ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-11-11 16:31:25

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

《ᠭᠤᠤ᠎ᠠ ᠰᠠᠢᠬᠠᠨ ᠵᠢᠡᠷ ᠰᠡᠳᠬᠢᠯ᠎ᠢ ᠤᠮᠳᠠᠯᠠᠵᠤ᠂ ᠵᠠᠯᠠᠭᠤ ᠨᠠᠰᠤᠨ᠎ᠤ ᠰᠢᠨ᠎ᠡ ᠬᠠᠭᠤᠳᠠᠰᠤ ᠵᠢ ᠪᠢᠴᠢᠭᠯᠡᠨᠡᠮ》 ᠭᠡᠬᠦ ᠵᠡᠭᠦᠨ ᠬᠣᠢᠲᠤ᠎ᠶᠢᠨ 《ᠭᠤᠷᠪᠠᠨ ᠮᠤᠵᠢ ᠨᠢᠭᠡ ᠣᠷᠣᠨ》 ᠤ᠋ ᠣᠶᠤᠲᠠᠳ᠎ᠤᠨ ᠳᠠᠭᠤᠯᠠᠬᠤᠢ᠎ᠶᠢᠨ ᠲᠤᠰᠬᠠᠢ ᠮᠡᠷᠭᠡᠵᠢᠯ᠎ᠦᠨ ᠳᠠᠭᠤᠴᠢᠨ᠎ᠤ ᠤᠷᠤᠯᠳᠤᠭᠠᠨ  ᠲᠦᠷᠦᠬᠦᠬᠡᠨ ᠮᠦᠭᠳᠡᠨ᠎ᠦ ᠳᠠᠭᠤᠤ ᠬᠥᠭᠵᠢᠮ᠎ᠦᠨ ᠳᠡᠭᠡᠳᠦ ᠰᠤᠷᠭᠠᠭᠤᠯᠢ᠎ᠳᠤ ᠶᠠᠪᠤᠭᠳᠠᠪᠠ᠃ ᠲᠣᠰ ᠤᠳᠠᠭᠠᠨ᠎ᠤ ᠤᠷᠤᠯᠳᠤᠭᠠᠨ᠎ᠢ ᠯᠢᠶᠣᠤᠨᠢᠩ᠂ ᠭᠢᠷᠢᠨ᠂ ᠬᠠᠷᠠᠮᠥ᠋ᠷᠡᠨ᠂ ᠥᠪᠥᠷ ᠮᠣᠩᠭᠣᠯ᠎ᠤᠨ ᠳᠥᠷᠪᠡᠨ ᠮᠤᠵᠢ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠲᠤᠷᠠᠨ ᠡᠷᠭᠢᠯᠡᠵᠦ᠂ ᠮᠦᠭᠳᠡᠨ᠎ᠤ ᠲᠠᠭᠤᠤ ᠬᠥᠭᠵᠢᠮ᠎ᠦᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠪᠡ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠨᠢᠭᠡᠳᠦᠯᠲᠡᠢ ᠵᠢᠯᠣᠭᠣᠳᠤᠯᠭ᠎ᠠ ᠳᠣᠣᠷ᠎ᠠ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠠᠴᠠ ᠲᠦᠷᠦᠭᠦᠯᠡᠨ ᠵᠣᠬᠢᠶᠠᠨ ᠪᠠᠢᠭᠤᠯᠵᠤ᠂ ᠮᠠᠨ᠎ᠤ ᠣᠷᠣᠨ᠎ᠤ 8 ᠶᠡᠬᠡ ᠳᠡᠭᠡᠳᠦ ᠰᠤᠷᠭᠠᠭᠤᠯᠢ ᠵᠢᠨ ᠳᠠᠭᠤᠯᠠᠬᠤᠢ᠎ᠶᠢᠨ ᠲᠤᠰᠬᠠᠢ ᠮᠡᠷᠭᠡᠵᠢᠯ᠎ᠦᠨ 10 ᠰᠢᠯᠢᠳᠡᠭ ᠤᠶᠤᠳᠠᠨ ᠮᠦᠭᠳᠡᠨ᠎ᠳᠦ ᠬᠦᠷᠴᠦ ᠤᠷᠤᠯᠳᠤᠭᠠᠨ᠎ᠳᠤ ᠣᠷᠣᠯᠴᠠᠵᠤ᠂  ᠰᠢᠯᠢᠳᠡᠭ ᠬᠢᠷᠢ ᠪᠦᠲᠦᠮᠵᠢ ᠣᠯᠵᠤ᠂ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠳᠠᠭᠤᠯᠠᠬᠤᠢ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ  ᠦᠷ᠎ᠡ ᠪᠦᠲᠦᠮᠵᠢ ᠵᠢ ᠭᠦᠢᠴᠡᠳ ᠢᠯᠡᠷᠡᠭᠦᠯᠪᠡ᠃ ᠤᠷᠤᠯᠳᠤᠭᠠᠨ᠎ᠳᠤ ᠣᠷᠣᠯᠴᠠᠭᠰᠠᠨ 10 ᠤᠶᠤᠳᠠᠳ ᠎ᠢ ᠴᠥᠮ 2026 ᠣᠨ᠎ᠤ ᠥᠪᠥᠷ ᠮᠣᠩᠭᠣᠯ᠎ᠤᠨ ᠣᠶᠤᠲᠠᠳ᠎ᠤᠨ 《ᠰᠤᠷᠭᠠᠭᠤᠯᠢ᠎ᠶᠢᠨ ᠬᠦᠷᠢᠶᠡᠨ᠎ᠦ ᠠᠷᠪᠠᠨ ᠰᠢᠯᠢᠳᠡᠭ ᠳᠠᠭᠤᠴᠢᠨ》 ᠤ᠋ ᠤᠷᠤᠯᠳᠤᠭᠠᠨ᠎ᠤ ᠰᠢᠯᠭᠠᠷᠠᠭᠤᠯᠤᠯᠲᠠ᠎ᠪᠠᠷ ᠰᠣᠩᠭᠣᠨ ᠳᠠᠨᠢᠯᠴᠠᠭᠤᠯᠵᠠᠢ᠃ ᠤᠶᠤᠳᠠᠳ᠎ᠤᠨ ᠲᠣᠭᠯᠠᠯᠲᠠ ᠨᠢ ᠦᠨᠳᠦᠰᠦᠲᠡᠨ᠎ᠦ ᠤᠨᠴᠠᠯᠢᠬᠳᠤ ᠳᠠᠭᠤᠯᠠᠬᠤ ᠠᠷᠭ᠎ᠠ᠂ ᠭᠣᠢᠳᠠ ᠳᠠᠭᠤᠯᠠᠬᠤ ᠠᠷᠭ᠎ᠠ  ᠶ᠋ᠢᠨ ᠤᠷᠠᠯᠢᠭ ᠢ᠋ ᠢᠯᠡᠷᠡᠬᠦᠯᠦᠭᠰᠡᠨ ᠵᠢᠡᠷ  ᠪᠠᠷᠠᠬᠤ  ᠦᠬᠡᠢ  ᠪᠠᠰᠠ  ᠮᠣᠩᠭᠣᠯ  ᠣᠷᠳᠣ᠌  ᠶ᠋ᠢᠨ ᠳᠠᠭᠤᠤ ᠂ ᠬᠦᠬᠡᠮᠡᠢ ᠵᠡᠷᠭᠡ ᠤᠯᠠᠮᠵᠢᠯᠠᠯᠲᠤ ᠳᠠᠭᠤᠯᠠᠬᠤᠢ  ᠶ᠋ᠢᠨ ᠤᠷᠠᠯᠢᠭ᠋᠎ᠤᠨ ᠥᠪᠡᠷᠮᠢᠴᠡ ᠷᠢᠳᠢ  ᠰᠢᠳᠢ  ᠶ᠋ᠢ  ᠢᠯᠡᠷᠡᠬᠦᠯᠵᠡᠢ᠃

ᠮᠠᠨ᠎ᠤ ᠣᠷᠣᠨ᠎ᠤ 10 ᠤᠷᠤᠯᠴᠠᠭᠴᠢ ᠨᠢᠭᠡᠳᠦᠭᠡᠷ ᠳᠡᠰ᠎ᠤᠨ ᠱᠠᠩᠨᠠᠯ᠎ᠢ᠋ 3 ᠬᠦᠷᠳᠡᠵᠦ᠂ ᠬᠤᠶᠠᠳᠤᠭᠠᠷ ᠳᠡᠰ᠎ᠤᠨ ᠱᠠᠩᠨᠠᠯ᠎ᠢ 5 ᠬᠦᠷᠳᠡᠵᠦ᠂ ᠪᠦᠬᠦᠳᠡᠬᠡᠷ ᠵᠢᠡᠨ ᠱᠠᠩᠨᠠᠯ ᠭᠥᠷᠳᠡᠵᠦ᠂ ᠱᠠᠩᠨᠠᠯ ᠣᠯᠣᠭᠰᠠᠨ ᠨᠣᠷᠮ᠎ᠠ  ᠨᠢ 100%᠎ᠳᠤ ᠬᠦᠷᠴᠦ᠂ ᠲᠤᠰᠬᠠᠢ ᠮᠡᠷᠭᠡᠵᠢᠯ᠎ᠦᠨ ᠤᠷᠠᠯᠢᠭ᠋᠎ᠤᠨ ᠳᠡᠭᠡᠳᠦ ᠰᠤᠷᠭᠠᠭᠤᠯᠢ᠂ ᠣᠷᠣᠨ ᠨᠤᠲᠤᠭ᠎ᠤᠨ ᠶᠡᠷᠦᠩᠬᠡᠢᠯᠡᠭᠰᠡᠨ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ  ᠰᠤᠷᠭᠠᠭᠤᠯᠢ᠎ᠶᠢ  ᠬᠠᠮᠤᠷᠴᠤ᠂ ᠮᠠᠨ᠎ᠤ ᠣᠷᠣᠨ᠎ᠤ  ᠶᠡᠬᠡ  ᠳᠡᠭᠡᠳᠦ ᠰᠤᠷᠭᠠᠭᠤᠯᠢ ᠎ᠶᠢᠨ ᠭᠤᠸ᠎ᠠ ᠰᠠᠢᠬᠠᠨ᠎ᠤ ᠬᠥᠮᠦᠵᠢᠯ᠎ᠦᠨ ᠲᠡᠩᠴᠡᠭᠦᠷᠢᠲᠡᠢ ᠬᠥᠭᠵᠢᠬᠦ  ᠰᠠᠢᠨ ᠰᠠᠢᠬᠠᠨ ᠪᠠᠢᠷᠢᠰᠢᠯ᠎ᠢ  ᠭᠦᠢᠴᠡᠳ ᠬᠠᠷᠠᠭᠤᠯᠪᠠ᠃

ᠦᠵᠡᠭᠦᠯᠭᠡ ᠵᠢᠨ ᠲᠣᠭᠯᠠᠯᠲᠠ ᠪᠠ ᠰᠣᠯᠢᠯᠴᠠᠭ᠎ᠠ᠎ᠪᠠᠷ ᠳᠠᠮᠵᠢᠨ᠂ ᠣᠷᠣᠨ ᠪᠦᠰᠡ ᠠᠯᠤᠰᠯᠠᠭᠰᠠᠨ ᠭᠤᠸ᠎ᠠ ᠰᠠᠢᠬᠠᠨ᠎ᠤ ᠬᠥᠮᠦᠵᠢᠯ᠎ᠦᠨ ᠬᠠᠷᠢᠯᠴᠠᠨ ᠲᠤᠯᠢᠯᠠᠬᠤ᠎ᠶᠢ ᠭᠦᠨᠵᠡᠭᠡᠢᠷᠡᠭᠦᠯᠵᠦ᠂ ᠣᠷᠣᠨ ᠪᠦᠰᠡ᠎ᠶᠢᠨ ᠤᠷᠠᠯᠢᠭ᠋᠎ᠤᠨ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠬᠠᠷᠢᠯᠴᠠᠨ ᠨᠡᠪᠲᠡᠷᠡᠯᠴᠡᠵᠦ ᠬᠠᠮᠲᠤᠪᠠᠷ ᠡᠳ᠋ᠯᠡᠬᠦ᠎ᠶᠢ ᠠᠬᠢᠭᠤᠯᠪᠠ᠃ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭᠠᠨ᠎ᠢᠶᠠᠷ ᠪᠠᠢᠭᠤᠯᠤᠯᠲᠠ᠎ᠶᠢ ᠠᠬᠢᠭᠤᠯᠬᠤ᠎ᠶᠢ ᠦᠷᠬᠦᠯᠵᠢᠯᠡᠨ ᠪᠠᠷᠢᠮᠲᠠᠯᠠᠵᠤ᠂ ᠪᠦᠬᠦ ᠤᠷᠤᠨ᠎ᠤ ᠶᠡᠬᠡ ᠳᠡᠬᠡᠳᠤ ᠰᠤᠷᠭᠠᠭᠤᠯᠢ ᠵᠢᠨ ᠤᠷᠠᠯᠢᠭ᠎ᠤᠨ ᠰᠤᠷᠭᠠᠨ ᠬᠦᠮᠦᠵᠢᠯ᠎ᠤᠨ ᠦᠢᠯᠡᠰ᠎ᠤᠨ ᠴᠢᠨᠠᠷ  ᠰᠠᠢᠳᠠᠢ  ᠬᠦᠭᠵᠢᠯᠳᠡ ᠳ᠋ᠤ ᠬᠦᠴᠦᠨ ᠨᠡᠮᠡᠷᠢᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面