2024-08-05 16:52:42
ᠲᠦᠷᠦᠬᠦᠬᠡᠨ ᠮᠠᠨ ᠤ᠋ ᠣᠷᠣᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠥᠭᠡᠷᠡᠴᠢᠯᠡᠯᠲᠡ᠎ᠶᠢᠨ ᠲᠦᠷᠦᠭᠦᠸ᠋ ᠪᠦᠯᠦᠭ᠎ᠦᠨ ᠲᠤᠷᠰᠢᠯᠲᠠ᠎ᠶᠢᠨ ᠲᠥᠷᠥᠯ ᠵᠦᠢᠯ᠎ᠦᠨ ᠰᠤᠷᠭᠠᠭᠤᠯᠢ᠎ᠶᠢᠨ 2024 ᠣᠨ᠎ᠤ ᠠᠬᠤᠢ ᠲᠠᠯᠠᠪᠠᠢ ᠵᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠬᠢᠴᠢᠶᠡᠯ ᠬᠥᠮᠦᠵᠢᠯ᠎ᠦᠨ ᠦᠷ᠎ᠡ ᠪᠦᠲᠦᠭᠡᠯ᠎ᠦᠨ ᠦᠵᠡᠭᠦᠯᠭᠡ᠎ᠶᠢᠨ ᠠᠵᠢᠯᠯᠠᠭ᠎ᠠ ᠬᠦᠬᠡᠬᠤᠳᠠ ᠵᠢᠨ ᠨᠢᠬᠡᠳᠦᠬᠡᠷ ᠳᠤᠮᠳᠠᠳᠤ ᠰᠤᠷᠭᠠᠭᠤᠯᠢ ᠳ᠋ᠤ ᠶᠠᠪᠤᠭᠳᠠᠪᠠ᠃
2022 ᠣᠨ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠰᠢᠯᠭᠠᠯᠲᠠ ᠪᠡᠷ ᠰᠣᠷᠣᠭ᠍ᠴᠢ ᠡᠯᠰᠡᠬᠦ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠬᠡᠷᠡᠭᠵᠢᠭᠦᠯᠬᠦ ᠲᠥᠰᠥᠯ》 ᠢ᠋ ᠵᠢᠩᠬᠢᠨᠢ᠎ᠪᠡᠷ ᠨᠡᠢᠲᠡᠯᠡᠵᠦ᠂ 2025 ᠣᠨ᠎ᠳᠤ ᠮᠠᠨ ᠤ᠋ ᠤᠷᠤᠨ 《3+1+2》 ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠰᠢᠨ᠎ᠡ ᠵᠠᠭᠪᠤᠷ᠎ᠢ ᠬᠡᠷᠡᠭᠵᠢᠬᠦᠯᠬᠦ ᠪᠡᠷ ᠲᠣᠭᠲᠠᠪᠠ᠃ ᠲᠣᠭᠲᠠᠴᠠ᠎ᠶᠢᠨ ᠰᠢᠨ᠎ᠡ ᠵᠢ ᠡᠬᠦᠳᠴᠦ᠂ ᠡᠯ᠎ᠡ ᠠᠢᠮᠠᠭ ᠬᠣᠲᠠ ᠪᠣᠯᠣᠨ ᠰᠤᠷᠭᠠᠭᠤᠯᠢ᠎ᠶᠢ ᠵᠢᠯᠣᠭᠣᠳᠤᠨ ᠳᠠᠶ᠋ᠢᠴᠢᠯᠠᠵᠤ᠂ ᠬᠥᠮᠥᠨ ᠬᠥᠮᠥᠵᠢᠭᠦᠯᠬᠦ ᠵᠠᠩᠭᠢᠯᠠᠭ᠎ᠠ᠎ᠶᠢᠨ ᠭᠣᠭᠴᠣᠭ᠎ᠠ ᠪᠣᠯᠣᠨ ᠭᠣᠣᠯᠳᠠᠯᠭ᠎ᠠ᠎ᠲᠠᠢ ᠬᠦᠷᠢᠶᠡᠨ᠎ᠦ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠰᠤᠷᠭᠠᠨ ᠬᠥᠮᠦᠵᠢᠯ᠎ᠦᠨ ᠣᠢᠯᠠᠭᠠᠭᠳᠠᠬᠤᠨᠢ᠋ ᠰᠢᠨᠡᠳᠬᠡᠵᠦ᠂ ᠬᠥᠮᠥᠨ ᠬᠥᠮᠥᠵᠢᠭᠦᠯᠬᠦ ᠠᠷᠭ᠎ᠠ ᠮᠠᠶᠢᠭ᠋᠎ᠢᠶᠠᠨ ᠬᠤᠪᠢᠷᠠᠭᠤᠯᠵᠤ᠂ ᠥᠷᠥᠭᠡᠰᠦᠭᠡᠯ᠎ᠢᠶᠡᠷ ᠰᠢᠯᠭᠠᠯᠲᠠ᠎ᠶᠢ ᠠᠷᠭᠠᠴᠠᠬᠤ ᠰᠤᠷᠭᠠᠨ ᠬᠥᠮᠦᠵᠢᠯ᠎ᠦᠨ ᠬᠡᠯᠪᠡᠷᠢᠯ᠎ᠢ ᠡᠷᠡᠰ ᠬᠤᠪᠢᠷᠠᠭᠤᠯᠵᠤ᠂ ᠰᠤᠷᠤᠭ᠍ᠴᠢᠳ᠎ᠤᠨ ᠶᠣᠰᠣ᠌ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ ᠪᠥᠬᠥ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ ᠵᠢ ᠴᠢᠩᠭᠠᠳᠬᠠᠬᠤ ᠵᠢᠨ ᠲᠦᠯᠦᠬᠡ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠥᠪᠡᠷᠲᠡᠭᠡᠨ ᠵᠠᠰᠠᠬᠤ ᠣᠷᠣᠨ᠎ᠤ ᠲᠦᠷᠦᠭᠦᠸ᠋ ᠪᠦᠯᠦᠭ᠎ᠦᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠲᠥᠷᠥᠯ ᠵᠦᠢᠯ᠎ᠢ ᠡᠬᠢᠯᠡᠭᠦᠯᠦᠭᠰᠡᠨ ᠪᠥᠭᠡᠳ 2023 ᠣᠨ᠎ᠤ 4 ᠰᠠᠷ᠎ᠠ᠎ᠳᠤ ᠬᠥᠬᠡᠬᠣᠲᠠ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠪᠤᠭᠤᠲᠤ ᠬᠣᠲᠠ᠎ᠶᠢᠨ ᠶᠢᠰᠦᠳᠦᠭᠡᠷ ᠳᠤᠮᠳᠠᠳᠤ ᠰᠤᠷᠭᠠᠭᠤᠯᠢ᠂ ᠤᠯᠠᠭᠠᠨᠬᠠᠳᠠ᠎ᠶᠢᠨ ᠰᠢᠨ᠎ᠡ ᠬᠣᠲᠠ᠎ᠶᠢᠨ ᠤᠯᠠᠭᠠᠨ ᠲᠤᠭ ᠳᠤᠮᠳᠠᠳᠤ ᠰᠤᠷᠭᠠᠭᠤᠯᠢ᠂ ᠮᠠᠨᠵᠤᠤᠷ ᠬᠣᠲᠠ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ ᠪᠥᠬᠥ ᠣᠷᠣᠨ᠎ᠤ ᠲᠦᠷᠦᠭᠦᠸ᠋ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠶᠢᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠲᠥᠷᠥᠯ ᠵᠦᠢᠯ᠎ᠦᠨ 14 ᠰᠤᠷᠭᠠᠭᠤᠯᠢ᠎ᠶᠢ ᠰᠢᠯᠭᠠᠷᠠᠭᠤᠯᠤᠨ ᠰᠣᠩᠭᠣᠪᠠ᠃
ᠵᠢᠯ ᠭᠠᠷᠤᠢ᠎ᠶᠢᠨ ᠲᠤᠷᠰᠢ ᠡᠯ᠎ᠡ ᠲᠤᠷᠰᠢᠯᠲᠠ᠎ᠶᠢᠨ ᠲᠦᠷᠦᠯ ᠵᠦᠢᠯ᠎ᠦᠨ ᠰᠤᠷᠭᠠᠭᠤᠯᠢ᠎ᠶᠢᠨ ᠬᠢᠨ ᠵᠣᠷᠢᠭ᠍ᠲᠠᠢ ᠪᠠᠷ ᠰᠦᠪᠡᠭᠴᠢᠯᠡᠵᠦ᠂ ᠵᠣᠷᠢᠭ᠍ᠲᠠᠢ ᠪᠠᠷ ᠦᠢᠯᠡᠳᠦᠯᠭᠡᠵᠢᠭᠦᠯᠵᠦ᠂ ᠶᠣᠰᠣ᠌ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ ᠪᠦᠬᠦ ᠲᠠᠯ᠎ᠠ᠎ᠪᠠᠷ ᠬᠥᠭᠵᠢᠭᠰᠡᠨ ᠬᠥᠮᠥᠨ ᠬᠥᠮᠥᠵᠢᠭᠦᠯᠬᠦ ᠰᠢᠰᠲ᠋ᠧᠮ᠎ᠢ ᠴᠢᠷᠮᠠᠢᠨ ᠪᠠᠢᠭᠤᠯᠵᠤ᠂ ᠪᠠᠭ᠍ᠰᠢ᠎ᠶᠢᠨ ᠡᠩᠨᠡᠭᠡᠨ᠎ᠦ ᠪᠠᠢᠭᠤᠯᠤᠯᠲᠠ᠎ᠶᠢ ᠲᠠᠰᠤᠷᠠᠯᠳᠡ ᠦᠭᠡᠢ ᠴᠢᠩᠭᠠᠳᠬᠠᠵᠤ᠂ ᠲᠤᠰ ᠲᠤᠰ᠎ᠤᠨ ᠮᠡᠳᠡᠭᠦᠯᠦᠭᠰᠡᠨ ᠭᠣᠣᠯ ᠰᠡᠳᠦᠪ᠎ᠦᠨ ᠲᠠᠯ᠎ᠠ᠎ᠪᠠᠷ ᠴᠥᠮ ᠶᠡᠬᠡ ᠠᠮᠵᠢᠯᠲᠠ ᠣᠯᠵᠤ᠂ 《ᠰᠡᠳᠦᠪ᠎ᠢᠶᠡᠷ ᠬᠥᠲᠥᠯᠥᠨ ᠳᠠᠭᠠᠭᠤᠯᠬᠤ᠂ ᠡᠭᠡᠯᠵᠢᠯᠡᠭᠦᠯᠦᠨ ᠵᠣᠬᠢᠴᠠᠭᠤᠯᠬᠤ᠂ ᠰᠤᠳᠤᠯᠤᠨ ᠰᠤᠷᠤᠯᠴᠠᠵᠤ ᠳᠡᠭᠡᠭᠰᠢᠯᠡᠭᠦᠯᠬᠦ᠂ ᠦᠷ᠎ᠡ ᠪᠦᠲᠦᠭᠡᠯᠵᠢᠡᠷ ᠨᠥᠯᠥᠭᠡᠯᠡᠬᠦ》 ᠪᠡᠷ ᠭᠣᠣᠯ ᠪᠣᠯᠭᠠᠭᠰᠠᠨ ᠠᠵᠢᠯ᠎ᠤᠨ ᠲᠣᠭᠲᠠᠴᠠ᠎ᠶᠢ ᠪᠦᠷᠢᠯᠳᠦᠭᠦᠯᠵᠡᠢ᠃ ᠲᠤᠰ ᠤᠳᠠᠭ᠎ᠠ ᠵᠢᠨ ᠠᠬᠤᠢ ᠲᠠᠯᠠᠪᠠᠶ᠎ᠶᠢᠨ ᠬᠤᠷᠠᠯ ᠳ᠋ᠤ 14 ᠰᠤᠷᠭᠠᠭᠤᠯᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠢᠭᠡ ᠲᠠᠩᠬᠢᠮ᠎ᠳᠤ ᠴᠤᠭᠯᠠᠷᠠᠵᠤ᠂ ᠬᠢᠴᠢᠶᠡᠯ ᠬᠥᠮᠦᠵᠢᠯ᠎ᠦᠨ ᠥᠭᠡᠷᠡᠴᠢᠯᠡᠯᠲᠡ᠎ᠶᠢᠨ ᠦᠵᠡᠭᠦᠯᠭᠡ ᠬᠢᠵᠦ᠂ ᠬᠢᠴᠢᠶᠡᠯ ᠲᠥᠷᠥᠯ᠎ᠦᠨ ᠶᠠᠷᠢᠶᠠᠨ᠎ᠤ ᠲᠠᠪᠴᠠᠩ ᠥᠷᠨᠢᠭᠦᠯᠵᠦ᠂ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠰᠢᠨ᠎ᠡ ᠦᠬᠡᠷᠡᠴᠢᠯᠡᠯᠳᠡ ᠵᠢᠨ ᠠᠬᠤᠢ ᠪᠠᠢᠳᠠᠯ ᠳᠣᠣᠷᠠᠬᠢ ᠬᠢᠴᠢᠶᠡᠯ ᠬᠥᠮᠦᠵᠢᠯ᠎ᠦᠨ ᠥᠭᠡᠷᠡᠴᠢᠯᠡᠯᠲᠡ᠎ᠶᠢᠨ ᠠᠮᠵᠢᠯᠲᠠ᠎ᠲᠠᠢ ᠲᠤᠷᠰᠢᠯᠭ᠎ᠠ ᠪᠠ ᠪᠦᠲᠦᠮᠵᠢᠲᠡᠶ ᠠᠷᠭ᠎ᠠ ᠬᠢᠳᠡᠯ᠎ᠢ ᠦᠷᠭᠦᠯᠵᠢᠯᠡᠨ ᠰᠦᠪᠡᠭᠴᠢᠯᠡᠵᠦ᠂ 《ᠰᠢᠨ᠎ᠡ ᠬᠢᠴᠢᠶᠡᠯ ᠲᠦᠷᠦᠯ᠂ ᠰᠢᠨ᠎ᠡ ᠵᠢᠭᠠᠬᠤ ᠮᠠᠲᠧᠷᠢᠶᠠᠯ᠂ ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠰᠢᠨ᠎ᠡ ᠦᠬᠡᠷᠡᠴᠢᠯᠡᠯᠳᠡ》 ᠵᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠪᠤᠰᠤᠳ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠳᠤ ᠤᠯᠠᠮ ᠨᠢᠭᠡ ᠠᠯᠬᠤᠮ ᠠᠰᠢᠭ᠍ᠲᠠᠢ ᠯᠠᠪᠯᠠᠯᠲᠠ ᠬᠠᠩᠭᠠᠵᠤ᠂ ᠮᠠᠨ ᠤ᠋ ᠤᠷᠤᠨ ᠤ᠋ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠠᠭᠤᠯᠤᠭᠳᠠᠬᠤᠨ᠎ᠤ ᠪᠠᠢᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃