠡᠭᠡᠳᠦ ᠰᠤᠷᠭᠠᠭᠤᠯᠢ᠎ᠶᠢᠨ ᠬᠠᠪᠰᠤᠷᠤᠨ ᠵᠢᠯᠣᠭᠣᠳᠤᠭ᠍ᠴᠢ ᠦ᠋ ᠬᠤᠤ ᠬᠡᠯᠡᠪᠡ᠃

ᠳᠠᠭᠤᠤ ᠬᠥᠭᠵᠢᠮᠲᠦ ᠨᠠᠮ᠎ᠤᠨ ᠬᠢᠴᠢᠶᠡᠯ ᠪᠣᠯ ᠥᠪᠡᠷᠲᠡᠭᠡᠨ ᠵᠠᠰᠠᠬᠤ ᠣᠷᠣᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠭᠦᠨᠵᠡᠭᠡᠢᠷᠡᠭᠦᠯᠦᠭᠰᠡᠨ ᠨᠢᠭᠡ ᠤᠳᠠᠭ᠎ᠠ᠎ᠶᠢᠨ ᠠᠮᠢᠳᠤᠯᠢᠭ᠋ ᠦᠢᠯᠡᠳᠦᠯᠭᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠴᠡ ᠰᠢᠨ᠎ᠡ ᠴᠠᠭ ᠦᠶ᠎ᠡ᠎ᠶᠢᠨ ᠶᠣᠰᠣ᠌ ᠰᠤᠷᠲᠠᠬᠤᠨ᠎ᠵᠢᠡᠷ ᠬᠥᠮᠥᠨ ᠬᠥᠮᠥᠵᠢᠭᠦᠯᠬᠦ ᠢᠨᠵᠧᠨᠧᠷᠢᠩ᠎ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠬᠤᠪᠢᠰᠬᠠᠯ᠎ᠤᠨ ᠰᠣᠶᠣᠯ ᠤ᠋ᠨ ᠡᠬᠢ ᠪᠠᠶᠠᠯᠢᠭ᠋᠎ᠢ ᠭᠦᠨᠵᠡᠭᠡᠢ ᠠᠭᠤᠳᠠᠯᠤᠨ ᠰᠠᠢᠲᠤᠷ ᠠᠰᠢᠭ᠍ᠯᠠᠵᠤ᠂ 《ᠦᠵᠡᠯ ᠰᠠᠨᠠᠭ᠎ᠠ ᠤᠯᠤᠰ ᠲᠦᠷᠦ + ᠤᠷᠠᠯᠢᠭ᠋》 ᠤ᠋ᠨ ᠬᠥᠮᠥᠨ ᠬᠥᠮᠥᠵᠢᠭᠦᠯᠬᠦ ᠰᠢᠨ᠎ᠡ ᠵᠠᠭᠪᠤᠷ ᠢ᠋ ᠡᠭᠦᠳᠴᠦ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠨᠢᠭᠡ ᠴᠣᠭᠴᠠᠵᠢᠭᠤᠯᠬᠤ ᠶ᠋ᠢ ᠠᠬᠢᠭᠤᠯᠵᠤ᠂ ᠪᠦᠬᠦ ᠣᠷᠣᠨ᠎ᠤ ᠵᠠᠯᠠᠭᠤᠴᠤᠳ ᠪᠠᠭᠠᠴᠤᠳ᠎ᠤᠨ ᠤᠯᠤᠰ ᠭᠡᠷ᠎ᠦᠨ ᠬᠠᠢᠷ᠎ᠠ ᠰᠡᠳᠬᠢᠯᠭᠡ᠎ᠶᠢ ᠵᠤᠵᠠᠭᠠᠳᠬᠠᠵᠤ᠂ ᠠᠯᠤᠰ ᠬᠡᠳᠦ᠎ᠶᠢᠨ ᠬᠦᠰᠡᠯᠡᠩ᠎ᠢ ᠪᠤᠢ ᠪᠤᠯᠭᠠᠵᠤ᠂ ᠰᠢᠨ᠎ᠡ ᠴᠠᠭ ᠦᠶ᠎ᠡ ᠶ᠋ᠢᠨ ᠤᠷᠳᠤ ᠵᠠᠮ᠎ᠤᠨ ᠠᠶᠠᠨ ᠲᠠᠢ᠍ᠢᠨ᠎ᠦ ᠵᠠᠮ᠎ᠢᠶᠠᠷ ᠰᠠᠢᠲᠤᠷ ᠵᠠᠮᠨᠠᠭᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠰᠤᠷᠭᠠᠨ ᠬᠥᠮᠦᠵᠢᠯ᠎ᠦᠨ ᠲᠢᠩᠬᠢᠮ᠂ ᠡᠪᠯᠡᠯ᠎ᠦᠨ ᠬᠣᠷᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠥᠬᠡᠬᠣᠲᠠ᠎ᠳᠤ ᠰᠠᠭᠤᠭ᠎ᠠ ᠶᠡᠬᠡ ᠳᠡᠭᠡᠳᠦ ᠰᠤᠷᠭᠠᠭᠤᠯᠢ ᠶ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠤᠨ ᠲᠥᠯᠥᠭᠡᠯᠡᠭᠴᠢ ᠠᠵᠢᠯᠯᠠᠭ᠎ᠠ᠎ᠳᠤ ᠣᠷᠣᠯᠴᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃