2025-06-03 10:24:04
ᠦᠨᠳᠦᠷ ᠵᠡᠷᠭᠡ ᠵᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ ᠣᠢᠷᠠᠳᠴᠤ᠌ ᠪᠠᠢᠭ᠎ᠠ ᠲᠠᠰᠢᠷᠠᠮ ᠵᠢᠡᠷ᠂ ᠦᠪᠡᠷᠲᠡᠭᠡᠨ ᠵᠠᠰᠠᠬᠤ ᠤᠷᠤᠨ᠎ᠤ ᠡᠪᠯᠡᠯ᠎ᠦᠨ ᠬᠣᠷᠢᠶ᠎ᠠ ᠪᠥᠬᠥ᠌ ᠣᠷᠣᠨ᠎ᠳᠤ 12355 ᠨᠢᠭᠡᠳᠦᠯᠲᠡᠶ ᠱᠢᠯᠭᠠᠯᠲᠠ᠎ᠶ᠋ᠢᠨ ᠳᠠᠷᠤᠯᠲᠠ᠎ᠶ᠋ᠢ ᠪᠠᠭᠠᠰᠭᠠᠬᠤ ᠱᠢᠷᠢᠰ ᠠᠵᠢᠯᠯᠠᠭ᠎ᠠ᠎ᠶ᠋ᠢ ᠡᠬᠢᠯᠡᠭᠦᠯᠵᠦ᠍᠂ ᠨᠡᠢᠲᠡ᠎ᠶ᠋ᠢᠨ ᠠᠰᠠᠷᠠᠮᠵᠢ᠎ᠶ᠋ᠢᠨ ᠣᠬᠣᠷ ᠮᠡᠳᠡᠭᠡ ᠶᠠᠪᠤᠭᠤᠯᠬᠤ᠂ ᠠᠰᠠᠭᠤᠨ ᠯᠠᠪᠯᠠᠬᠤ ᠲᠤᠰᠭᠠᠶ ᠤᠳᠠᠰᠤ ᠨᠡᠪᠳᠡᠷᠡᠬᠦᠯᠬᠦ᠌ ᠂ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠵᠢᠨ ᠭᠤᠤᠯ ᠰᠡᠳᠦᠪᠲᠦ ᠠᠵᠢᠯᠯᠠᠭ᠎ᠠ ᠡᠷᠭᠢᠯᠡᠬᠦ᠌ ᠵᠡᠷᠭᠡ ᠬᠡᠯᠪᠡᠷᠢ᠎ᠪᠡᠷ ᠥᠷᠭᠡᠨ ᠣᠯᠠᠨ ᠱᠢᠯᠭᠠᠭᠤᠯᠤᠭ᠍ᠰᠠᠳ᠎ᠤᠨ ᠰᠡᠳᠭᠢᠴᠡ᠎ᠶ᠋ᠢᠨ ᠳᠠᠷᠤᠯᠲᠠ᠎ᠶ᠋ᠢ ᠬᠥᠩᠭᠡᠷᠡᠭᠦᠯᠵᠦ᠍᠂ ᠰᠠᠢᠨ ᠰᠠᠢᠬᠠᠨ ᠰᠡᠳᠭᠢᠴᠡ᠎ᠶ᠋ᠢᠨ ᠪᠠᠢᠳᠠᠯ᠎ᠢ ᠪᠠᠲᠤᠯᠠᠵᠤ᠂ ᠠᠮᠵᠢᠯᠲᠠ ᠲᠠᠢ ᠱᠢᠯᠭᠠᠯᠲᠠ᠎ᠳᠤ ᠣᠷᠣᠯᠴᠠᠬᠤ ᠳ᠋ᠦ ᠬᠦᠴᠦᠨ ᠨᠡᠮᠡᠷᠢᠯᠡᠵᠦ ᠪᠣᠶ᠃
5 — 7 ᠰᠠᠷ᠎ᠠ ᠪᠣᠯᠲᠠᠯ᠎ᠠ᠂ ᠦᠪᠡᠷᠲᠡᠭᠡᠨ ᠵᠠᠰᠠᠬᠤ ᠤᠷᠤᠨ᠎ᠤ ᠡᠪᠯᠡᠯ᠎ᠦᠨ ᠬᠣᠷᠢᠶ᠎ᠠ᠎ᠶ᠋ᠢᠨ 12355 ᠵᠠᠯᠠᠭᠤᠴᠤᠳ ᠪᠠᠭᠠᠴᠤᠳ᠎ᠤᠨ ᠦᠶ᠋ᠯᠡᠴᠢᠯᠡᠭᠡᠨ᠎ᠦ ᠲᠠᠪᠴᠠᠩ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ᠎ᠶ᠋ᠢᠨ ᠳᠠᠷᠤᠭᠠᠰᠤ᠎ᠶ᠋ᠢ ᠲᠠᠢᠯᠬᠤ ᠨᠡᠢᠲᠡ᠎ᠶ᠋ᠢᠨ ᠠᠰᠠᠷᠠᠮᠵᠢ᠎ᠶ᠋ᠢᠨ ᠲᠤᠰᠭᠠᠶ ᠤᠳᠠᠰᠤ ᠵᠢ ᠨᠡᠪᠲᠡᠷᠡᠭᠦᠯᠵᠦ᠍᠂ 12355 ᠰᠡᠳᠭᠢᠴᠡ᠎ᠶ᠋ᠢᠨ ᠵᠥᠪᠯᠡᠯᠭᠡ ᠥᠭ᠌ᠭᠦᠭ᠌ᠴᠢ 7 ×24 ᠴᠠᠭ᠎ᠢᠶᠠᠷ ᠵᠢᠵᠢᠭᠦᠷᠯᠡᠵᠦ᠍᠂ ᠥᠷᠭᠡᠨ ᠣᠯᠠᠨ ᠱᠢᠯᠭᠠᠭᠤᠯᠤᠭ᠍ᠴᠢ ᠪᠠ ᠬᠡᠷ᠎ᠦᠨ ᠠᠬᠠᠮᠠᠳᠲᠸ᠋ ᠬᠠᠮᠢᠶ᠎ᠠ ᠪᠥᠬᠥᠶ ᠠᠰᠠᠭᠤᠨ ᠯᠠᠪᠯᠠᠭ᠎ᠠ ᠬᠠᠩᠭᠠᠵᠤ᠂ ᠬᠡᠷᠡᠭ᠌ᠴᠡᠭᠡ᠎ᠲᠡᠶ ᠱᠢᠯᠭᠠᠭᠤᠯᠤᠭ᠍ᠴᠢ ᠵᠢᠴᠢ ᠬᠡᠷ᠎ᠦᠨ ᠠᠬᠠᠮᠠᠳ 《 0471—12355— 3 》 ᠤᠳᠠᠰᠤ ᠵᠢ ᠤᠲᠠᠰᠤᠳᠠᠵᠤ ᠦᠶ᠋ᠯᠡᠴᠢᠯᠡᠭᠡ ᠭᠥᠷᠳᠡᠵᠦ᠍ ᠪᠣᠯᠤᠨ᠎ᠠ᠃ ᠡᠭᠦᠨ᠎ᠡᠴᠡ ᠭᠠᠳᠠᠨ᠎ᠠ ᠦᠪᠡᠷᠲᠡᠭᠡᠨ ᠵᠠᠰᠠᠬᠤ ᠤᠷᠤᠨ᠎ᠤ ᠡᠪᠯᠡᠯ᠎ᠦᠨ ᠬᠣᠷᠢᠶ᠎ᠠ ᠵᠠᠯᠭᠠᠭ᠎ᠠ᠎ᠪᠠᠷ 《ᠯᠠᠪᠳᠠᠭᠤᠨ ᠵᠢᠡᠷ ᠱᠢᠯᠭᠠᠯᠲᠠ᠎ᠳᠤ ᠪᠡᠯᠡᠳᠭᠡᠨᠠᠮ·12355 ᠲᠠᠨ᠎ᠲᠠᠶ ᠬᠠᠮᠲᠤ ᠪᠠᠢᠨ᠎ᠠ》 ᠭᠡᠬᠦ ᠱᠢᠷᠢᠰ ᠠᠵᠢᠯᠯᠠᠭ᠎ᠠ ᠥᠷᠨᠢᠭᠦᠯᠵᠦ᠍᠂ ᠪᠥᠬᠥ᠌ ᠣᠷᠣᠨ᠎ᠤ ᠡᠯ᠎ᠡ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠠᠴᠠ ᠰᠡᠳᠭᠢᠴᠡ᠎ᠶ᠋ᠢᠨ ᠵᠥᠪᠯᠡᠯᠭᠡ ᠥᠭ᠌ᠬᠦ ᠲᠤᠰᠭᠠᠶ ᠮᠡᠷᠭᠡᠵᠢᠯ᠎ᠦᠨ ᠬᠦᠴᠦᠨ᠎ᠢ ᠵᠣᠬᠢᠶᠠᠨ ᠪᠠᠢᠭᠤᠯᠵᠤ᠂ ᠬᠡᠰᠡᠭ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ᠎ᠶ᠋ᠢᠨ ᠱᠢᠯᠭᠠᠭᠤᠯᠤᠭ᠍ᠴᠢ᠎ᠶ᠋ᠢᠨ ᠪᠠᠢᠭ᠎ᠠ ᠰᠤᠷᠭᠠᠭᠤᠯᠢ᠂ ᠨᠡᠢᠭᠡᠮ ᠲᠣᠭᠣᠷᠢᠭ ᠵᠡᠷᠭᠡ᠎ᠳᠦ ᠬᠦᠷᠴᠦ᠍᠂ ᠱᠢᠯᠭᠠᠭᠤᠯᠤᠭ᠍ᠴᠢ ᠵᠢᠴᠢ ᠬᠡᠷ᠎ᠦᠨ ᠠᠬᠠᠮᠠᠳ᠎ᠲᠤ ᠬᠠᠨᠳᠤᠭᠤᠯᠤᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠲᠠᠢᠯᠤᠮᠵᠢ᠂ ᠵᠥᠪᠯᠡᠯᠭᠡ ᠥᠭ᠌ᠬᠦ ᠵᠡᠷᠭᠡ ᠠᠵᠢᠯᠯᠠᠭ᠎ᠠ ᠥᠷᠨᠢᠭᠦᠯᠵᠦ᠍᠂ ᠣᠲᠣ ᠪᠣᠯᠲᠠᠯ᠎ᠠ ᠨᠢᠭᠡᠨᠲᠡ 244 ᠤᠳᠠᠭ᠎ᠠ ᠥᠷᠨᠢᠭᠦᠯᠵᠦ᠍᠂ 9.6 ᠲᠦᠮᠡᠨ ᠬᠥᠮᠦᠨ ᠤᠳᠠᠭ᠎ᠠ᠎ᠶ᠋ᠢ ᠬᠠᠮᠤᠷᠤᠭ᠍ᠰᠠᠨ ᠪᠠᠢᠨ᠎ᠠ᠃
ᠣᠢᠷ᠎ᠠ᠎ᠶ᠋ᠢᠨ ᠵᠢᠯ᠎ᠦᠳ᠎ᠲᠦ ᠦᠪᠡᠷᠲᠡᠭᠡᠨ ᠵᠠᠰᠠᠬᠤ ᠤᠷᠤᠨ᠎ᠤ ᠡᠪᠯᠡᠯ᠎ᠦᠨ ᠬᠣᠷᠢᠶ᠎ᠠ 12355 ᠵᠠᠯᠠᠭᠤᠴᠤᠳ ᠪᠠᠭᠠᠴᠤᠳ᠎ᠤᠨ ᠦᠶ᠋ᠯᠡᠴᠢᠯᠡᠭᠡᠨ᠎ᠦ ᠲᠠᠪᠴᠠᠩ᠎ᠳᠤ ᠲᠦᠱᠢᠭ᠌ᠯᠡᠨ᠂ 《ᠦᠨᠳᠦᠷ ᠳᠤᠮᠳᠠᠳᠤ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ᠎ᠶ᠋ᠢᠨ ᠳᠠᠷᠤᠯᠲᠠ᠎ᠶ᠋ᠢ ᠪᠠᠭᠠᠰᠭᠠᠬᠤ》᠂ 《ᠵᠠᠯᠠᠭᠤᠴᠤᠳ ᠥᠪᠡᠷ ᠢ ᠪᠡᠨ ᠬᠠᠮᠠᠭᠠᠯᠠᠬᠤ ᠬᠥᠮᠦᠵᠢᠯ 》 ᠵᠡᠷᠭᠡ ᠭᠤᠤᠯ ᠰᠡᠳᠦᠪ ᠦᠨ ᠲᠣᠭᠣᠷᠢᠨ᠎ᠳᠤ ᠲᠤᠰᠭᠠᠶ ᠮᠡᠷᠭᠡᠵᠢᠯ᠎ᠦᠨ ᠬᠦᠴᠦᠨ᠎ᠢ ᠵᠣᠬᠢᠶᠠᠨ ᠪᠠᠢᠭᠤᠯᠵᠤ ᠰᠤᠷᠭᠠᠭᠤᠯᠢ᠂ ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ᠂ ᠨᠡᠢᠭᠡᠮ ᠲᠣᠭᠣᠷᠢᠭ᠂ ᠷᠠᠳᠢᠣ᠋ ᠨᠡᠪᠲᠡᠷᠡᠭᠦᠯᠭᠡ᠎ᠶ᠋ᠢᠨ ᠬᠣᠷᠢᠶ᠎ᠠ᠎ᠳᠤ ᠣᠴᠢᠭᠤᠯᠤᠨ᠂ ᠰᠡᠳᠭᠢᠴᠡ᠎ᠶ᠋ᠢᠨ ᠵᠢᠯᠣᠭᠣᠳᠣᠯᠭ᠎ᠠ᠂ ᠬᠠᠤᠯᠢ ᠲᠦᠷᠢᠮ᠎ᠦᠨ ᠲᠠᠢᠯᠤᠮᠵᠢ ᠵᠡᠷᠭᠡ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠴᠢᠯᠡᠭᠡ᠎ᠶ᠋ᠢ ᠥᠷᠭᠡᠨ᠎ᠢᠶᠡᠷ ᠥᠷᠨᠢᠭᠦᠯᠵᠦ᠍᠂ ᠥᠷᠭᠡᠨ ᠣᠯᠠᠨ ᠵᠠᠯᠠᠭᠤᠴᠤᠳ ᠪᠠᠭᠠᠴᠤᠳ ᠵᠢᠴᠢ ᠬᠡᠷ᠎ᠦᠨ ᠠᠬᠠᠮᠠᠳ᠎ᠢ ᠬᠠᠪᠰᠤᠷᠤᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠰᠠᠢᠲᠤᠷ ᠲᠠᠨᠢᠭᠤᠯᠵᠤ ᠂ ᠰᠡᠳᠭᠢᠴᠡ᠎ᠶ᠋ᠢᠨ ᠠᠰᠠᠭᠤᠳᠠᠯ᠎ᠢ ᠢᠯᠭᠠᠨ ᠲᠠᠨᠢᠬᠤ ᠴᠢᠳᠠᠪᠤᠷᠢ᠎ᠶ᠋ᠢ ᠨᠢ ᠳᠡᠭᠡᠭ᠌ᠰᠢᠯᠡᠭᠦᠯᠪᠡ᠃ 2023 ᠣᠨ᠎ᠠᠴᠠ 12355 ᠵᠠᠯᠠᠭᠤᠴᠤᠳ ᠪᠠᠭᠠᠴᠤᠳ᠎ᠤᠨ ᠦᠶ᠋ᠯᠡᠴᠢᠯᠡᠭᠡᠨ᠎ᠦ ᠲᠠᠪᠴᠠᠩ᠎ᠨᠢ ᠨᠡᠢᠲᠡ 36677 ᠤᠳᠠᠭ᠎ᠠ ᠵᠢᠨ ᠠᠰᠠᠭᠤᠨ ᠯᠠᠪᠯᠠᠭ᠎ᠠ ᠵᠢᠨ ᠤᠳᠠᠰᠤ ᠵᠢ ᠲᠤᠰᠴᠤ ᠪᠦᠲᠦᠮᠵᠢᠲᠡᠢ ᠵᠦᠪᠯᠡᠯᠭᠡ ᠦᠭᠴᠦ᠂ ᠦᠶ᠋ᠯᠡᠴᠢᠯᠡᠭᠡᠨ᠎ᠦ ᠶᠡᠷᠦᠩᠬᠡᠶ ᠴᠠᠭ᠎ᠨᠢ 42.57 ᠲᠦᠮᠡᠨ ᠮᠢᠨᠦ᠋ᠲ ᠪᠠᠢᠵᠤ᠂ ᠰᠡᠳᠭᠢᠴᠡ᠎ᠶ᠋ᠢᠨ ᠠᠰᠠᠭᠤᠨ ᠯᠠᠪᠯᠠᠬᠤ ᠣᠨᠴᠠᠭᠠᠶ ᠬᠡᠷᠡᠭ ᠢ 27458 ᠤᠳᠠᠭ᠎ᠠ ᠭᠥᠯᠢᠶᠡᠨ ᠠᠪᠴᠤ᠌ ᠱᠢᠶ᠋ᠳᠪᠦᠷᠢᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃