2025-05-29 10:27:37
ᠰᠤᠷᠪᠤᠯᠵᠢᠯᠠᠭ᠍ᠴᠢ 26 ᠤ᠋ ᠡᠳᠦᠷ ᠰᠤᠷᠭᠠᠨ ᠬᠥᠮᠦᠵᠢᠯ᠎ᠦᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠣᠢᠷ᠎ᠠ᠎ᠳᠤ᠂ ᠰᠤᠷᠭᠠᠨ ᠬᠥᠮᠦᠵᠢᠯ᠎ᠦᠨ ᠶᠠᠮᠤᠨ ᠮᠡᠳᠡᠭ᠌ᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ᠎ᠤᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠪᠣᠯᠤᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠪᠠᠢᠭᠤᠯᠤᠮᠵᠢ ᠵᠢᠨ ᠬᠢᠨ ᠤᠬᠠᠭᠤᠯᠬᠤ ᠬᠡᠯᠲᠡᠰ᠂ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ 《 2025 ᠣᠨ᠎ᠤ ᠡᠩ ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠠᠶᠠᠯᠠᠯ ᠬᠠᠮᠠᠭᠠᠯᠠᠬᠤ ᠠᠵᠢᠯᠯᠠᠭ᠎ᠠ 》 ᠶ᠋ᠢ ᠭᠦᠨᠵᠡᠭᠡᠶ ᠥᠷᠨᠢᠭᠦᠯᠵᠦ᠍᠂ ᠱᠢᠯᠭᠠᠯᠲᠠ᠎ᠶ᠋ᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ᠂ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠠᠮᠤᠷ ᠲᠦᠪᠱᠢᠨ ᠲᠣᠭ᠍ᠲᠠᠭᠤᠨ ᠶᠠᠪᠤᠭ᠍ᠳᠠᠬᠤ ᠪᠠ ᠱᠢᠯᠭᠠᠭᠤᠯᠤᠭ᠍ᠴᠢ᠎ᠶ᠋ᠢᠨ ᠱᠢᠯᠭᠠᠯᠲᠠ᠎ᠳᠤ ᠤᠷᠤᠭ᠍ᠰᠢᠲᠠᠶ ᠣᠷᠣᠯᠴᠠᠬᠤ᠎ᠶ᠋ᠢ ᠪᠠᠲᠤᠯᠠᠬᠤ ᠲᠤᠬᠠᠶ ᠪᠠᠢᠷᠢᠯᠠᠭᠤᠯᠪᠠ᠃
ᠮᠡᠳᠡᠭ᠌ᠳᠡᠯ᠎ᠦᠨ ᠱᠠᠭᠠᠷᠳᠠᠯᠭ᠎ᠠ᠎ᠶ᠋ᠢ ᠦᠨᠳᠦᠰᠦᠯᠡᠪᠡᠯ᠂ 2025 ᠣᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠢ ᠱᠢᠯᠭᠠᠯᠲᠠ᠎ᠶ᠋ᠢᠨ ᠬᠤᠭᠤᠴᠠᠭᠠᠨ᠎ᠳᠤ᠂ ᠡᠯ᠎ᠡ ᠭᠠᠵᠠᠷ᠎ᠤᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠪᠣᠯᠤᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠪᠠᠢᠭᠤᠯᠤᠮᠵᠢ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠪᠡᠨ ᠤᠯᠠᠮ ᠨᠢᠭᠡ ᠠᠯᠬᠤᠮ ᠴᠢᠩᠭᠠᠳᠭᠠᠵᠤ᠂ ᠱᠢᠯᠭᠠᠭᠤᠯᠤᠭ᠍ᠴᠢ᠎ᠳᠤ ᠠᠮᠤᠷ᠎ᠢ ᠬᠠᠮᠠᠭᠠᠯᠠᠬᠤ᠂ ᠶᠠᠪᠤᠵᠤ ᠰᠠᠭᠤᠬᠤ᠂ ᠢᠳᠡᠵᠦ᠍ ᠤᠤᠭᠤᠬᠤ ᠬᠣᠨᠣᠵᠤ ᠬᠡᠪᠲᠡᠬᠦ᠌᠂ ᠡᠮ ᠡᠮᠨᠡᠯᠭᠡ ᠡᠷᠡᠭᠦᠯ ᠬᠠᠮᠠᠭᠠᠯᠠᠯ᠂ ᠱᠤᠤᠬᠢᠶᠠᠨ᠎ᠢ ᠵᠠᠰᠠᠬᠤ ᠵᠡᠷᠭᠡ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠪᠠᠲᠤᠯᠠᠭ᠎ᠠ ᠬᠠᠩᠭᠠᠬᠤ ᠪᠣᠯᠤᠨ᠎ᠠ᠃ ᠱᠢᠯᠭᠠᠭᠤᠯᠤᠭ᠍ᠰᠠᠳ᠎ᠤᠨ ᠰᠣᠶᠣᠯ ᠢᠷᠭᠡᠨᠱᠢᠯ᠎ᠦᠨ ᠬᠠᠯᠠᠮᠵᠢᠯᠠᠯ᠎ᠢ ᠴᠢᠩᠭᠠᠳᠭᠠᠵᠤ᠂ ᠱᠢᠯᠭᠠᠯᠲᠠ᠎ᠳᠤ ᠪᠡᠯᠡᠳᠭᠡᠨ ᠰᠢᠯᠭᠠᠯᠲᠠ᠎ᠳᠤ ᠣᠷᠣᠯᠴᠠᠬᠤᠳᠤᠮᠳᠠᠬᠢ ᠪᠣᠳᠠᠲᠠᠢ ᠬᠦᠴᠢᠷᠳᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠭᠠᠷ ᠤᠲᠠᠰᠤ᠂ ᠪᠢᠴᠢᠭ᠎ᠦᠨ ᠪᠣᠭ᠍ᠴᠣ ᠵᠡᠷᠭᠡ ᠱᠢᠯᠭᠠᠭᠤᠯᠤᠭ᠍ᠰᠠᠳ᠎ᠤᠨ ᠡᠳ᠋ ᠪᠣᠳᠠᠰ᠎ᠢ ᠬᠠᠳᠠᠭᠠᠯᠠᠬᠤ ᠴᠡᠭ᠎ᠢ ᠨᠠᠷᠢᠨ ᠨᠢᠮᠪᠠᠢ ᠲᠤᠬᠢᠷᠠᠭᠤᠯᠵᠤ᠂ ᠵᠡᠮᠳᠡᠭ᠌ᠴᠦᠳ ᠵᠡᠷᠭᠡ ᠣᠨᠴᠠᠭᠠᠢ ᠬᠦᠴᠢᠷᠳᠡᠯᠲᠡᠢ ᠬᠥᠮᠦᠰ᠎ᠦᠨ ᠱᠢᠯᠭᠠᠯᠲᠠ᠎ᠳᠤ ᠣᠷᠣᠯᠴᠠᠬᠤ᠎ᠳᠤ ᠵᠣᠬᠢᠰᠲᠠᠢ ᠲᠦᠬᠦᠮ ᠦᠵᠡᠭᠦᠯᠦᠨ᠎ᠡ᠃ 《ᠱᠢᠯᠭᠠᠯᠲᠠ᠎ᠶ᠋ᠢᠨ ᠴᠡᠭ᠎ᠦᠨ ᠡᠷᠬᠢᠨ ᠲᠣᠭᠣᠷᠢᠨ᠎ᠤ ᠣᠷᠴᠢᠨ ᠲᠣᠭᠣᠷᠢᠨ᠎ᠢ ᠴᠡᠪᠡᠷᠱᠢᠭᠦᠯᠬᠦ᠌ 》 ᠵᠡᠷᠭᠡ ᠣᠯᠠᠨ ᠲᠤᠰᠭᠠᠶ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠱᠢᠯᠭᠠᠯᠲᠠ᠎ᠶ᠋ᠢᠨ ᠦᠨᠡᠨᠴᠢ ᠢᠲᠡᠭᠡᠮᠵᠢ᠎ᠶ᠋ᠢᠨ ᠬᠥᠮᠦᠵᠢᠯ᠎ᠢ ᠭᠦᠨᠵᠡᠭᠡᠶ ᠥᠷᠨᠢᠭᠦᠯᠦᠨ᠂ ᠱᠢᠯᠭᠠᠯᠲᠠ᠎ᠳᠤ ᠬᠣᠯᠪᠣᠭ᠍ᠳᠠᠭ᠍ᠰᠠᠨ ᠬᠤᠳᠠᠯ ᠬᠠᠭᠤᠷᠮᠠᠭ ᠤᠬᠠᠭᠤᠯᠭ᠎ᠠ᠂ ᠪᠤᠷᠤᠭᠤ᠎ᠪᠠᠷ ᠬᠥᠲᠥᠯᠥᠨ ᠮᠡᠬᠡᠯᠡᠬᠦ᠌ ᠵᠡᠷᠭᠡ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠮᠡᠳᠡᠭᠡ ᠵᠠᠩᠭᠢ ᠨᠡᠢᠲᠡᠯᠡᠬᠦ᠌᠂ ᠲᠥᠷᠥ᠎ᠶ᠋ᠢᠨ ᠪᠣᠳᠣᠯᠭ᠎ᠠ᠎ᠶ᠋ᠢ ᠤᠩᠱᠢᠨ ᠲᠠᠢᠯᠪᠤᠷᠢᠯᠠᠬᠤ᠂ ᠳᠣᠲᠣᠨᠣᠰᠣᠭ ᠰᠠᠨᠠᠭᠤᠯᠤᠮᠵᠢ ᠥᠭ᠌ᠬᠦ᠂ ᠴᠤᠤᠷᠬᠠᠯ᠎ᠢ ᠨᠢᠴᠤᠭᠠᠵᠤ ᠤᠷᠢᠳᠴᠢᠯᠠᠨ ᠰᠡᠷᠡᠮᠵᠢᠯᠡᠭᠦᠯᠬᠦ᠌ ᠵᠡᠷᠭᠡ ᠠᠵᠢᠯ᠎ᠢ ᠢᠳᠡᠪᠬᠢᠲᠡᠶ ᠰᠠᠢᠲᠤᠷ ᠬᠢᠵᠦ᠍᠂ ᠵᠢᠷᠤᠮᠵᠢᠭᠤᠨ ᠪᠥᠭᠡᠳ ᠡᠮᠬᠢ ᠵᠢᠷᠤᠮ᠎ᠲᠠᠶ᠂ ᠳᠤᠲᠤᠨᠤᠰᠤᠭ ᠪᠥᠭᠡᠳ ᠡᠶ᠎ᠡ ᠵᠣᠬᠢᠴᠠᠯ᠎ᠲᠠᠶ ᠱᠢᠯᠭᠠᠯᠲᠠ᠎ᠶ᠋ᠢᠨ ᠣᠷᠴᠢᠨ ᠨᠥᠬᠥᠴᠡᠯ᠎ᠢ ᠢᠳᠡᠪᠬᠢᠲᠡᠶ ᠪᠣᠶ ᠪᠣᠯᠭᠠᠨ᠎ᠠ᠃
ᠱᠢᠯᠭᠠᠯᠲᠠ᠎ᠶ᠋ᠢᠨ ᠳᠠᠷᠠᠭ᠎ᠠ᠂ ᠡᠯ᠎ᠡ ᠭᠠᠵᠠᠷ᠎ᠤᠨ᠎ᠬᠢᠨ ᠱᠢᠯᠭᠠᠭᠤᠯᠤᠭ᠍ᠴᠢ᠎ᠳᠤ ᠰᠦᠶ᠋ᠳᠭᠡᠯ ᠬᠤᠷᠢᠶᠠᠬᠤ ᠥᠬᠡᠶ ᠴᠢᠨᠠᠷ ᠰᠠᠢᠲᠠᠶ᠂ ᠬᠡᠷᠡᠭ᠌ᠯᠡᠬᠦ᠌᠎ᠳᠦ ᠲᠥᠬᠥᠮ ᠡᠷᠡᠮᠡᠯᠵᠡᠯ ᠲᠠᠭ᠍ᠯᠠᠨ ᠮᠡᠳᠡᠭᠦᠯᠬᠦ᠌ ᠦᠶ᠋ᠯᠡᠴᠢᠯᠡᠭᠡ᠎ᠶ᠋ᠢ ᠦᠷᠭᠦᠯᠵᠢᠯᠡᠨ ᠬᠠᠩᠭᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠡᠯ᠎ᠡ ᠲᠥᠷᠥᠯ᠎ᠦᠨ ᠤᠬᠠᠭᠤᠯᠤᠨ ᠲᠠᠢᠯᠪᠤᠷᠢᠯᠠᠬᠤ ᠬᠤᠷᠠᠯ᠂ ᠯᠠᠪᠯᠠᠭ᠎ᠠ ᠦᠭᠬᠦ ᠬᠤᠷᠠᠯ᠎ᠢ ᠡᠷᠭᠢᠯᠡᠵᠦ᠍᠂ ᠱᠢᠯᠭᠠᠭᠤᠯᠤᠭ᠍ᠴᠢ᠂ ᠬᠡᠷ᠎ᠦᠨ ᠠᠬᠠᠮᠠᠳ ᠬᠢᠭᠡᠳ ᠶᠡᠬᠡ ᠳᠡᠭᠡᠳᠦ ᠰᠤᠷᠭᠠᠭᠤᠯᠢ᠎ᠶ᠋ᠢᠨ 《ᠨᠢᠭᠤᠷᠳᠠᠨ ᠶᠠᠷᠢᠯᠴᠠᠬᠤ》 ᠠᠷᠭ᠎ᠠ ᠵᠠᠮ᠎ᠢ ᠪᠠᠢᠭᠤᠯᠵᠤ᠂ ᠤᠲᠠᠰᠤ᠎ᠪᠠᠷ ᠠᠰᠠᠭᠤᠨ ᠯᠠᠪᠯᠠᠬᠤ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠰᠦᠯᠵᠢᠶ᠎ᠡ᠎ᠪᠡᠷ ᠱᠢᠭᠤᠳ ᠨᠡᠪᠲᠡᠷᠡᠭᠦᠯᠬᠦ᠌ ᠵᠡᠷᠭᠡ ᠠᠷᠭ᠎ᠠ ᠬᠡᠯᠪᠡᠷᠢ᠎ᠶ᠋ᠢ ᠢᠳᠡᠪᠬᠢᠲᠡᠶ ᠬᠡᠷᠡᠭ᠌ᠯᠡᠵᠦ᠍ ᠪᠠᠢᠭᠠᠳ ᠠᠰᠠᠭᠤᠨ ᠯᠠᠪᠯᠠᠬᠤ ᠦᠶ᠋ᠯᠡᠴᠢᠯᠡᠭᠡ᠎ᠶ᠋ᠢᠨ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠎ᠡ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 26 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃