ᠲᠡᠷᠢᠭᠦᠨ ᠨᠢᠭᠤᠷ>ᠰᠤᠷᠭᠠᠨ ᠬᠦᠮᠦᠵᠢᠯ >ᠤᠯᠤᠰ᠎ᠤᠨ ᠰᠢᠯᠭᠠᠯᠲᠠ

2025-06-06 10:05:22

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠤᠢ᠍ᠢᠷ᠎ᠠ ᠶ᠋ᠢᠨ ᠡᠳᠦᠷ᠂ ᠮᠠᠨ ᠤ᠋ ᠣᠷᠣᠨ ᠤ᠋ ᠡᠯ᠎ᠡ ᠱᠠᠲᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ᠎ᠤᠨ ᠬᠢᠨ ᠢᠳᠡᠭᠡᠨ ᠤ᠋ ᠠᠮᠤᠷ ᠲᠦᠪᠱᠢᠨ᠂ ᠰᠤᠷᠤᠬ᠍ᠴᠢ ᠶ᠋ᠢᠨ ᠪᠢᠴᠢᠭ ᠤ᠋ᠨ ᠬᠡᠷᠡᠭ᠌ᠰᠡᠯ᠂ ᠬᠠᠤᠯᠢ ᠡᠴᠡ ᠵᠥᠷᠢᠴᠡᠭ᠌ᠰᠡᠨ ᠵᠠᠷ ᠮᠡᠳᠡᠭᠡ ᠵᠡᠷᠭᠡ ᠵᠠᠩᠭᠢᠯᠠᠭ᠎ᠠ ᠶ᠋ᠢᠨ ᠬᠦᠷᠢᠶ᠎ᠡ ᠪᠡᠷ ᠭᠣᠣᠯᠳᠠᠭᠤᠯᠵᠤ᠂ ᠤᠯᠤᠰ᠎ᠤᠨ ᠨᠢᠭᠡᠳᠦᠯᠳᠡᠢ ᠱᠢᠯᠭᠠᠯᠲᠠ ᠡᠴᠡ ᠡᠮᠦᠨᠡᠬᠢ ᠲᠤᠰᠭᠠᠢ ᠪᠠᠢᠴᠠᠭᠠᠯᠲᠠ ᠥᠷᠨᠢᠭᠦᠯᠵᠦ᠍᠂ ᠠᠮᠤᠷ ᠲᠦᠪᠱᠢᠨ ᠤ᠋ ᠰᠡᠷᠭᠡᠢᠯᠡᠯᠲᠡ ᠶ᠋ᠢᠨ ᠱᠤᠭᠤᠮ ᠢ᠋ ᠪᠠᠳᠤ ᠪᠠᠬᠢᠵᠢᠬᠦᠯᠪᠠ᠃

6 ᠰᠠᠷ᠎ᠠ ᠶ᠋ᠢᠨ 3 ᠤ᠋ ᠡᠳᠦᠷ᠂ ᠤᠯᠠᠭᠠᠨᠴᠠᠪ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠬᠠᠮᠲᠤᠷᠠᠭ᠍ᠰᠠᠨ ᠬᠠᠤᠯᠢ ᠬᠡᠷᠡᠭ᠌ᠵᠢᠭᠦᠯᠬᠦ᠌ ᠠᠩᠭᠢ ᠪᠠᠢᠭᠤᠯᠵᠤ᠂ ᠵᠢᠨᠢᠩ ᠲᠣᠭᠣᠷᠢᠭ ᠤ᠋ᠨ ᠱᠢᠯᠭᠠᠯᠲᠠ ᠶ᠋ᠢᠨ ᠴᠡᠭ ᠤ᠋ᠨ ᠡᠷᠬᠢᠨ ᠲᠣᠭᠣᠷᠢᠨ ᠤ᠋ ᠪᠠᠭᠤᠳᠠᠯ ᠤ᠋ᠨ ᠦᠨ᠎ᠡ ᠬᠠᠩᠰᠢ᠂ ᠢᠳᠡᠭᠡᠨ ᠤ᠋ ᠠᠮᠤᠷ ᠲᠦᠪᠱᠢᠨ ᠵᠡᠷᠭᠡ ᠲᠠᠯ᠎ᠠ ᠪᠠᠷ ᠬᠢᠨᠠᠯᠲᠠ ᠪᠠᠢᠴᠠᠭᠠᠯᠲᠠ ᠬᠢᠵᠦ᠍᠂ ᠬᠠᠷᠢᠶ᠎ᠠ ᠭᠠᠵᠠᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠢ᠋ ᠡᠳᠦᠷ ᠲᠤᠲᠤᠮ ᠤ᠋ᠨ ᠲᠣᠭᠣᠷᠢᠨ ᠪᠠᠢᠴᠠᠭᠠᠯᠲᠠ ᠪᠠᠨ ᠴᠢᠩᠭᠠᠳᠭᠠᠵᠤ᠂ ᠱᠢᠯᠭᠠᠯᠲᠠ ᠶ᠋ᠢᠨ ᠴᠡᠭ ᠤ᠋ᠨ ᠡᠷᠬᠢᠨ ᠲᠣᠭᠣᠷᠢᠨ ᠤ᠋ ᠵᠠᠬ᠎ᠠ ᠳᠡᠯᠭᠡᠭᠦᠷ ᠤ᠋ᠨ ᠡᠵᠡᠩᠨᠡᠯᠲᠡ ᠶ᠋ᠢᠨ ᠡᠮᠬᠢ ᠵᠢᠷᠤᠮ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠵᠢᠷᠤᠮᠵᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃ ᠤᠯᠠᠭᠠᠨᠬᠠᠳᠠ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠢᠳᠡᠭᠡᠨ ᠤᠮᠳᠠᠭᠠᠨ ᠤ᠋ ᠵᠦᠶ᠋ᠯᠡᠰ ᠤ᠋ᠨ ᠠᠮᠤᠷ ᠲᠦᠪᠱᠢᠨ ᠤ᠋ ᠲᠤᠰᠭᠠᠶ ᠪᠠᠢᠴᠠᠭᠠᠯᠲᠠ ᠵᠢ ᠵᠣᠬᠢᠶᠠᠨ ᠪᠠᠢᠭᠤᠯᠤᠨ ᠥᠷᠨᠢᠭᠦᠯᠵᠦ᠍᠂ ᠪᠠᠢᠴᠠᠭᠠᠬᠤ ᠳᠤᠭᠤᠢᠯᠠᠩ ᠡᠯ᠎ᠡ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠡᠵᠡᠩᠨᠡᠯᠲᠡ ᠶ᠋ᠢᠨ ᠬᠢᠷᠢ ᠬᠡᠮ᠂ ᠠᠵᠢᠯ ᠡᠷᠭᠢᠯᠡᠭ᠌ᠰᠡᠳ ᠤ᠋ᠨ ᠡᠷᠡᠭᠦᠯ ᠮᠡᠨᠳᠦ᠍ ᠶ᠋ᠢᠨ ᠬᠠᠮᠢᠶᠠᠷᠤᠯᠲᠠ᠂ ᠢᠳᠡᠭᠡᠨ ᠤ᠋ ᠲᠦᠭᠦᠬᠡᠶ ᠮᠠᠲ᠋ᠧᠷᠢᠶᠠᠯ ᠤ᠋ᠨ ᠢᠷᠡᠯᠲᠡ᠂ ᠢᠳᠡᠭᠡᠨ ᠢ᠋ ᠡᠳ᠋ᠱᠢᠭᠦᠯᠦᠨ ᠪᠣᠯᠪᠠᠰᠤᠷᠠᠭᠤᠯᠬᠤ ᠠᠵᠢᠯᠯᠠᠭ᠎ᠠ ᠪᠠ ᠬᠠᠳᠠᠭᠠᠯᠠᠬᠤ ᠨᠥᠬᠥᠴᠡᠯ᠂ ᠢᠳᠡᠭᠡᠨ ᠤᠮᠳᠠᠭᠠᠨ ᠤ᠋ ᠬᠡᠷᠡᠭ᠌ᠰᠡᠯ ᠢ᠋ ᠤᠬᠢᠶᠠᠵᠤ ᠠᠷᠢᠭᠤᠳᠭᠠᠬᠤ᠂ ᠢᠳᠡᠭᠡᠨ ᠤ᠋ ᠥᠯᠢᠭᠡᠷ ᠡᠳ᠋ ᠢ᠋ ᠦᠯᠡᠳᠡᠭᠡᠬᠦ᠌ ᠵᠡᠷᠭᠡ ᠭᠣᠭ᠍ᠴᠣᠭ᠎ᠠ ᠶ᠋ᠢᠨ ᠲᠣᠭᠣᠷᠢᠨ ᠳ᠋ᠤ ᠪᠠᠢᠴᠠᠭᠠᠯᠲᠠ ᠬᠢᠪᠠ᠃

ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠎ᠰᠦᠯᠵᠢᠶᠡᠨ ᠳᠡᠭᠡᠷᠡᠬᠢ ᠪᠠ ᠰᠦᠯᠵᠢᠶᠠᠨ ᠭᠠᠳᠠᠨᠠᠬᠢ ᠱᠢᠯᠭᠠᠯᠲᠠ ᠳ᠋ᠤ ᠬᠣᠯᠪᠣᠭ᠍ᠳᠠᠬᠰᠠᠨ ᠵᠠᠷ ᠮᠡᠳᠡᠭᠡ᠎ᠳᠤ ᠎ᠲᠤᠰᠭᠠᠶ ᠬᠢᠨᠠᠨ ᠪᠠᠢᠴᠠᠭᠠᠯᠳᠠ ᠬᠢᠵᠤ᠂ ᠬᠠᠮᠢᠶ᠎ᠠ ᠪᠥᠬᠥᠶ ᠡᠵᠡᠩᠨᠡᠯᠲᠡ ᠶ᠋ᠢᠨ ᠭᠤᠤᠯ ᠴᠣᠭ᠍ᠴᠠ ᠵᠢ ᠵᠢᠯᠣᠭᠣᠳᠤᠨ ᠬᠠᠤᠯᠢ ᠡᠴᠡ ᠵᠥᠷᠢᠴᠡᠬᠦ ᠲᠦᠭ᠌ᠰᠢᠭᠦᠷᠢ ᠵᠢ ᠰᠡᠷᠭᠡᠢᠯᠡᠬᠦ᠌ ᠵᠡᠷᠭᠡ ᠠᠷᠭ᠎ᠠ ᠬᠡᠮᠵᠢᠶ᠎ᠡ ᠪᠡᠷ ᠳᠠᠮᠵᠢᠭᠤᠯᠤᠨ᠂ ᠤᠯᠤᠰ᠎ᠤᠨ ᠨᠢᠭᠡᠳᠤᠯᠳᠠᠢ ᠱᠢᠯᠭᠠᠯᠲᠠ ᠳ᠋ᠤ ᠰᠠᠢᠨ ᠰᠠᠢᠬᠠᠨ ᠣᠷᠴᠢᠨ ᠨᠥᠬᠥᠴᠡᠯ ᠢ᠋ ᠪᠦᠷᠢᠯᠳᠤᠬᠦᠯᠤᠨ ᠦᠭᠴᠤ ᠪᠤᠢ᠃ ᠰᠤᠷᠭᠠᠨ ᠬᠥᠮᠦᠵᠢᠯ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠯᠦᠭᠡ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠭᠠᠵᠤ᠂ ᠠᠰᠠᠭᠤᠳᠠᠯ ᠤ᠋ᠨ ᠰᠦᠪᠡᠭ᠌ᠴᠢ ᠵᠢ ᠢᠯᠡᠷᠡᠭᠦᠯᠬᠦ᠌ ᠴᠢᠳᠠᠪᠤᠷᠢ ᠪᠠᠨ ᠪᠦᠲᠦᠮᠵᠢᠲᠡᠶ ᠳᠡᠭᠡᠭ᠌ᠰᠢᠯᠡᠭᠦᠯᠦᠨ᠂ ᠬᠠᠤᠯᠢ ᠡᠴᠡ ᠵᠥᠷᠢᠴᠡᠭ᠌ᠰᠡᠨ ᠵᠠᠷ ᠮᠡᠳᠡᠭᠡ ᠨᠡᠢᠲᠡᠯᠡᠬᠦ᠌ ᠠᠵᠢᠯᠯᠠᠭ᠎ᠠ ᠵᠢ ᠪᠦᠳᠤᠮᠵᠢᠳᠠᠢ ᠬᠣᠷᠢᠭ᠍ᠯᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面