ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-11-17 17:53:52

ᠵᠣᠬᠢᠶᠠᠭ᠍ᠴᠢ᠄ ᠸᠧᠶ ᠭᠤᠸᠠᠨ ᠢᠦᠶ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ 11 ᠰᠠᠷ᠎ᠠ᠎ᠶᠢᠨ 10᠎ᠤ᠋ ᠡᠳᠦᠷ ᠰᠤᠷᠭᠠᠨ ᠬᠥᠮᠦᠵᠢᠯ᠎ᠦᠨ ᠶᠠᠮᠤᠨ᠎ᠡᠴᠡ ᠣᠶ᠋ᠢᠯᠠᠭᠠᠭᠰᠠᠨ᠎ᠢᠶᠠᠷ᠂ ᠰᠤᠷᠭᠠᠨ ᠬᠥᠮᠦᠵᠢᠯ᠎ᠦᠨ ᠶᠠᠮᠤᠨ᠂ ᠳᠣᠲᠣᠭᠠᠳᠤ᠎ᠶᠢ ᠬᠠᠮᠠᠭᠠᠯᠠᠬᠤ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠶᠠᠮᠤᠨ ᠲᠦᠷᠦᠭᠦᠬᠡᠨ ᠮᠡᠳᠡᠭᠳᠡᠯ ᠳᠠᠷᠤᠮᠠᠯᠯᠠᠨ ᠲᠠᠷᠬᠠᠭᠠᠵᠤ᠂ 2030 ᠣᠨ᠎ᠳ᠋ᠦ ᠶᠡᠬᠡ ᠳᠡᠭᠡᠳᠦ ᠰᠤᠷᠭᠠᠭᠤᠯᠢ᠎ᠶᠢᠨ ᠰᠣᠷᠣᠭᠴᠢ ᠡᠯᠰᠡᠬᠦ ᠡᠴᠡ ᠡᠬᠢᠯᠡᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳ᠋ᠦ ᠦᠢᠯᠡᠴᠢᠯᠡᠬᠦ ᠶᠡᠬᠡ ᠳᠡᠭᠡᠳᠦ ᠰᠤᠷᠭᠠᠭᠤᠯᠢ᠎ᠶᠢᠨ ᠰᠣᠷᠣᠭᠴᠢ ᠡᠯᠰᠡᠬᠦ᠌ ᠲᠤᠰᠬᠠᠶ ᠲᠥᠯᠥᠪᠯᠡᠭᠡ᠎ᠶᠢ ᠬᠡᠷᠡᠭᠵᠢᠭᠦᠯᠬᠦ᠌ ᠲᠤᠬᠠᠶ ᠪᠠᠶ᠋ᠢᠷᠢᠯᠠᠭᠤᠯᠪᠠ᠃ ᠲᠥᠷᠥ᠎ᠶᠢᠨ ᠪᠣᠳᠣᠯᠭ᠎ᠠ ᠨᠢ ᠭᠤᠷᠪᠠᠨ ᠵᠢᠯ᠎ᠦᠨ ᠰᠢᠯᠵᠢᠯᠲᠡ᠎ᠶᠢᠨ ᠬᠤᠭᠤᠴᠠᠭ᠎ᠠ᠎ᠳᠤ ᠲᠣᠬᠢᠷᠠᠭᠤᠯᠤᠯᠲᠠ ᠬᠢᠵᠦ᠂ 2027 ᠣᠨ᠎ᠡᠴᠡ 2029 ᠣᠨ ᠪᠣᠯᠲᠠᠯ᠎ᠠ᠂ ᠣᠲᠣ᠎ᠶᠢᠨ ᠪᠠᠶ᠋ᠢᠭ᠎ᠠ ᠭᠤᠤᠯᠳᠠᠯᠭ᠎ᠠ᠎ᠲᠠᠶ ᠶᠡᠬᠡ ᠳᠡᠭᠡᠳᠦ ᠰᠤᠷᠭᠠᠭᠤᠯᠢ᠎ᠶᠢᠨ ᠬᠥᠳᠡᠭᠡ ᠲᠣᠰᠬᠣᠨ ᠪᠠ ᠶᠠᠳᠠᠭᠤ᠎ᠡᠴᠡ ᠠᠩᠭᠢᠵᠢᠷᠠᠭᠰᠠᠨ ᠭᠠᠵᠠᠷ ᠣᠷᠣᠨ᠎ᠡᠴᠡ ᠰᠣᠷᠣᠭᠴᠢ ᠡᠯᠰᠡᠬᠦ᠌ ᠲᠤᠰᠬᠠᠶ ᠲᠥᠯᠥᠪᠯᠡᠭᠡ᠎ᠶᠢ ᠦᠷᠭᠦᠯᠵᠢᠯᠡᠨ ᠬᠡᠷᠡᠭᠵᠢᠭᠦᠯᠦᠨ᠎ᠡ᠃

ᠰᠤᠷᠭᠠᠨ ᠬᠥᠮᠦᠵᠢᠯ᠎ᠦᠨ ᠶᠠᠮᠤᠨ᠎ᠤ ᠶᠡᠬᠡ ᠳᠡᠭᠡᠳᠦ ᠰᠤᠷᠭᠠᠭᠤᠯᠢ᠎ᠶᠢᠨ ᠰᠣᠷᠣᠭᠴᠢ᠎ᠶᠢᠨ ᠵᠤᠷᠭᠠᠨ᠎ᠤ ᠬᠠᠷᠢᠭᠤᠴᠠᠯᠭᠠᠲᠠᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠶ ᠲᠥᠷᠥᠯ ᠵᠦᠢᠯ᠎ᠦᠨ ᠨᠡᠷ᠎ᠡ ᠮᠡᠳᠡᠭᠦᠯᠬᠦ᠌ ᠨᠥᠬᠥᠴᠡᠯ᠎ᠳᠦ᠂ ᠰᠤᠷᠤᠭᠴᠢᠳ᠎ᠤᠨ ᠬᠥᠳᠡᠭᠡ ᠲᠣᠰᠬᠣᠨ᠎ᠤ ᠪᠡᠶ᠎ᠡ ᠭᠠᠷᠤᠯ᠎ᠢ ᠴᠢᠬᠤᠯᠠᠴᠢᠯᠠᠬᠤ᠎ᠶᠢ ᠠᠳᠠᠯᠢ ᠨᠢᠭᠡᠨ ᠰᠢᠶᠠᠨ᠎ᠳᠤ ᠠᠳᠠᠯᠢ ᠲᠡᠭᠰᠢ ᠰᠤᠷᠭᠠᠨ ᠬᠥᠮᠦᠵᠢᠯ᠎ᠦᠨ ᠡᠬᠢ ᠪᠠᠶᠠᠯᠢᠭ ᠡᠳ᠋ᠯᠡᠬᠦ᠌᠎ᠶᠢ ᠴᠢᠬᠤᠯᠠᠴᠢᠯᠠᠬᠤ ᠪᠣᠯᠭᠠᠵᠤ᠂ ᠰᠤᠷᠭᠠᠨ ᠬᠥᠮᠦᠵᠢᠯ᠎ᠦᠨ ᠭᠤᠤᠯᠴᠢ ᠪᠠᠶ᠋ᠢᠬᠤ᠎ᠶᠢ ᠨᠠᠩ ᠰᠠᠶ᠋ᠢᠲᠤᠷ ᠠᠬᠢᠭᠤᠯᠤᠨ᠎ᠠ ᠭᠡᠵᠦ ᠢᠯᠡᠳᠭᠡᠪᠡ᠃

ᠰᠣᠷᠣᠭᠴᠢ ᠡᠯᠰᠡᠬᠦ᠌ ᠲᠠᠯ᠎ᠠ᠎ᠪᠠᠷ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠶ ᠲᠦᠷᠦᠯ ᠵᠦᠢᠯ᠎ᠳᠦ ᠲᠤᠰᠠᠭᠠᠷ ᠲᠥᠯᠥᠪᠯᠡᠭᠡ ᠬᠢᠬᠦ᠌ ᠠᠷᠭ᠎ᠠ ᠬᠡᠯᠪᠡᠷᠢ᠎ᠶᠢ ᠠᠪᠴᠤ᠌᠂ ᠬᠣᠯᠪᠣᠭᠳᠠᠯ ᠪᠥᠬᠥᠶ ᠶᠡᠬᠡ ᠳᠡᠭᠡᠳᠦ ᠰᠤᠷᠭᠠᠭᠤᠯᠢ᠎ᠶᠢᠨ ᠪᠠᠶ᠋ᠢᠭ᠎ᠠ ᠵᠢᠩᠬᠢᠨᠢ ᠠᠩᠭᠢ᠎ᠶᠢᠨ ᠰᠣᠷᠣᠭᠴᠢ ᠡᠯᠰᠡᠬᠦ᠌ ᠪᠦᠯᠦᠭ ᠤᠳᠠᠭ᠎ᠠ᠎ᠳᠤ ᠣᠷᠣᠭᠤᠯᠤᠨ ᠨᠢᠭᠡᠳᠦᠯᠲᠡᠶ ᠲᠠᠩᠰᠠ ᠡᠪᠬᠡᠮᠡᠯ ᠭᠠᠷᠭᠠᠨ ᠥᠭᠴᠦ᠍ ᠡᠯᠰᠡᠨ᠎ᠡ᠂ 《ᠬᠤᠤᠰ ᠲᠡᠷᠢᠭᠦᠨ ᠲᠠᠰ》 ᠤ᠋ᠨ ᠪᠠᠶ᠋ᠢᠭᠤᠯᠤᠯᠲᠠ᠎ᠶᠢᠨ ᠶᠡᠬᠡ ᠳᠡᠭᠡᠳᠦ ᠰᠤᠷᠭᠠᠭᠤᠯᠢ᠎ᠶᠢᠨ ᠡᠯᠰᠡᠬᠦ᠌ ᠬᠤᠪᠢ᠎ᠶᠢ ᠵᠠᠷᠴᠢᠮ ᠳᠡᠭᠡᠷ᠎ᠡ᠎ᠪᠡᠨ ᠣᠨᠴᠠᠭᠠᠶ ᠲᠥᠷᠥᠯ ᠬᠡᠯᠪᠡᠷᠢ᠎ᠶᠢᠨ ᠰᠣᠷᠣᠭᠴᠢ ᠡᠯᠰᠡᠬᠦ᠌᠎ᠶᠢ ᠬᠢᠵᠠᠭᠠᠷᠯᠠᠬᠤ ᠬᠤᠪᠢ᠎ᠶᠢᠨ ᠱᠤᠭᠤᠮ᠎ᠡᠴᠡ ᠳᠤᠤᠷ᠎ᠠ ᠪᠠᠶ᠋ᠢᠯᠭᠠᠬᠤ ᠥᠬᠡᠶ᠃

ᠮᠡᠳᠡᠭᠳᠡᠯ᠎ᠢ ᠦᠨᠳᠦᠰᠦᠯᠡᠪᠡᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠶ ᠲᠥᠷᠥᠯ ᠵᠦᠢᠯ᠎ᠦᠨ ᠤᠯᠤᠰ᠎ᠤᠨ ᠲᠥᠷᠥᠯ᠎ᠦᠨ ᠬᠡᠷᠡᠭᠵᠢᠭᠦᠯᠬᠦ᠌ ᠣᠷᠣᠨ ᠪᠦᠰᠡ᠎ᠶᠢ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ ᠰᠢᠶᠠᠨ ᠪᠠ ᠳᠤᠮᠳᠠ ᠪᠠᠷᠠᠭᠤᠨ ᠬᠡᠰᠡᠭ᠎ᠦᠨ ᠭᠠᠵᠠᠷ ᠣᠷᠣᠨ᠎ᠤ ᠮᠤᠵᠢ᠎ᠶᠢᠨ ᠱᠠᠲᠤᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ ᠰᠢᠶᠠᠨ ᠪᠣᠯᠭᠠᠬᠤ ᠵᠢᠴᠢ ᠲᠥᠪᠡᠳ᠂ ᠰᠢᠨᠵᠢᠶᠠᠩ᠎ᠤᠨ ᠬᠣᠯᠪᠣᠭᠳᠠᠯ ᠪᠥᠬᠥᠶ ᠣᠷᠣᠨ ᠪᠦᠰᠡ᠂ ᠣᠷᠣᠨ ᠨᠤᠲᠤᠭ᠎ᠤᠨ ᠲᠥᠷᠥᠯ᠎ᠦᠨ ᠬᠡᠷᠡᠭᠵᠢᠭᠦᠯᠬᠦ᠌ ᠣᠷᠣᠨ ᠪᠦᠰᠡ᠎ᠶᠢ ᠬᠣᠯᠪᠣᠭᠳᠠᠯ ᠪᠥᠬᠥᠶ ᠮᠤᠵᠢ ᠣᠷᠣᠨ ᠬᠣᠲᠠ᠎ᠡᠴᠡ ᠲᠣᠭᠲᠠᠭᠠᠨ᠎ᠠ᠃

ᠮᠡᠳᠡᠭᠳᠡᠯ᠎ᠳᠦ᠂ ᠤᠯᠤᠰ᠎ᠤᠨ ᠲᠦᠷᠦᠯ᠎ᠢ ᠲᠥᠪ᠎ᠦᠨ ᠰᠠᠯᠠᠭ᠎ᠠ ᠮᠥᠴᠢᠷ᠎ᠦᠨ ᠬᠠᠷᠢᠶ᠎ᠠ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ ᠪᠠ ᠡᠯ᠎ᠡ ᠮᠤᠵᠢ ᠣᠷᠣᠨ ᠬᠣᠲᠠ᠎ᠶᠢᠨ ᠬᠠᠷᠢᠶ᠎ᠠ ᠪᠥᠬᠥᠶ ᠠᠯᠪᠠᠨ᠎ᠡᠴᠡ ᠡᠷᠭᠢᠯᠡᠭᠰᠡᠨ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ ᠰᠣᠷᠣᠭᠴᠢ ᠡᠯᠰᠡᠬᠦ᠌ ᠠᠵᠢᠯ ᠥᠷᠨᠢᠭᠦᠯᠦᠨ᠎ᠡ; ᠣᠷᠣᠨ ᠨᠤᠲᠤᠭ᠎ᠤᠨ ᠲᠥᠷᠥᠯ᠎ᠢ ᠭᠤᠤᠯᠳᠠᠭᠤ ᠬᠣᠯᠪᠣᠭᠳᠠᠯ ᠪᠥᠬᠥᠶ ᠮᠤᠵᠢ ᠣᠷᠣᠨ ᠬᠣᠲᠠ᠎ᠶᠢᠨ ᠬᠠᠷᠢᠶ᠎ᠠ ᠠᠯᠪᠠᠨ᠎ᠡᠴᠡ ᠡᠷᠭᠢᠯᠡᠭᠰᠡᠨ ᠶᠡᠬᠡ ᠳᠡᠭᠡᠳᠦ ᠰᠤᠷᠭᠠᠭᠤᠯᠢ᠎ᠡᠴᠡ ᠲᠣᠰ ᠭᠠᠵᠠᠷ᠎ᠤᠷᠤᠨ ᠳ᠋ᠠᠭᠠᠨ ᠬᠠᠨᠳᠤᠭᠤᠯᠤᠨ ᠰᠣᠷᠣᠭᠴᠢ ᠡᠯᠰᠡᠵᠦ᠍᠂ ᠲᠥᠪ᠎ᠦᠨ ᠰᠠᠯᠠᠭ᠎ᠠ ᠮᠥᠴᠢᠷ᠎ᠦᠨ ᠬᠠᠷᠢᠶ᠎ᠠ ᠪᠥᠬᠥᠶ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ᠎ᠨᠤᠭᠤᠳ ᠬᠥᠭᠵᠢᠭᠡᠳᠦᠶ ᠭᠠᠵᠠᠷ ᠣᠷᠣᠨ ᠪᠠ ᠰᠤᠷᠭᠠᠨ ᠬᠥᠮᠦᠵᠢᠯ᠎ᠦᠨ ᠰᠠᠭᠤᠷᠢ ᠪᠠᠭᠤᠷᠠᠶ ᠭᠠᠵᠠᠷ ᠣᠷᠣᠨ ᠳᠠᠢᠰᠢ ᠬᠡᠯᠪᠡᠶ᠋ᠢᠯᠭᠡᠬᠦ᠌ ᠡᠷᠴᠢᠮ᠎ᠢᠶᠡᠨ ᠴᠢᠩᠭᠠᠷᠠᠭᠤᠯᠵᠤ᠂ ᠬᠣᠯᠪᠣᠭᠳᠠᠯ ᠪᠥᠬᠥᠶ ᠮᠤᠵᠢ ᠣᠷᠣᠨ᠎ᠳᠤ ᠬᠠᠨᠳᠤᠭᠤᠯᠤᠨ ᠵᠣᠬᠢᠬᠤ ᠲᠣᠭᠠᠨ᠎ᠤ ᠰᠣᠷᠣᠭᠴᠢ ᠡᠯᠰᠡᠵᠦ᠍ ᠪᠣᠯᠤᠨ᠎ᠠ ᠭᠡᠵᠦ ᠲᠤᠳᠤᠷᠬᠠᠢᠯᠠᠪᠠ᠃

(ᠰᠢᠨᠬᠤᠸᠠ ᠬᠤᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 10᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面