ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-11-05 11:43:18

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 25 ᠎ᠤ᠋ ᠡᠳᠦᠷ᠂ 《ᠰᠢᠨ᠎ᠡ ᠴᠠᠭ ᠦᠶ᠎ᠡ᠎ᠳᠦ ᠡᠷᠡᠯᠬᠡᠭᠯᠡᠨ ᠤᠷᠤᠭᠰᠢᠯᠠᠨ᠎ᠠ· ᠥᠪᠥᠷ ᠮᠣᠩᠭᠣᠯ᠎ᠲᠠᠢ ᠲᠠᠨᠢᠯᠴᠠᠶ᠎ᠠ》 ᠭᠡᠬᠦ ᠥᠪᠥᠷ ᠮᠣᠩᠭᠣᠯ᠎ᠤᠨ 2026 ᠣᠨ᠎ᠤ ᠭᠣᠣᠯ ᠰᠡᠳᠦᠪᠲᠦ ᠨᠡᠢᠭᠡᠮ᠎ᠦᠨ ᠦᠢᠯᠡᠳᠦᠯᠭᠡ᠎ᠶᠢᠨ ᠳ᠋ᠦᠩᠨᠡᠯᠲᠡ᠎ᠶᠢᠨ ᠬᠤᠪᠢᠶᠠᠯᠴᠠᠬᠤ ᠬᠤᠷᠠᠯ ᠵᠢᠴᠢ ᠦᠷ᠎ᠡ ᠪᠦᠲᠦᠭᠡᠯ᠎ᠦᠨ ᠦᠵᠡᠭᠦᠯᠭᠡ᠎ᠶᠢᠨ ᠠᠵᠢᠯᠯᠠᠭ᠎ᠠ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠳᠤ ᠶᠠᠪᠤᠭᠳᠠᠪᠠ᠃

ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠬᠠᠮᠲᠤᠷᠠᠨ ᠡᠷᠭᠢᠯᠡᠪᠡ᠃ ᠡᠨᠡ ᠵᠢᠯ᠎ᠦᠨ ᠭᠣᠣᠯ ᠰᠡᠳᠦᠪᠲᠦ ᠨᠡᠢᠭᠡᠮ᠎ᠦᠨ ᠦᠢᠯᠡᠳᠦᠯᠭᠡ ᠨᠢ ᠥᠪᠥᠷ ᠮᠣᠩᠭᠣᠯ ᠎ᠤᠨ 《ᠬᠣᠶᠠᠷ ᠬᠠᠯᠬᠠᠪᠴᠢ 》᠂ 《ᠬᠣᠶᠠᠷ ᠰᠠᠭᠤᠷᠢᠨ 》᠂ 《ᠨᠢᠭᠡ ᠪᠡᠬᠢᠯᠡᠯᠲᠡ》 ᠵᠢᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠲᠠᠢ ᠨᠢᠭ᠍ᠲᠠ ᠤᠶᠠᠯᠳᠤᠭᠤᠯᠤᠨ᠂ 《ᠦᠵᠡᠯ ᠰᠠᠨᠠᠭ᠎ᠠ ᠤᠯᠤᠰ ᠲᠦᠷᠦ᠎ᠶᠢᠨ ᠪᠠᠭ᠎ᠠ ᠬᠢᠴᠢᠶᠡᠯ ᠎ᠦᠨ ᠲᠠᠩᠬᠢᠮ》 ᠪᠣᠯᠣᠨ 《ᠨᠡᠢᠭᠡᠮ᠎ᠦᠨ ᠶᠡᠬᠡ ᠬᠢᠴᠢᠶᠡᠯ᠎ᠦᠨ ᠲᠠᠩᠬᠢᠮ》 ᠢ᠋ ᠦᠷᠭᠦᠯᠵᠢᠯᠡᠨ ᠨᠠᠪᠲᠠᠷᠡᠭᠦᠯᠵᠦ᠂ ᠵᠠᠯᠠᠭᠤ ᠰᠤᠷᠤᠭ᠍ᠴᠢᠳ ᠰᠤᠷᠭᠠᠭᠤᠯᠢ᠎ᠶᠢᠨ ᠬᠦᠷᠢᠶᠡᠨ᠎ᠡᠴᠡ ᠭᠠᠷᠴᠤ ᠨᠢᠭᠡᠳᠦᠭᠡᠷ ᠹᠷᠣᠨᠲ᠎ᠲᠤ ᠭᠦᠨᠵᠡᠭᠡᠢᠷᠡᠨ᠂ ᠪᠠᠢᠴᠠᠭᠠᠨ ᠰᠤᠳᠤᠯᠤᠯᠲᠠ ᠬᠢᠬᠦ᠂ ᠦᠨᠳᠦᠰᠦᠨ ᠱᠠᠲᠤᠨ᠎ᠳᠤ ᠦᠢᠯᠡᠴᠢᠯᠡᠬᠦ᠂ ᠬᠤᠪᠢᠰᠬᠠᠯ᠎ᠤᠨ ᠤᠯᠨ ᠮᠦᠷ ᠵᠢᠡᠷ ᠮᠦᠷᠳᠡᠨ ᠠᠶᠠᠯᠠᠬᠤ ᠳᠤᠮᠳᠠ ᠤᠯᠤᠰ ᠭᠡᠷ᠎ᠦᠨ ᠬᠠᠢᠷ᠎ᠠ ᠰᠡᠳᠬᠢᠯᠭᠡ ᠪᠡᠨ ᠵᠤᠵᠠᠭᠠᠳᠬᠠᠵᠤ᠂ ᠴᠠᠭᠠᠷᠠᠭᠰᠠᠨ ᠡᠷᠳᠡᠮ ᠴᠢᠳᠠᠪᠤᠷᠢ᠎ᠶᠢ  ᠳᠠᠪᠲᠠᠨ ᠪᠣᠯᠪᠠᠰᠤᠷᠠᠭᠤᠯᠬᠤ ᠵᠢ ᠬᠦᠳᠦᠯᠦᠨ ᠵᠢᠯᠤᠭᠤᠳᠪᠠ᠃ ᠲᠤᠰ ᠠᠵᠢᠯᠯᠠᠭ᠎ᠠ 7 ᠰᠠᠷ᠎ᠠ᠎ᠳᠤ ᠡᠬᠢᠯᠡᠭᠰᠡᠨ᠎ᠡᠴᠡ ᠨᠠᠭᠠᠰᠢ  ᠪᠦᠬᠦ ᠣᠷᠣᠨ᠎ᠤ 5 ᠲᠦᠮᠡ ᠭᠠᠷᠤᠢ ᠵᠠᠯᠠᠭᠤ ᠰᠤᠷᠤᠭ᠍ᠴᠢᠳ ᠪᠠ 1.8 ᠲᠦᠮᠡᠨ ᠪᠠᠭ᠍ᠰᠢ  ᠨᠠᠷ 9021 ᠦᠢᠯᠡᠳᠦᠯᠭᠡ᠎ᠶᠢᠨ ᠪᠦᠯᠬᠦᠮ᠎ᠢ ᠵᠣᠬᠢᠶᠠᠨ ᠪᠠᠢᠭᠤᠯᠵᠤ᠂ 《ᠡᠨᠧᠷᠭᠢ᠎ᠪᠡᠷ ᠤᠯᠤᠰ᠎ᠢᠶᠠᠨ ᠬᠦᠴᠦᠷᠬᠡᠭᠵᠢᠭᠦᠯᠬᠦ 》᠂ 《 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ》 ᠵᠡᠷᠬᠡ ᠵᠢᠷᠭᠤᠭᠠᠨ ᠶᠡᠬᠡ ᠭᠣᠣᠯ ᠰᠡᠳᠦᠪ᠎ᠦᠨ ᠲᠣᠭᠣᠷᠢᠨ᠎ᠳᠤ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠂ ᠬᠤᠰᠢᠭᠤᠷᠠᠯ ᠠᠵᠤ ᠦᠢᠯᠡᠰ᠂ ᠬᠢᠯᠢ᠎ᠶᠢᠨ ᠪᠣᠭᠣᠮᠲᠠ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠂ ᠪᠠᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ᠂ ᠵᠠᠰᠠᠭ᠎ᠤᠨ ᠶᠠᠪᠤᠳᠠᠯ᠎ᠢ ᠵᠥᠪᠯᠡᠬᠦ ᠰᠠᠨᠠᠭᠤᠯᠭ᠎ᠠ᠂ ᠮᠡᠷᠭᠡᠵᠢᠯ᠎ᠦᠨ ᠦᠢᠯᠡᠴᠢᠯᠡᠬᠡ ᠬᠠᠩᠭᠠᠬᠤ ᠵᠡᠷᠬᠡ ᠡᠯᠪᠡᠭ ᠳᠡᠯᠪᠡᠭ ᠦᠷ᠎ᠡ ᠪᠦᠳᠦᠬᠡᠯ ᠤᠯᠵᠠᠢ᠃

ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠰᠢᠯᠢᠳᠡᠭ ᠦᠢᠯᠡᠳᠦᠯᠭᠡ᠎ᠶᠢᠨ ᠪᠦᠯᠬᠦᠮ᠂ ᠭᠡᠰᠢᠭᠦᠳ᠂ ᠵᠢᠭᠠᠨ ᠵᠢᠯᠣᠭᠣᠳᠤᠭ᠍ᠴᠢ ᠪᠠᠭ᠍ᠰᠢ᠎ᠶᠢᠨ ᠲᠥᠯᠥᠭᠡᠯᠡᠭᠴᠢ ᠳᠡᠰ ᠳᠠᠷᠠᠭ᠎ᠠ᠎ᠲᠠᠢ᠎ᠪᠠᠷ ᠲᠠᠢᠰᠠᠨ᠎ᠳᠤ ᠭᠠᠷᠴᠤ᠂ ᠦᠨᠳᠦᠰᠦᠨ ᠱᠠᠲᠤᠨ᠎ᠳᠤ ᠦᠨᠳᠦᠰᠦᠯᠡᠭᠰᠡᠨ ᠦᠨᠡᠨ ᠪᠣᠳᠠᠲᠠᠢ ᠣᠢᠯᠠᠭᠠᠯᠲᠠ ᠪᠣᠯᠣᠨ ᠡᠬᠡ ᠤᠯᠤᠰ᠎ᠤᠨ᠎ᠢᠶᠠᠨ ᠲᠥᠯᠥᠭᠡ ᠵᠢᠳᠬᠦᠬᠦ ᠬᠦᠰᠡᠯᠡᠩ ᠬᠥᠭᠡᠭᠡᠴᠡᠯᠳᠦᠯ᠎ᠢᠶᠡᠨ ᠬᠤᠪᠢᠶᠠᠯᠴᠠᠵᠤ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠵᠠᠯᠠᠭᠤᠴᠤᠳ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠦᠢᠯᠡᠰ᠎ᠲᠦ ᠣᠷᠣᠯᠴᠠᠬᠤ ᠡᠭᠦᠷᠭᠡ ᠬᠠᠷᠢᠭᠤᠴᠠᠯᠭ᠎ᠠ᠎ᠶᠢ ᠠᠮᠢᠳᠤᠯᠢᠭ᠋᠎ᠢᠶᠠᠷ ᠢᠯᠡᠷᠡᠭᠦᠯᠪᠡ᠃ ᠠᠵᠢᠯᠯᠠᠭ᠎ᠠ᠎ᠳᠤ ᠪᠠᠰᠠ ᠦᠷ᠎ᠡ ᠪᠦᠲᠦᠭᠡᠯ᠎ᠦᠨ ᠦᠵᠡᠭᠦᠯᠭᠡ᠎ᠶᠢᠨ ᠲᠣᠭᠣᠷᠢᠭ᠋ ᠭᠠᠷᠭᠠᠵᠤ᠂ ᠵᠢᠷᠭᠤᠭᠠᠨ ᠶᠡᠬᠡ ᠭᠣᠣᠯ ᠰᠡᠳᠦᠪᠲᠦ ᠦᠢᠯᠡᠳᠦᠯᠭᠡ᠎ᠶᠢᠨ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ ᠪᠣᠯᠣᠨ ᠦᠷ᠎ᠡ ᠪᠦᠲᠦᠮᠵᠢ᠎ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ᠂ ᠰᠣᠯᠢᠯᠴᠠᠭ᠎ᠠ ᠬᠢᠵᠦ ᠬᠠᠮᠲᠤ ᠪᠠᠷ ᠤᠷᠤᠭᠰᠢᠯᠠᠬᠤ ᠲᠠᠪᠴᠠᠩ᠎ᠢ ᠪᠠᠢᠭᠤᠯᠵᠤ᠂ ᠦᠢᠯᠡᠳᠦᠯᠭᠡ᠎ᠶᠢᠨ ᠦᠷ᠎ᠡ ᠪᠦᠲᠦᠭᠡᠯ᠎ᠢ ᠦᠵᠡᠮᠦᠷᠢ᠎ᠲᠠᠢ᠂ ᠲᠥᠷᠥᠭᠳᠡᠯ᠎ᠲᠠᠢ᠂ ᠰᠤᠷᠤᠯᠴᠠᠵᠤ ᠪᠣᠯᠬᠤ ᠪᠣᠯᠭᠠᠪᠠ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠳᠠᠨ᠎ᠤ ᠳᠠᠨᠢᠯᠴᠠᠭᠤᠯᠤᠭᠰᠠᠨ ᠵᠢᠡᠷ᠂ ᠪᠦᠬᠦ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ 《ᠦᠵᠡᠯ ᠰᠠᠨᠠᠭ᠎ᠠ ᠤᠯᠤᠰ ᠲᠥᠷᠥ᠎ᠶᠢᠨ ᠬᠠᠮ ᠬᠢᠴᠢᠶᠡᠯ》 ᠤ᠋ᠨ ᠦᠢᠯᠡᠳᠦᠯᠭᠡ᠎ᠪᠡᠷ ᠬᠥᠮᠥᠨ ᠢ᠋ ᠬᠥᠮᠥᠵᠢᠭᠦᠯᠬᠦ ᠰᠢᠰᠲᠧᠮ᠎ᠢ ᠦᠷᠭᠦᠯᠵᠢᠯᠡᠨ ᠰᠢᠯᠢᠳᠡᠭᠵᠢᠬᠦᠯᠵᠦ᠂ ᠦᠢᠯᠡᠳᠦᠯᠭᠡ᠎ᠪᠡᠷ ᠬᠥᠮᠥᠨ᠎ᠢ ᠬᠥᠮᠥᠵᠢᠭᠦᠯᠬᠦ ᠴᠢᠬᠤᠯᠠ ᠦᠢᠯᠡᠳᠦᠯ᠎ᠢ ᠪᠠᠳᠠᠷᠠᠭᠤᠯᠵᠤ᠂ ᠰᠤᠷᠭᠠᠭᠤᠯᠢ ᠪᠠ ᠣᠷᠣᠨ ᠨᠤᠲᠤᠭ᠎ᠤᠨ ᠬᠠᠮᠳᠤᠷᠠᠯᠴᠠᠭ᠎ᠠ᠎ᠶᠢ ᠭᠦᠨᠵᠡᠭᠡᠢᠷᠡᠭᠦᠯᠵᠦ᠂ ᠣᠨᠴᠠᠯᠢᠭ᠍ᠲᠤ ᠵᠢᠱ᠌ᠢᠶ᠎ᠡ ᠦᠵᠡᠭᠦᠯᠬᠦ ᠲᠦᠷᠦᠯ ᠵᠦᠢᠯ᠎ᠢ ᠪᠣᠢᠵᠢᠭᠤᠯᠵᠤ᠂ ᠮᠣᠷᠠᠯ ᠴᠢᠳᠠᠪᠤᠷᠢ ᠬᠣᠣᠰᠯᠠᠭᠰᠠᠨ᠂ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠬᠦ ᠴᠠᠭ ᠦᠶ᠎ᠡ᠎ᠶᠢᠨ ᠰᠢᠨ᠎ᠡ ᠬᠥᠮᠥᠨ᠎ᠢ ᠲᠠᠰᠤᠷᠠᠯᠳᠡ ᠦᠭᠡᠢ ᠬᠥᠮᠥᠵᠢᠭᠦᠯᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面