2025-05-29 10:26:18
2025 ᠣᠨ᠎ᠤ ᠡᠩ ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠳᠡᠢ ᠰᠢᠯᠭᠠᠯᠲᠠ ᠣᠶ᠋ᠢᠷᠠᠳᠤᠬᠤ ᠲᠠᠰᠢᠷᠠᠮ ᠳ᠋ᠤ᠂ ᠰᠢᠯᠭᠠᠯᠲᠠ ᠪᠡᠷ ᠰᠣᠷᠣᠭ᠍ᠴᠢ ᠡᠯᠰᠡᠬᠦ ᠡᠮᠬᠢ ᠵᠢᠷᠤᠮ᠎ᠢ ᠬᠠᠮᠠᠭᠠᠯᠠᠨ᠂ ᠰᠢᠯᠭᠠᠯᠲᠠ᠎ᠶᠢᠨ ᠣᠷᠴᠢᠨ ᠲᠤᠭᠤᠷᠢᠨ᠎ᠢ ᠴᠡᠪᠡᠷᠰᠢᠭᠦᠯᠵᠦ᠂ ᠰᠢᠯᠭᠠᠭᠤᠯᠤᠭ᠍ᠴᠢ ᠵᠢᠴᠢ ᠭᠡᠷ᠎ᠦᠨ ᠠᠬᠠᠮᠠᠳ᠎ᠤᠨ ᠡᠷᠬᠡ ᠠᠰᠢᠭ᠋᠎ᠢ ᠪᠠᠲᠤᠯᠠᠬᠤ᠎ᠶᠢᠨ ᠲᠥᠯᠥᠭᠡ᠂ 5 ᠰᠠᠷ᠎ᠠ᠎ᠶᠢᠨ 26᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ 《ᠪᠥᠬᠥ ᠣᠷᠣᠨ᠎ᠤ ᠰᠢᠯᠭᠠᠯᠲᠠ᠎ᠳᠤ ᠬᠣᠯᠪᠣᠭᠳᠠᠬᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠳᠤ ᠮᠡᠳᠡᠭᠳᠡᠬᠦ ᠪᠢᠴᠢᠭ》ᠨᠡᠢᠲᠡᠯᠡᠵᠦ᠂ ᠰᠢᠯᠭᠠᠯᠲᠠ᠎ᠳᠤ ᠬᠣᠯᠪᠣᠭᠳᠠᠬᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ 《ᠠᠮᠤᠷ ᠲᠦᠪᠰᠢᠨ ᠤᠯᠤᠰ᠎ᠤᠨ ᠨᠢᠭᠡᠳᠦᠯᠲᠡᠢ ᠰᠢᠯᠭᠠᠯᠲᠠ》 ᠵᠢᠨ ᠬᠠᠷᠠᠯᠲᠠ᠎ᠶᠢ ᠪᠡᠶᠡᠯᠡᠭᠦᠯᠬᠦ᠎ᠶᠢ ᠦᠨᠡᠨ ᠬᠦ᠌ ᠪᠠᠲᠤᠯᠠᠨ᠎ᠠ ᠬᠡᠪᠡ᠃
ᠮᠡᠳᠡᠭᠳᠡᠯ᠎ᠦᠨ ᠪᠢᠴᠢᠭ᠎ᠲᠦ᠂ ᠰᠤᠷᠭᠠᠭᠤᠯᠢ ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠨᠤᠭᠤᠳ ᠬᠣᠯᠪᠣᠭᠳᠠᠯ ᠪᠦᠬᠦᠢ ᠲᠣᠭᠲᠠᠭᠠᠯ ᠢ᠋ ᠴᠢᠩᠭ᠎ᠠ ᠵᠢᠷᠤᠮᠯᠠᠬᠤ ᠬᠡᠷᠡᠭᠲᠡᠢ᠂ ᠬᠤᠳᠠᠯ ᠬᠠᠭᠤᠷᠮᠠᠭ ᠤᠬᠠᠭᠤᠯᠭ᠎ᠠ ᠬᠢᠵᠦ᠂ ᠪᠣᠯᠪᠠᠰᠤᠷᠠᠯ᠎ᠤᠨ ᠦᠷ᠎ᠡ ᠪᠦᠲᠦᠮᠵᠢ ᠶ᠋ᠢ ᠦᠰᠬᠡᠬᠡᠨ ᠲᠦᠰᠬᠡᠬᠡᠨ ᠳᠠᠢ ᠶᠠᠷᠢᠵᠤ ᠰᠤᠷᠤᠭᠴᠢ ᠪᠠ ᠬᠡᠷ᠎ᠤᠨ ᠠᠬᠠᠮᠠᠳ᠎ᠢ ᠪᠤᠷᠤᠭᠤ ᠪᠡᠷ ᠬᠦᠳᠦᠯᠦᠨ ᠵᠢᠯᠤᠭᠤᠳᠴᠤ ᠪᠤᠯᠬᠤ ᠦᠬᠡᠢ᠃ ᠰᠢᠯᠭᠠᠯᠳᠠ ᠳ᠋ᠤ ᠬᠡᠮ ᠬᠢᠬᠦ ᠵᠢ ᠵᠤᠬᠢᠶᠠᠨ ᠪᠠᠢᠭᠤᠯᠬᠤ ᠪᠤᠶᠤ ᠤᠷᠤᠯᠴᠠᠵᠤ ᠪᠤᠯᠬᠤ ᠦᠬᠡᠢ᠂ ᠰᠢᠯᠭᠠᠯᠲᠠ᠎ᠳᠤ ᠬᠣᠯᠪᠣᠭᠳᠠᠭᠰᠠᠨ ᠬᠤᠳᠠᠯ ᠬᠠᠭᠤᠷᠮᠠᠭ ᠮᠡᠳᠡᠭᠡ ᠵᠠᠩᠭᠢ ᠶ᠋ᠢ ᠵᠣᠬᠢᠶᠠᠬᠤ᠂ ᠤᠯᠠᠮᠵᠢᠯᠠᠨ ᠲᠠᠷᠬᠠᠭᠠᠬᠤ᠂ ᠰᠤᠷᠭᠠᠨ ᠬᠥᠮᠦᠵᠢᠯ᠎ᠦᠨ ᠰᠠᠨᠠᠭᠠᠰᠢᠷᠠᠯ ᠪᠤᠯᠬᠤ ᠶ᠋ᠢ ᠴᠢᠩᠭ᠎ᠠ ᠴᠠᠭᠠᠵᠠᠯᠠᠨ᠎ᠠ᠃ ᠡᠭᠦᠨ᠎ᠦ ᠬᠠᠮᠲᠤ᠂ 《ᠰᠢᠯᠭᠠᠯᠲᠠ᠎ᠶᠢᠨ ᠰᠡᠳᠦᠪ》᠂ 《ᠰᠡᠳᠦᠪ᠎ᠤᠨ ᠬᠠᠷᠢᠭᠤᠯᠲᠠ》᠂ 《ᠳᠣᠲᠣᠭᠠᠳᠤ᠎ᠶᠢᠨ ᠰᠣᠷᠣᠭ᠍ᠴᠢ ᠡᠯᠰᠡᠬᠦ ᠬᠦᠢᠴᠡᠳᠬᠡᠯ ᠲᠣᠭ᠎ᠠ》 ᠵᠡᠷᠭᠡ᠎ᠶᠢ ᠬᠤᠳᠠᠯᠳᠤᠬᠤ ᠵᠡᠷᠭᠡ ᠮᠡᠬᠡᠯᠡᠬᠦ ᠠᠵᠢᠯᠯᠠᠭ᠎ᠠ ᠬᠢᠵᠦ ᠪᠤᠯᠬᠤ ᠦᠬᠡᠢ᠂ ᠶᠡᠬᠡ ᠳᠡᠭᠡᠳᠦ ᠰᠤᠷᠭᠠᠭᠤᠯᠢ᠎ᠶᠢᠨ ᠰᠢᠯᠭᠠᠯᠲᠠ᠎ᠶᠢᠨ ᠰᠡᠳᠦᠪ᠎ᠢ ᠲᠣᠭᠲᠠᠭᠠᠯ ᠠ᠋ᠴᠠ ᠵᠥᠷᠢᠴᠡᠨ ᠴᠤᠭᠯᠠᠭᠤᠯᠵᠤ᠂ ᠨᠡᠢᠲᠡᠯᠡᠬᠦ ᠪᠤᠶᠤ ᠤᠯᠠᠮᠵᠢᠯᠠᠨ ᠲᠠᠷᠬᠠᠭᠠᠵᠤ ᠪᠣᠯᠬᠤ ᠦᠭᠡᠢ ᠬᠡᠵᠦ ᠴᠢᠬᠤᠯᠠᠴᠢᠯᠠᠪᠠ᠃
ᠡᠭᠦᠨ᠎ᠡᠴᠡ ᠭᠠᠳᠠᠨ᠎ᠠ᠂ ᠰᠤᠷᠭᠠᠨ ᠬᠥᠮᠦᠵᠢᠯ᠎ᠦᠨ ᠲᠢᠩᠬᠢᠮ᠎ᠡᠴᠡ ᠪᠣᠯᠪᠠᠰᠤᠷᠠᠯ᠎ᠤᠨ ᠪᠠᠢᠭᠤᠯᠤᠮᠵᠢ ᠰᠢᠯᠭᠠᠯᠲᠠ᠎ᠶᠢᠨ ᠴᠡᠭ᠂ ᠰᠤᠷᠭᠠᠭᠤᠯᠢ᠎ᠶᠢᠨ ᠡᠷᠬᠢᠨ ᠲᠣᠭᠣᠷᠢᠨ᠎ᠳᠤ ᠰᠣᠷᠣᠭ᠍ᠴᠢ ᠡᠯᠰᠡᠬᠦ ᠤᠬᠠᠭᠤᠯᠭᠠᠥᠷᠨᠢᠭᠦᠯᠵᠦ ᠪᠣᠯᠬᠤ ᠦᠭᠡᠢ᠂ 《ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠮᠠᠩᠯᠠᠢ》᠂《ᠰᠤᠷᠭᠠᠭᠤᠯᠢ ᠳᠡᠪᠰᠢᠬᠰᠡᠨ ᠨᠣᠷᠮ᠎ᠠ》᠂ 《ᠥᠨᠳᠥᠷ ᠬᠤᠪᠢ ᠣᠯᠣᠭᠰᠠᠨ ᠰᠢᠯᠭᠠᠭᠤᠯᠤᠭ᠍ᠴᠢ》 ᠵᠡᠷᠭᠡ ᠰᠡᠷᠭᠡᠭ ᠮᠡᠳᠡᠭᠡ ᠵᠠᠩᠭᠢ᠎ᠶᠢ ᠤᠬᠠᠭᠤᠯᠬᠤ᠎ᠶᠢ ᠴᠢᠩᠭ᠎ᠠ ᠴᠠᠭᠠᠵᠠᠯᠠᠵᠤ᠂ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠲᠥᠷᠥ᠎ᠶᠢᠨ ᠪᠣᠳᠣᠯᠭ᠎ᠠ᠎ᠶᠢ ᠵᠤᠷᠢᠭᠤᠳᠠ ᠭᠠᠵᠢᠭᠤᠳᠠᠭᠤᠯᠵᠤ ᠪᠣᠯᠬᠤ ᠦᠭᠡᠢ᠃ ᠡᠷᠡᠮᠡᠯᠵᠡᠯ ᠲᠠᠭᠯᠠᠬᠤ ᠦᠢᠯᠡᠴᠢᠯᠡᠭᠡᠨ᠎ᠦ ᠲᠠᠯ᠎ᠠ᠎ᠪᠠᠷ᠂ ᠡᠯ᠎ᠡ ᠪᠠᠢᠭᠤᠯᠤᠮᠵᠢ ᠡᠷᠬᠡᠪᠰᠢ ᠵᠢᠷᠤᠮᠵᠢᠯ᠎ᠲᠠᠢ ᠡᠵᠡᠩᠨᠡᠬᠦ ᠬᠡᠷᠡᠭᠲᠡᠢ᠂ ᠬᠡᠪᠴᠢᠶ᠎ᠡ᠎ᠡᠴᠡ ᠬᠡᠲᠦᠷᠡᠭᠦᠯᠦᠨ ᠲᠣᠭᠲᠠᠭᠠᠯ ᠠ᠋ᠴᠠ ᠵᠥᠷᠢᠴᠡᠨ ᠰᠦᠢᠳᠬᠡᠯ ᠬᠤᠷᠢᠶᠠᠵᠤ ᠪᠣᠯᠬᠤ ᠦᠭᠡᠢ᠂ ᠵᠠᠰᠠᠭ᠎ᠤᠨ ᠣᠷᠳᠣᠨ ᠪᠤᠶᠤ ᠰᠣᠷᠣᠭ᠍ᠴᠢ ᠡᠯᠰᠡᠬᠦ ᠨᠢᠭᠡᠴᠢ᠎ᠶᠢᠨ ᠠᠯᠪᠠᠨ᠎ᠤ ᠰᠦᠯᠵᠢᠶ᠎ᠡ᠂ ᠤᠯᠠᠨ ᠨᠡᠢᠳᠡ ᠵᠢᠨ ᠳᠠᠪᠴᠠᠩ ᠵᠡᠷᠬᠡ ᠵᠢ ᠬᠠᠭᠤᠷᠮᠠᠭᠯᠠᠨ ᠳᠠᠭᠤᠷᠢᠶᠠᠵᠤ ᠲᠣᠭᠲᠠᠭᠠᠯ ᠠ᠋ᠴᠠ ᠵᠥᠷᠢᠴᠡᠭᠰᠡᠨ ᠠᠵᠢᠯᠯᠠᠭ᠎ᠠ ᠬᠢᠬᠦ᠎ᠶᠢ ᠴᠢᠩᠭ᠎ᠠ ᠴᠠᠭᠠᠵᠠᠯᠠᠨ᠎ᠠ ᠬᠡᠵᠦ ᠳᠤᠳᠤᠷᠬᠠᠢᠯᠠᠪᠠ᠃
ᠣᠳᠣᠬᠠᠨ᠎ᠳᠤ᠂ ᠪᠥᠬᠥ ᠣᠷᠣᠨ᠎ᠤ ᠡᠯ᠎ᠡ ᠭᠠᠵᠠᠷ᠎ᠤᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠨᠢᠭᠡᠨᠲᠡ ᠲᠤᠰᠬᠠᠢ ᠵᠦᠢᠯ᠎ᠦᠨ ᠪᠠᠢᠴᠠᠭᠠᠯᠲᠠ᠎ᠶᠢ ᠡᠬᠢᠯᠡᠭᠦᠯᠵᠦ᠂ ᠡᠯ᠎ᠡ ᠵᠦᠢᠯ᠎ᠦᠨ ᠱᠠᠭᠠᠷᠳᠠᠯᠭ᠎ᠠ᠎ᠶᠢ ᠪᠣᠳᠠᠲᠠᠢ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠵᠤ᠂ 2025 ᠣᠨ᠎ᠤ ᠡᠩ ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠤᠷᠤᠭᠰᠢᠲᠠᠢ ᠶᠠᠪᠤᠭᠳᠠᠬᠤ᠎ᠶᠢ ᠬᠠᠮᠠᠭᠠᠯᠠᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃