ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-11-18 11:57:31

ᠵᠣᠬᠢᠶᠠᠭ᠍ᠴᠢ᠄ ​ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠡᠴᠡ 2026 ᠣᠨ᠎ᠳᠤ ᠭᠣᠣᠯᠳᠠᠯᠭ᠎ᠠ᠎ᠲᠠᠢ ᠳᠡᠮᠵᠢᠨ ᠪᠠᠶ᠋ᠢᠭᠤᠯᠬᠤ 200 ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢ ᠲᠣᠭᠲᠠᠭᠠᠵᠤ᠂ ᠮᠠᠨ᠎ᠤ ᠣᠷᠣᠨ᠎ᠤ ᠲᠠᠨᠢᠯᠴᠠᠭᠤᠯᠤᠭᠰᠠᠨ 5 ᠤᠷᠠᠨ ᠳᠠᠷᠬᠠᠨ᠎ᠤ ᠳᠡᠭᠡᠳᠦ ᠰᠤᠷᠭᠠᠭᠤᠯᠢ ᠪᠦᠬᠦᠨ᠎ᠢᠶᠡᠷ᠎ᠢᠶᠡᠨ ᠰᠣᠩᠭᠣᠭᠳᠠᠪᠠ᠃

ᠲᠤᠰ ᠤᠳᠠᠭ᠎ᠠ ᠰᠤᠩᠭᠤᠬᠲᠠᠬᠰᠠᠨ 5 ᠤᠷᠠᠨ ᠳᠠᠷᠬᠠᠨ᠎ᠤ ᠳᠡᠭᠡᠳᠦ ᠰᠤᠷᠭᠠᠭᠤᠯᠢ ᠨᠢ ᠴᠥᠮ ᠮᠠᠨ᠎ᠤ ᠣᠷᠣᠨ᠎ᠤ 《1+22+N》 ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢᠨ ᠰᠢᠰᠲᠧᠮ᠎ᠦᠨ ᠪᠠᠢᠭᠤᠯᠤᠯᠲᠠ᠎ᠶᠢᠨ ᠬᠡᠪ ᠳᠠᠭᠤᠷᠢᠶᠠᠯ ᠪᠤᠯᠤᠨ᠎ᠠ᠂ ᠲᠡᠳᠡᠭᠡᠷ ᠨᠢ ᠲᠤᠰ ᠲᠤᠰ ᠥᠪᠥᠷ ᠮᠣᠩᠭᠣᠯ᠎ᠤᠨ ᠣᠶᠤᠨᠲᠤ ᠪᠠᠷᠢᠯᠭ᠎ᠠ᠎ᠶᠢᠨ ᠤᠷᠠᠨ ᠳᠠᠷᠬᠠᠨ᠎ᠤ ᠳᠡᠭᠡᠳᠦ ᠰᠤᠷᠭᠠᠭᠤᠯᠢ (ᠰᠢᠩ᠎ᠲᠠᠢ ᠪᠦᠲᠦᠭᠡᠨ ᠪᠠᠢᠭᠤᠯᠤᠯᠲᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ) ᠂ ᠥᠪᠥᠷ ᠮᠣᠩᠭᠣᠯ᠎ᠤᠨ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠤᠷᠠᠨ ᠳᠠᠷᠬᠠᠨ᠎ᠤ ᠳᠡᠭᠡᠳᠦ ᠰᠤᠷᠭᠠᠭᠤᠯᠢ(ᠵᠢᠨ ᠢᠦᠢ ᠠᠮᠢᠳᠤ ᠪᠣᠳᠠᠰ᠎ᠤᠨ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ)᠂ ᠥᠪᠥᠷ ᠮᠣᠩᠭᠣᠯ᠎ᠤᠨ ᠲᠤᠯᠢ ᠭᠣᠣᠯ᠎ᠤᠨ ᠣᠶ ᠰᠢᠭᠤᠢ᠎ᠶᠢᠨ ᠠᠮᠢ ᠠᠬᠤᠢ᠎ᠶᠢᠨ ᠤᠷᠠᠨ ᠳᠠᠷᠬᠠᠨ᠎ᠤ ᠳᠡᠭᠡᠳᠦ ᠰᠤᠷᠭᠠᠭᠤᠯᠢ᠂ ᠲᠦᠩᠯᠢᠶᠣᠣ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠤᠷᠠᠨ ᠳᠠᠷᠬᠠᠨ᠎ᠤ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠤᠷᠠᠨ ᠳᠠᠷᠬᠠᠨ᠎ᠤ ᠳᠡᠭᠡᠳᠦ ᠰᠤᠷᠭᠠᠭᠤᠯᠢ(ᠥᠪᠥᠷ ᠮᠣᠩᠭᠣᠯ᠎ᠤᠨ ᠠᠵᠢᠯᠴᠢᠨ᠎ᠤ ᠡᠪᠯᠡᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠲᠥᠪ) ᠵᠡᠷᠭᠡ ᠪᠣᠯᠣᠨ᠎ᠠ᠃ ᠡᠭᠦᠨ᠎ᠳᠦ᠂ ᠥᠪᠥᠷ ᠮᠣᠩᠭᠣᠯ᠎ᠤᠨ ᠤᠷᠠᠨ ᠳᠠᠷᠬᠠᠨ᠎ᠤ ᠳᠡᠭᠡᠳᠦ ᠰᠤᠷᠭᠠᠭᠤᠯᠢ ᠨᠢ ᠮᠠᠨ᠎ᠤ ᠣᠷᠣᠨ᠎ᠤ ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢᠨ ᠬᠣᠯᠪᠣᠭᠠᠨ᠎ᠤ ᠭᠦᠢᠴᠡᠳᠬᠡᠬᠦ ᠪᠠᠢᠭᠤᠯᠤᠮᠵᠢ ᠪᠠᠢᠵᠦ᠂ ᠮᠠᠨ᠎ᠤ ᠣᠷᠣᠨ᠎ᠤ ᠡᠯ᠎ᠡ ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠵᠢᠨ ᠰᠤᠷᠤᠯᠴᠠᠬᠤ ᠰᠣᠯᠢᠯᠴᠠᠬᠤ ᠲᠠᠪᠴᠠᠩ᠎ᠢ ᠪᠠᠢᠭᠤᠯᠵᠤ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠭᠰᠡᠨ᠂ ᠣᠷᠣᠨ ᠪᠦᠰᠡ ᠬᠣᠯᠪᠤᠭᠠᠯᠠᠨ ᠬᠥᠳᠡᠯᠦᠯᠴᠡᠭᠰᠡᠨ ᠥᠪᠥᠷ ᠮᠣᠩᠭᠣᠯ᠎ᠤᠨ ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢᠨ ᠠᠭᠤᠰᠤᠯᠴᠠᠨ ᠬᠥᠭᠵᠢᠬᠦ ᠰᠢᠨ᠎ᠡ ᠪᠠᠢᠷᠢᠰᠢᠯ᠎ᠢ ᠪᠣᠶ ᠪᠣᠯᠭᠠᠬᠤ᠎ᠶᠢ ᠠᠬᠢᠭᠤᠯᠵᠦ ᠪᠠᠢᠲᠠᠭ᠃ ᠠᠵᠤ ᠦᠢᠯᠡᠰ᠎ᠦᠨ ᠲᠠᠷᠬᠠᠯᠲᠠ ᠠ᠋ᠴᠠ ᠦᠵᠡᠪᠡᠯ᠂ ᠪᠤᠰᠤᠳ 4 ᠤᠷᠠᠨ ᠳᠠᠷᠬᠠᠨ᠎ᠤ ᠳᠡᠭᠡᠳᠦ ᠰᠤᠷᠭᠠᠭᠤᠯᠢ ᠨᠢ ᠪᠠᠷᠢᠯᠭ᠎ᠠ ᠪᠠᠷᠢᠬᠤ᠂ ᠠᠮᠢᠳᠤ ᠪᠣᠳᠠᠰ᠎ᠤᠨ ᠡᠮ ᠦᠢᠯᠡᠳᠬᠦ᠂ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠵᠢᠴᠢ ᠶᠡᠷᠦᠩᠬᠡᠢᠯᠡᠭᠰᠡᠨ ᠴᠢᠨᠠᠷᠲᠠᠢ ᠤᠷᠠᠨ ᠳᠠᠷᠬᠠᠨ᠎ᠤ ᠳᠡᠭᠡᠳᠦ ᠰᠤᠷᠭᠠᠭᠤᠯᠢ ᠪᠠᠢᠵᠤ᠂  ᠦᠪᠡᠷᠳᠡᠭᠡᠨ ᠵᠠᠰᠠᠬᠤ ᠣᠷᠣᠨ᠎ᠤ ᠳᠠᠪᠠᠭᠤᠯᠢᠭ᠋ ᠲᠤᠯᠭᠠᠭᠤᠷᠢ ᠠᠵᠤ ᠦᠢᠯᠡᠰ ᠬᠢᠭᠡᠳ ᠰᠢᠨ᠎ᠡ᠎ᠪᠡᠷ ᠮᠠᠨᠳᠤᠬᠰᠠᠨ ᠠᠵᠦ ᠦᠢᠯᠡᠰ᠎ᠢ ᠬᠠᠮᠤᠷᠴᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠪᠤᠯᠤᠨ ᠳᠡᠭᠡᠳᠦ ᠵᠡᠷᠭᠡ ᠵᠢᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠪᠣᠳᠠᠲᠤ ᠬᠡᠷᠡᠭᠴᠡᠭᠡ ᠱᠠᠭᠠᠷᠳᠠᠯᠭ᠎ᠠ᠎ᠶᠢ ᠨᠠᠷᠢᠯᠢᠭ᠋ ᠣᠨᠣᠴᠠᠲᠠᠢ᠎ᠪᠠᠷ ᠵᠣᠯᠭᠠᠭᠤᠯᠵᠠᠢ᠃

ᠤᠳᠤᠬᠠᠨ ᠪᠤᠯᠲᠠᠯ᠎ᠠ  ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ 36 ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢ ᠭᠣᠣᠯᠳᠠᠯᠭ᠎ᠠ᠎ᠲᠠᠢ ᠳᠡᠮᠵᠢᠬᠦ᠎ᠪᠡᠷ ᠲᠣᠭᠲᠠᠭᠠᠵᠦ᠂ ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠡᠴᠡ ᠭᠤᠤᠯᠲᠠᠯᠭ᠎ᠠ ᠲᠠᠢ ᠲᠡᠮᠵᠢᠨ ᠪᠠᠢᠭᠤᠯᠬᠤ ᠤᠷᠠᠨ ᠲᠠᠷᠬᠠᠨ᠎ᠤ ᠲᠡᠭᠡᠲᠦ ᠰᠤᠷᠭᠠᠭᠤᠯᠢ᠎ᠳᠤ ᠨᠡᠢᠲᠡ 9 ᠤᠷᠠᠨ ᠳᠠᠷᠬᠠᠨ᠎ᠤ ᠳᠡᠭᠡᠳᠦ ᠰᠤᠷᠭᠠᠭᠤᠯᠢ ᠰᠤᠩᠭᠤᠬᠲᠠᠵᠦ᠂ ᠪᠥᠬᠥ ᠣᠷᠣᠨ᠎ᠢ ᠬᠠᠮᠤᠷᠤᠭᠰᠠᠨ᠂ ᠠᠵᠢᠯᠲᠠᠨ ᠠᠵᠢᠯᠴᠢᠨ ᠣᠯᠠᠨ ᠲᠦᠮᠡᠨ᠎ᠳᠦ ᠦᠢᠯᠡᠴᠢᠯᠡᠭᠰᠡᠨ᠂ ᠠᠵᠢᠯᠴᠢᠨ᠎ᠤ ᠡᠪᠯᠡᠯ᠎ᠦᠨ ᠣᠨᠴᠠᠯᠢᠭ᠋᠎ᠢᠶᠠᠷ ᠢᠯᠡᠷᠬᠡᠢ᠂  ᠤᠷᠠᠨ ᠳᠠᠷᠬᠠᠨ᠎ᠤ ᠴᠢᠳᠠᠪᠤᠷᠢᠲᠠᠨ᠎ᠢ ᠬᠥᠮᠥᠵᠢᠭᠦᠯᠦᠭᠰᠡᠨ ᠦᠷ᠎ᠡ ᠪᠦᠲᠦᠮᠵᠢ᠎ᠪᠡᠷ ᠢᠯᠡᠳᠲᠡ ᠥᠪᠥᠷ ᠮᠣᠩᠭᠣᠯ᠎ᠤᠨ《1+22+N》 ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢᠨ ᠰᠢᠰᠲᠧᠮ ᠢ᠋ ᠦᠨᠳᠦᠰᠦᠨ᠎ᠳᠡᠭᠡᠨ ᠪᠠᠢᠭᠤᠯᠵᠤ᠂ ᠥᠨᠳᠥᠷ ᠬᠡᠪ ᠪᠣᠯᠪᠠᠰᠤᠷᠠᠯ᠎ᠲᠠᠢ ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶᠢ ᠬᠥᠮᠥᠵᠢᠭᠦᠯᠬᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ᠎ᠳᠦ ᠴᠢᠬᠤᠯᠠ ᠦᠢᠯᠡᠳᠦᠯ ᠦᠵᠡᠭᠦᠯᠵᠦ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面