ᠲᠡᠷᠢᠭᠦᠨ ᠨᠢᠭᠤᠷ>ᠰᠤᠷᠭᠠᠨ ᠬᠦᠮᠦᠵᠢᠯ >ᠤᠯᠤᠰ᠎ᠤᠨ ᠰᠢᠯᠭᠠᠯᠲᠠ

2025-06-06 10:08:23

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄ 3

ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠪᠤᠷᠢ ᠠᠩᠭᠢ ᠠᠷᠪᠠᠨ ᠵᠦᠢᠯ᠎ᠦᠨ ᠠᠷᠭ᠎ᠠ ᠬᠡᠮᠵᠢᠶ᠎ᠡ᠎ᠠᠪᠴᠦ᠂ ᠤᠯᠤᠰ ᠤ᠋ᠨ ᠨᠢᠬᠡᠳᠦᠯᠳᠡᠢ ᠰᠢᠯᠭᠠᠯᠳᠠ ᠵᠢᠨ ᠤᠷᠤᠬᠰᠢᠳᠠᠢ ᠶᠠᠪᠤᠬᠳᠠᠬᠤ ᠵᠢ ᠪᠠᠳᠤᠯᠠᠵᠦ ᠪᠤᠢ᠃

ᠠᠷᠪᠠᠨ ᠵᠦᠢᠯ᠎ᠦᠨ ᠠᠷᠭ᠎ᠠ ᠬᠡᠮᠵᠢᠶ᠎ᠡ᠎ᠳᠦ᠂ 5 ᠰᠠᠷ᠎ᠠ᠎ᠶᠢᠨ 31 ᠤ᠋ ᠡᠳᠦᠷ᠎ᠡᠴᠡ 6 ᠰᠠᠷ᠎ᠠ᠎ᠶᠢᠨ 6 ᠎ᠤ᠋ ᠡᠳᠦᠷ ᠪᠣᠯᠲᠠᠯ᠎ᠠ᠂ 2 ᠲᠦᠮᠡᠨ ᠨᠣᠭᠣᠭᠠᠨ ᠪᠦᠰᠡ ᠲᠠᠷᠬᠠᠭᠠᠨ᠎ᠠ; ᠤᠯᠤᠰ ᠤ᠋ᠨ ᠨᠢᠬᠡᠳᠦᠯᠳᠡᠢ ᠰᠢᠯᠭᠠᠯᠲᠠ᠎ᠡᠴᠨ ᠡᠮᠦᠨᠡᠬᠢ ᠨᠢᠭᠡ ᠭᠠᠷᠠᠭ᠎ᠡᠴᠡ ᠡᠬᠢᠯᠡᠨ᠂ ᠰᠤᠷᠭᠠᠭᠤᠯᠢ᠎ᠶᠢᠨ ᠰᠢᠯᠭᠠᠯᠲᠠ᠎ᠶᠢᠨ ᠴᠡᠭ᠂ ᠤᠷᠤᠢ ᠵᠢᠨ ᠪᠠᠷᠢᠯᠭ᠎ᠠ᠎ᠶᠢᠨ ᠭᠠᠵᠠᠷ᠂ ᠰᠠᠭᠤᠭᠠᠯᠢ ᠠᠷᠠᠳ ᠲᠥᠪᠯᠡᠷᠡᠭᠰᠡᠨ ᠣᠷᠣᠨ᠎ᠤ ᠡᠷᠭᠢᠨ ᠲᠣᠭᠣᠷᠢᠨ᠎ᠳᠤ ᠲᠤᠰᠬᠠᠢ ᠵᠦᠢᠯ᠎ᠢᠶᠡᠷ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠰᠢᠯᠭᠠᠯᠲᠠ᠎ᠶᠢᠨ ᠴᠡᠭ᠎ᠦᠨ ᠡᠷᠭᠢᠨ ᠲᠣᠭᠣᠷᠢᠨ᠎ᠤ ᠵᠠᠮ ᠡᠵᠡᠯᠡᠭᠰᠡᠨ ᠪᠠᠷᠢᠯᠭ᠎ᠠ᠎ᠶᠢᠨ ᠲᠥᠷᠥᠯ ᠵᠦᠢᠯ᠎ᠢ ᠴᠥᠮ ᠲᠦᠷ ᠵᠣᠭᠰᠣᠭᠠᠵᠤ᠂ ᠪᠠᠷᠠᠭᠠᠨ᠎ᠤ ᠮᠠᠰᠢᠨ ᠲᠡᠷᠭᠡ᠂ ᠪᠠᠷᠢᠯᠭ᠎ᠠ᠎ᠶᠢᠨ ᠲᠡᠭᠡᠭᠡᠪᠦᠷᠢ᠎ᠶᠢᠨ ᠮᠠᠰᠢᠨ ᠲᠡᠷᠭᠡ᠎ᠶᠢᠨ ᠭᠣᠣᠯ ᠬᠣᠲᠠ᠎ᠶᠢᠨ ᠲᠣᠭᠣᠷᠢᠭ᠋᠎ᠲᠤ ᠣᠷᠣᠬᠤ᠎ᠶᠢ ᠴᠠᠭᠠᠵᠠᠯᠠᠨ᠎ᠠ; ᠰᠢᠯᠭᠠᠯᠲᠠ᠎ᠶᠢ ᠬᠠᠮᠠᠭᠠᠯᠠᠬᠤ ᠲᠤᠰᠬᠠᠢ ᠤᠳᠠᠰᠤ 0471 - 6698440᠎ᠢ᠋ ᠨᠠᠪᠲᠠᠷᠡᠭᠦᠯᠵᠦ᠂ ᠪᠥᠬᠥ ᠬᠣᠲᠠ᠎ᠶᠢᠨ 150 ᠵᠠᠮ ᠬᠠᠷᠢᠯᠴᠠᠭᠠᠨ᠎ᠤ ᠴᠠᠭᠳᠠᠭ᠎ᠠ᠂ 35 ᠪᠠᠴᠢᠮ ᠪᠠᠢᠳᠠᠯ᠎ᠢ ᠠᠷᠭᠠᠴᠠᠭᠠᠬᠤ ᠦᠢᠯᠡᠴᠢᠯᠡᠭᠡᠨ᠎ᠦ ᠮᠠᠰᠢᠨ ᠲᠡᠷᠭᠡ ᠪᠦᠬᠦᠯᠢ ᠡᠳᠦᠷ᠎ᠢᠶᠡᠷ ᠵᠠᠷᠯᠢᠭ᠋ ᠬᠦᠯᠢᠶᠡᠵᠦ᠂ ᠰᠢᠯᠭᠠᠭᠤᠯᠤᠬᠴᠢ ᠳ᠋ᠸ᠋ ᠦᠢᠯᠡᠴᠢᠯᠡᠨ᠎ᠡ; ᠰᠢᠯᠭᠠᠯᠳᠠ ᠵᠢᠨ ᠬᠤᠭᠤᠴᠠᠭᠠᠨ ᠳ᠋ᠸ᠋᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ ᠰᠢᠯᠭᠠᠯᠲᠠ᠎ᠶᠢᠨ ᠴᠡᠭ᠎ᠦᠨ ᠡᠷᠬᠢᠨ ᠲᠣᠭᠣᠷᠢᠨ᠎ᠤ ᠪᠠᠢᠭᠤᠯᠭ᠎ᠠ ᠨᠢᠭᠡᠴᠢ᠂ ᠬᠤᠳᠠᠯᠳᠤᠭᠠᠨ᠎ᠤ ᠲᠠᠯᠠᠪᠤᠷ᠎ᠤᠨ ᠮᠠᠰᠢᠨ ᠲᠡᠷᠭᠡᠨ᠎ᠤ ᠵᠣᠭᠰᠣᠭᠠᠯ᠎ᠢ ᠢᠳᠡᠪᠬᠢᠲᠡᠢ ᠵᠣᠬᠢᠴᠠᠭᠤᠯᠵᠤ᠂ ᠨᠣᠭᠣᠭᠠᠨ ᠪᠦᠰᠡ ᠎ᠲᠠᠢ ᠮᠠᠰᠢᠨ ᠲᠡᠷᠬᠡᠨ᠎ᠳᠦ ᠲᠦᠷ ᠴᠠᠭ ᠵᠣᠭᠰᠣᠬᠤ ᠦᠢᠯᠡᠴᠢᠯᠡᠭᠡ ᠬᠠᠩᠭᠠᠨ᠎ᠠ; ᠬᠣᠲᠠ᠎ᠶᠢᠨ ᠲᠣᠭᠣᠷᠢᠭ᠋᠎ᠤᠨ 21 ᠰᠢᠯᠭᠠᠯᠲᠠ᠎ᠶᠢᠨ ᠴᠡᠭ᠎ᠦᠨ ᠭᠠᠳᠠᠨ᠎ᠠ ᠨᠠᠷᠠ ᠬᠠᠯᠬᠠᠯᠠᠬᠤ ᠰᠠᠷᠠᠪᠴᠢ ᠪᠤᠰᠬᠠᠵᠦ᠂ ᠤᠰᠤ ᠤᠮᠳᠠᠭᠠᠨ ᠪᠡᠯᠡᠳᠬᠡᠨ᠂ ᠰᠢᠯᠭᠠᠯᠲᠠ᠎ᠳᠤ ᠪᠠᠷ᠎ᠠ ᠪᠣᠯᠤᠭᠰᠠᠨ ᠭᠡᠷ᠎ᠦᠨ ᠠᠬᠠᠮᠠᠳ᠎ᠲᠦ ᠦᠢᠯᠡᠴᠢᠯᠡᠨ᠎ᠡ; ᠬᠥᠳᠡᠯᠵᠦ ᠪᠠᠷᠢᠬᠤ᠎ᠳᠤ ᠳᠥᠭᠥᠮ ᠦᠭᠡᠢ᠂ ᠰᠢᠷᠬᠠᠲᠤᠵᠤ ᠡᠪᠡᠳᠴᠢᠯᠡᠭᠰᠡᠨ ᠰᠢᠯᠭᠠᠭᠤᠯᠤᠭ᠍ᠴᠢ᠎ᠳᠤ ᠴᠢᠭᠯᠡᠭᠦᠯᠦᠨ᠂ ᠡᠯ᠎ᠡ ᠬᠠᠷᠢᠶ᠎ᠠ ᠭᠠᠵᠠᠷ᠎ᠤᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠶᠡᠬᠡ ᠠᠩᠭᠢ ᠨᠢ ᠬᠡᠷᠡᠭᠴᠡᠭᠡ ᠱᠠᠭᠠᠷᠳᠠᠯᠭ᠎ᠠ᠎ᠲᠠᠢ ᠰᠢᠯᠭᠠᠭᠤᠯᠤᠭ᠍ᠴᠢ᠎ᠶᠢ ᠰᠠᠭᠠᠳ ᠦᠭᠡᠢ ᠲᠤᠰᠬᠠᠢ ᠮᠠᠰᠢᠨ ᠲᠡᠷᠭᠡ᠎ᠪᠡᠷ ᠲᠤᠰᠴᠤ ᠬᠦᠷᠬᠡᠨ᠎ᠡ; ᠵᠠᠮ᠎ᠬᠠᠷᠢᠯᠴᠠᠭᠠᠨ᠎ᠤ ᠮᠡᠳᠡᠭᠡ ᠵᠠᠩᠭᠢ ᠵᠢ ᠴᠠᠭ ᠳᠤᠬᠠᠢ᠎ᠳᠤᠨᠢ ᠲᠠᠮᠵᠢᠭᠤᠯᠤᠨ᠎ᠡ; ᠰᠢᠯᠭᠠᠭᠤᠯᠤᠭ᠍ᠴᠢ ᠵᠢ ᠲᠤᠰᠴᠤ ᠬᠦᠷᠬᠡᠬᠦ ᠮᠠᠰᠢᠨ ᠲᠡᠷᠬᠡ ᠬᠦᠩᠬᠡᠪᠳᠦᠷ ᠵᠠᠮ ᠬᠠᠷᠢᠯᠴᠠᠭᠠᠨ ᠤ᠋ ᠬᠠᠤᠯᠢ ᠡᠴᠨ ᠵᠦᠷᠢᠴᠡᠭᠰᠡᠨ ᠠᠵᠢᠯᠯᠠᠭ᠎ᠠ ᠡᠬᠦᠰᠬᠡᠭᠰᠡᠨ ᠪᠠᠢᠪᠠᠯ ᠰᠤᠷᠭᠠᠨ ᠬᠥᠮᠦᠵᠢᠬᠦᠯᠵᠦ ᠰᠡᠷᠡᠮᠵᠢᠯᠡᠭᠦᠯᠦᠯ ᠬᠢᠬᠦ ᠪᠡᠷ ᠭᠤᠤᠯᠯᠠᠭᠤᠯᠵᠦ ᠰᠢᠯᠭᠠᠯᠳᠠ᠎ᠳᠦ ᠤᠷᠤᠯᠴᠠᠬᠤ ᠵᠢ ᠪᠠᠳᠤᠯᠠᠨ᠎ᠠ; ᠭᠡᠨᠡᠳᠲᠡ ᠵᠢᠨ ᠬᠡᠷᠡᠭ᠎ᠢ ᠪᠦᠬᠦ ᠬᠦᠴᠦᠨ᠎ᠢᠶᠡᠷ᠎ᠢᠶᠡᠨ ᠰᠡᠷᠭᠡᠢᠯᠡᠨ ᠠᠷᠭᠠᠴᠠᠭᠠᠨ᠎ᠠ; ᠮᠠᠭᠤ ᠴᠠᠭ ᠠᠭᠤᠷ᠎ᠤᠨ ᠪᠠᠴᠢᠮ ᠪᠠᠢᠳᠠᠯ ᠎ᠢ ᠠᠷᠭᠠᠴᠠᠭᠠᠬᠤ ᠲᠦᠰᠦᠯ ᠳᠤᠬᠳᠠᠭᠠᠵᠦ᠂ ᠲᠦᠷᠭᠡᠨ ᠠᠷᠭᠠᠴᠠᠭᠠᠨ ᠰᠢᠢᠳᠪᠦᠷᠢᠯᠡᠬᠦ᠎ᠶᠢ ᠦᠨᠡᠨ ᠬᠦ᠌ ᠪᠠᠳᠤᠯᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面