ᠲᠡᠷᠢᠭᠦᠨ ᠨᠢᠭᠤᠷ>ᠰᠤᠷᠭᠠᠨ ᠬᠦᠮᠦᠵᠢᠯ >ᠤᠯᠤᠰ᠎ᠤᠨ ᠰᠢᠯᠭᠠᠯᠲᠠ

2025-06-06 11:09:15

ᠵᠣᠬᠢᠶᠠᠭ᠍ᠴᠢ᠄ ᠸᠧᠶ ᠭᠤᠸᠠᠨ ᠢᠦᠶ ᠣᠩᠱᠢᠭ᠍ᠰᠠᠨ ᠣᠳᠠᠭ᠎ᠠ᠄ 3

2025 ᠣᠨ᠎ᠤ ᠤᠯᠤᠰ᠎ᠤᠨ ᠨᠢᠭᠡᠳᠦᠯᠲᠡᠶ ᠱᠢᠯᠭᠠᠯᠲᠠ ᠤᠳᠠᠯ ᠥᠬᠡᠶ ᠪᠣᠯᠬᠤ ᠭᠡᠵᠦ᠍ ᠪᠠᠢᠨ᠎ᠠ᠂ ᠥᠷᠭᠡᠨ ᠣᠯᠠᠨ ᠱᠢᠯᠭᠠᠭᠤᠯᠤᠭ᠍ᠴᠢ᠎ᠶ᠋ᠢᠨ ᠱᠢᠯᠭᠠᠯᠲᠠ᠎ᠳᠤ ᠠᠩᠬᠠᠷᠬᠤ ᠵᠦᠶ᠋ᠯᠡᠰ᠎ᠢ ᠣᠢᠯᠠᠭᠠᠬᠤ᠎ᠳᠤ ᠨᠠᠩ ᠰᠠᠢᠲᠤᠷ ᠬᠠᠪᠰᠤᠷᠬᠤ᠎ᠶ᠋ᠢᠨ ᠲᠥᠯᠥᠭᠡ᠂ ᠰᠤᠷᠭᠠᠨ ᠬᠥᠮᠦᠵᠢᠯ᠎ᠦᠨ ᠶᠠᠮᠤᠨ 6 ᠰᠠᠷ᠎ᠠ᠎ᠶ᠋ᠢᠨ 3 ᠎ᠤ᠋ ᠡᠳᠦᠷ ᠠᠰᠠᠭᠤᠯᠲᠠ ᠬᠠᠷᠢᠭᠤᠯᠲᠠ᠎ᠶ᠋ᠢᠨ ᠬᠡᠯᠪᠡᠷᠢ᠎ᠪᠡᠷ 2025 ᠣᠨ᠎ᠤ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠰᠠᠨᠠᠭᠤᠯᠤᠮᠵᠢ ᠵᠢ ᠨᠡᠢᠲᠡᠯᠡᠵᠦ᠍᠂ ᠱᠢᠯᠭᠠᠭᠤᠯᠤᠭ᠍ᠴᠢ᠎ᠳᠤ ᠬᠤᠪᠢ ᠬᠥᠮᠦᠨ᠎ᠦ ᠬᠠᠮᠠᠭᠠᠯᠠᠯᠲᠠ᠎ᠶ᠋ᠢ ᠰᠠᠢᠲᠤᠷ ᠬᠢᠬᠦ᠌ ᠬᠡᠷᠡᠭ᠌ᠲᠡᠶ ᠭᠡᠵᠦ᠍ ᠰᠠᠨᠠᠭᠤᠯᠪᠠ᠃

ᠰᠤᠷᠭᠠᠨ ᠬᠥᠮᠦᠵᠢᠯ᠎ᠦᠨ ᠶᠠᠮᠤᠨ᠂ ᠱᠢᠯᠭᠠᠭᠤᠯᠤᠭ᠍ᠴᠢ ᠬᠤᠪᠢ ᠬᠥᠮᠦᠨ᠎ᠦ ᠬᠠᠮᠠᠭᠠᠯᠠᠯᠲᠠ ᠵᠢ ᠰᠠᠢᠲᠤᠷ ᠬᠢᠵᠦ᠍᠂ ᠲᠣᠰ ᠪᠡᠶ᠎ᠡ᠎ᠶ᠋ᠢᠨ ᠡᠷᠡᠭᠦᠯ ᠮᠡᠨᠳᠦ᠍᠎ᠶ᠋ᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠬᠡᠷᠡᠭ᠌ᠲᠡᠶ᠃ ᠱᠢᠯᠭᠠᠯᠲᠠ᠎ᠡᠴᠡ ᠡᠮᠦᠨ᠎ᠡ᠂ ᠬᠦᠮᠦᠨ ᠬᠠᠷ᠎ᠠ ᠲᠠᠢ ᠨᠡᠢᠯᠡᠵᠦ ᠴᠤᠭᠯᠠᠷᠠᠬᠤ ᠪᠠ ᠨᠠᠭᠠᠰᠢ ᠴᠠᠭᠠᠰᠢ ᠶᠠᠪᠤᠵᠤ ᠰᠠᠭᠤᠬᠤ ᠪᠠᠨ ᠠᠯᠢ ᠴᠢᠳᠠᠬᠤ᠎ᠪᠠᠷ ᠪᠠᠭᠠᠰᠭᠠᠵᠤ᠂ ᠬᠥᠮᠦᠨ ᠬᠠᠷ᠎ᠠ ᠣᠯᠠᠨ ᠭᠠᠵᠠᠷ᠎ᠲᠤ ᠣᠴᠢᠬᠤ ᠥᠬᠡᠶ ᠪᠠᠢᠬᠤ ᠬᠡᠷᠡᠭ᠌ᠲᠡᠶ᠃ ᠡᠭᠦᠨ᠎ᠦ ᠬᠠᠮᠲᠤ᠂ ᠰᠡᠳᠭᠢᠴᠡ᠎ᠶ᠋ᠢᠨ ᠪᠠᠢᠳᠠᠯ᠎ᠢᠶᠠᠨ ᠰᠠᠢᠲᠤᠷ ᠲᠣᠬᠢᠷᠠᠭᠤᠯᠵᠤ᠂ ᠵᠦᠶ ᠵᠣᠬᠢᠰᠲᠠᠶ ᠢᠳᠡᠭᠡᠨ ᠤᠮᠳᠠᠭᠠᠨ᠂ ᠭᠦᠶ᠋ᠴᠡᠳ ᠤᠨᠲᠠᠵᠤ ᠠᠮᠠᠷᠠᠬᠤ᠎ᠶ᠋ᠢ ᠪᠠᠲᠤᠯᠠᠵᠤ᠂ ᠵᠣᠬᠢᠬᠤ ᠬᠡᠮᠵᠢᠶᠡᠨ᠎ᠦ ᠪᠡᠶ᠎ᠡ ᠮᠠᠬᠠᠪᠣᠳ᠎ᠤᠨ ᠪᠣᠯᠪᠠᠰᠤᠷᠠᠯ ᠬᠢᠵᠦ᠍᠂ ᠬᠡᠷᠪᠡ ᠡᠪ ᠥᠬᠡᠶ ᠪᠠᠢᠳᠠᠯ ᠭᠠᠷᠪᠠᠯ᠂ ᠴᠠᠭ ᠲᠤᠬᠠᠶ᠎ᠳᠤᠨᠢ ᠡᠮᠨᠡᠭᠦᠯᠵᠦ᠍᠂ ᠪᠡᠶ᠎ᠡ ᠡᠪ ᠥᠬᠡᠶ᠎ᠡᠴᠡ ᠪᠣᠯᠵᠣ ᠱᠢᠯᠭᠠᠯᠲᠠ᠎ᠶ᠋ᠢ ᠨᠥᠯᠥᠭᠡᠯᠡᠬᠦ᠌᠎ᠡᠴᠡ ᠰᠡᠷᠭᠡᠢᠯᠡᠬᠦ᠌ ᠬᠡᠷᠡᠭ᠌ᠲᠡᠶ᠃ ᠬᠠᠯᠠᠭᠤᠷᠠᠬᠤ ᠪᠤᠶᠤ ᠭᠡᠨᠡᠳᠲᠡ᠎ᠶ᠋ᠢᠨ ᠲᠦᠷᠭᠡᠨ ᠡᠪᠡᠳᠴᠢᠨ ᠵᠡᠷᠭᠡ ᠪᠠᠢᠳᠠᠯ ᠭᠠᠷᠤᠭᠰᠠᠨ ᠴᠤ᠌ ᠱᠢᠯᠭᠠᠭᠤᠯᠤᠭ᠍ᠴᠢᠳ ᠠᠶᠤᠵᠤ ᠰᠠᠨᠳᠤᠷᠬᠤ ᠬᠡᠷᠡᠭ ᠥᠬᠡᠶ᠂ ᠡᠯ᠎ᠡ ᠭᠠᠵᠠᠷ᠎ᠤᠨ ᠱᠢᠯᠭᠠᠯᠲᠠ᠎ᠶ᠋ᠢᠨ ᠴᠡᠭ ᠴᠥᠮ ᠵᠣᠬᠢᠴᠠᠩᠭᠤᠶ ᠪᠡᠯᠡᠳᠭᠡᠯ ᠲᠥᠰᠦᠯ ᠲᠣᠭ᠍ᠲᠠᠭᠠᠵᠠᠶ ᠭᠡᠵᠦ ᠰᠠᠨᠠᠭᠤᠯᠪᠠ᠃

ᠱᠢᠯᠭᠠᠯᠲᠠ᠎ᠶ᠋ᠢᠨ ᠴᠡᠭ᠎ᠲᠦ ᠣᠷᠣᠬᠤ ᠦᠶᠡᠰ᠂ ᠠᠵᠢᠯᠲᠠᠨ᠎ᠤ ᠲᠣᠬᠢᠷᠠᠭᠤᠯᠤᠯᠲᠠ᠎ᠶ᠋ᠢ ᠰᠣᠨᠣᠰᠴᠤ᠌᠂ ᠡᠮᠬᠢ ᠵᠢᠷᠤᠮ᠎ᠲᠠᠶ᠎ᠪᠠᠷ ᠮᠥᠷᠯᠡᠵᠦ᠍᠂ ᠵᠣᠬᠢᠬᠤ ᠵᠠᠶ᠎ᠶᠢ ᠪᠠᠲᠤᠯᠠᠬᠤ ᠬᠡᠷᠡᠭ᠌ᠲᠡᠶ᠂ ᠭᠠᠷ ᠤᠲᠠᠰᠤ ᠵᠡᠷᠭᠡ ᠲᠣᠭ᠍ᠲᠠᠭᠠᠯ᠎ᠡᠴᠡ ᠵᠥᠷᠢᠴᠡᠭ᠌ᠰᠡᠨ ᠡᠳ᠋ ᠪᠣᠳᠠᠰ᠎ᠢ ᠱᠢᠯᠭᠠᠯᠲᠠ᠎ᠶ᠋ᠢᠨ ᠴᠡᠭ᠎ᠲᠦ ᠠᠪᠴᠤ᠌ ᠣᠷᠣᠵᠤ ᠪᠣᠯᠬᠤ ᠥᠬᠡᠶ᠃ ᠱᠢᠯᠭᠠᠯᠲᠠ᠎ᠶ᠋ᠢᠨ ᠲᠠᠯᠠᠪᠤᠷ᠎ᠲᠤ ᠣᠷᠣᠬᠤ ᠦᠶᠡᠰ᠂ ᠱᠢᠯᠭᠠᠭᠤᠯᠤᠭ᠍ᠴᠢ᠎ᠶ᠋ᠢᠨ ᠪᠡᠶ᠎ᠡ ᠬᠡᠮ᠎ᠢ ᠱᠢᠯᠭᠠᠨ ᠭᠡᠷᠡᠴᠢᠯᠡᠬᠦ᠌ ᠪᠠ ᠲᠣᠭ᠍ᠲᠠᠭᠠᠯ᠎ᠡᠴᠡ ᠵᠥᠷᠢᠴᠡᠭ᠌ᠰᠡᠨ ᠡᠳ᠋ ᠪᠣᠳᠠᠰ᠎ᠤᠨ ᠪᠠᠢᠴᠠᠭᠠᠯᠲᠠ ᠬᠢᠨ᠎ᠠ᠃ ᠣᠨᠴᠠᠭᠠᠢᠯᠠᠨ ᠠᠩᠬᠠᠷᠬᠤ ᠴᠢᠬᠤᠯᠠᠲᠠᠶ ᠵᠦᠶ᠋ᠯ ᠭᠡᠪᠡᠯ᠂ ᠱᠢᠯᠭᠠᠭᠤᠯᠤᠭ᠍ᠴᠢ ᠭᠠᠷ ᠤᠲᠠᠰᠤ᠂ ᠤᠶᠤᠨᠲᠤ ᠭᠠᠷ ᠴᠠᠭ᠂ ᠤᠶᠤᠨᠲᠤ ᠨᠢᠳᠦᠨ ᠱᠢᠯ ᠵᠡᠷᠭᠡ ᠮᠡᠳᠡᠭᠡ ᠵᠠᠩᠭᠢ ᠬᠦᠷᠭᠡᠬᠦ᠌ ᠪᠤᠶᠤ ᠭᠥᠯᠢᠶᠡᠨ ᠠᠪᠬᠤ ᠴᠢᠳᠠᠮᠵᠢ᠎ᠲᠠᠶ ᠲᠥᠬᠥᠭᠡᠷᠦᠮᠵᠢ᠎ᠶ᠋ᠢ ᠠᠪᠴᠤ᠌ ᠱᠢᠯᠭᠠᠯᠲᠠ᠎ᠶ᠋ᠢᠨ ᠲᠠᠯᠠᠪᠤᠷ᠎ᠲᠤ ᠣᠷᠣᠪᠠᠯ᠂ ᠬᠡᠷᠡᠭ᠌ᠯᠡᠬᠰᠡᠨ ᠡᠰᠡᠬᠦ᠌ ᠵᠢ ᠬᠠᠮᠢᠶᠠᠷᠬᠤ ᠥᠬᠡᠶ ᠴᠥᠮ ᠱᠢᠯᠭᠠᠯᠲᠠ᠎ᠳᠤ ᠬᠡᠮ ᠬᠢᠭ᠌ᠰᠡᠨ᠎ᠢᠶᠡᠷ ᠬᠢᠨᠠᠵᠤ ᠲᠣᠭ᠍ᠲᠠᠭᠠᠨ᠎ᠠ᠃

ᠰᠦᠯᠵᠢᠶᠡᠨ ᠳᠡᠭᠡᠷ᠎ᠡ ᠡᠴᠡ ᠬᠤᠪᠢ ᠪᠠᠨ ᠦᠵᠡᠬᠦ ᠪᠠ ᠡᠷᠡᠮᠡᠯᠵᠡᠯ ᠲᠠᠭ᠍ᠯᠠᠨ ᠮᠡᠳᠡᠭᠦᠯᠬᠦ᠌ ᠦᠶ᠋ᠯᠡᠴᠢᠯᠡᠭᠡ ᠎ᠵᠢᠨ ᠲᠤᠬᠠᠶ ᠰᠤᠷᠭᠠᠨ ᠬᠥᠮᠦᠵᠢᠯ᠎ᠦᠨ ᠶᠠᠮᠤᠨ ᠡᠴᠡ ᠂ ᠡᠯ᠎ᠡ ᠮᠤᠵᠢ᠎ᠶ᠋ᠢᠨ ᠱᠠᠲᠤᠨ᠎ᠤ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠪᠠᠢᠭᠤᠯᠤᠮᠵᠢ ᠱᠢᠯᠭᠠᠯᠳᠠ ᠵᠢᠨ ᠳᠠᠷᠠᠭ᠎ᠠ ᠴᠥᠮ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠬᠢᠷᠢ ᠪᠦᠲᠦᠮᠵᠢ᠎ᠶ᠋ᠢ ᠨᠡᠢᠲᠡᠯᠡᠬᠦ᠌ ᠴᠠᠭ ᠵᠢᠴᠢ ᠠᠯᠪᠠᠨ ᠲᠠᠯ᠎ᠠ᠎ᠶ᠋ᠢᠨ ᠪᠠᠢᠴᠠᠭᠠᠨ ᠯᠠᠪᠯᠠᠬᠤ ᠠᠷᠭ᠎ᠠ ᠵᠠᠮ᠎ᠢ ᠨᠡᠢᠲᠡᠯᠡᠨ᠎ᠡ᠂ ᠱᠢᠯᠭᠠᠭᠤᠯᠤᠭ᠍ᠴᠢ ᠪᠠ ᠬᠡᠷ᠎ᠦᠨ ᠠᠬᠠᠮᠠᠳ ᠬᠣᠯᠪᠣᠭ᠍ᠳᠠᠯ ᠪᠥᠬᠥᠶ ᠡᠷᠬᠡ ᠰᠦᠷᠲᠦ ᠮᠡᠳᠡᠭᠡ ᠵᠠᠩᠭᠢ᠎ᠶ᠋ᠢ ᠠᠩᠬᠠᠷᠤᠭᠠᠷᠠᠶ ᠭᠡᠵᠦ ᠰᠠᠨᠠᠭᠤᠯᠪᠠ᠃

ᠱᠢᠯᠭᠠᠭᠤᠯᠤᠭ᠍ᠴᠢ᠎ᠶ᠋ᠢᠨ ᠡᠷᠡᠮᠡᠯᠵᠡᠯ ᠲᠠᠭ᠍ᠯᠠᠬᠤ ᠦᠶ᠋ᠯᠡᠴᠢᠯᠡᠭᠡ᠎ᠶ᠋ᠢ ᠤᠯᠠᠮ ᠨᠢᠭᠡ ᠠᠯᠬᠤᠮ ᠴᠢᠩᠭᠠᠳᠭᠠᠬᠤ᠎ᠶ᠋ᠢᠨ ᠲᠥᠯᠥᠭᠡ᠂ 2025 ᠣᠨ᠎ᠳᠤ᠂ ᠰᠤᠷᠭᠠᠨ ᠬᠥᠮᠦᠵᠢᠯ᠎ᠦᠨ ᠶᠠᠮᠤᠨ᠎ᠤ 《 ᠢᠯᠡ ᠲᠣᠳᠣ ᠤᠯᠤᠰ᠎ᠤᠨ ᠨᠢᠭᠡᠳᠦᠯᠲᠡᠶ ᠱᠢᠯᠭᠠᠯᠲᠠ 》 ᠲᠠᠪᠴᠠᠩ ᠵᠢᠴᠢ 《ᠢᠯᠡ ᠲᠣᠳᠣ ᠡᠷᠡᠮᠡᠯᠵᠡᠯ》ᠮᠡᠳᠡᠭᠡ ᠵᠠᠩᠭᠢ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌ ᠪᠣᠯᠤᠨ᠎ᠠ᠂ ᠡᠯ᠎ᠡ ᠮᠤᠵᠢ ᠴᠤ᠌ ᠲᠣᠰ ᠭᠠᠵᠠᠷ᠎ᠤᠨ᠎ᠢᠶᠠᠨ ᠬᠦᠰᠡᠯ ᠡᠷᠡᠮᠡᠯᠵᠡᠯ ᠲᠠᠭ᠍ᠯᠠᠬᠤ ᠦᠶ᠋ᠯᠡᠴᠢᠯᠡᠭᠡᠨ᠎ᠦ ᠮᠡᠳᠡᠭᠡ ᠵᠠᠩᠭᠢ᠎ᠶ᠋ᠢᠨ ᠲᠠᠪᠴᠠᠩ ᠪᠠ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠵᠦ᠍᠂ ᠱᠢᠯᠭᠠᠭᠤᠯᠤᠭ᠍ᠴᠢ᠎ᠳᠤ ᠨᠠᠩ ᠴᠢᠨᠠᠷ ᠰᠠᠢᠲᠠᠶ᠂ ᠨᠠᠩ ᠳᠥᠭᠥᠮ ᠳᠥᠲᠡ᠂ ᠨᠠᠩ ᠪᠥᠬᠥ᠌ ᠲᠠᠯ᠎ᠠ᠎ᠶ᠋ᠢᠨ ᠮᠡᠳᠡᠭᠡ ᠵᠠᠩᠭᠢ᠎ᠶ᠋ᠢᠨ ᠦᠶ᠋ᠯᠡᠴᠢᠯᠡᠭᠡ ᠬᠠᠩᠭᠠᠬᠤ᠎ᠪᠠᠷ ᠴᠢᠷᠮᠠᠢᠨ᠎ᠠ᠃

ᠡᠭᠦᠨ᠎ᠦ ᠬᠠᠮᠲᠤ᠂ ᠰᠤᠷᠭᠠᠨ ᠬᠥᠮᠦᠵᠢᠯ᠎ᠦᠨ ᠶᠠᠮᠤᠨ ᠡᠯ᠎ᠡ ᠭᠠᠵᠠᠷ ᠡᠯ᠎ᠡ ᠶᠡᠬᠡ ᠳᠡᠭᠡᠳᠦ ᠰᠤᠷᠭᠠᠭᠤᠯᠢ᠎ᠶ᠋ᠢ ᠵᠣᠬᠢᠶᠠᠨ ᠪᠠᠢᠭᠤᠯᠵᠤ 《 2025 ᠣᠨ᠎ᠤ ᠪᠥᠬᠥ᠌ ᠤᠯᠤᠰ᠎ᠤᠨ ᠡᠩ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠡᠭᠦᠯᠡᠨ ᠯᠠᠪᠯᠠᠭ᠎ᠠ᠎ᠶ᠋ᠢᠨ ᠭᠠᠷᠠᠭ》ᠤ᠋ᠨ ᠠᠵᠢᠯᠯᠠᠭ᠎ᠠ ᠥᠷᠨᠢᠭᠦᠯᠵᠦ᠍᠂ ᠱᠢᠯᠭᠠᠭᠤᠯᠤᠭ᠍ᠴᠢ ᠪᠠ ᠬᠡᠷ᠎ᠦᠨ ᠠᠬᠠᠮᠠᠳ᠎ᠲᠤ ᠡᠷᠡᠮᠡᠯᠵᠡᠯ ᠲᠠᠭ᠍ᠯᠠᠬᠤ ᠯᠠᠪᠯᠠᠭ᠎ᠠ ᠦᠶ᠋ᠯᠡᠴᠢᠯᠡᠭᠡ ᠬᠠᠩᠭᠠᠨ᠎ᠠ᠃ ᠡᠯ᠎ᠡ ᠭᠠᠵᠠᠷ ᠡᠯ᠎ᠡ ᠶᠡᠬᠡ ᠳᠡᠭᠡᠳᠦ ᠰᠤᠷᠭᠠᠭᠤᠯᠢ ᠪᠠᠰᠠ ᠤᠬᠠᠭᠤᠯᠤᠨ ᠲᠠᠢᠯᠪᠤᠷᠢᠯᠠᠬᠤ ᠬᠤᠷᠠᠯ᠂ ᠯᠠᠪᠯᠠᠭ᠎ᠠ ᠬᠤᠷᠠᠯ᠂ ᠣᠬᠣᠷ ᠸᠢᠳᠢᠣ᠋᠂ ᠰᠦᠯᠵᠢᠶᠡᠨ᠎ᠦ ᠱᠢᠭᠤᠳ ᠨᠡᠪᠲᠡᠷᠡᠭᠦᠯᠭᠡ᠂ ᠲᠧᠯᠸᠢᠰ ᠫᠷᠤᠭ᠌ᠷᠠᠮ ᠵᠡᠷᠭᠡ ᠣᠯᠠᠨ ᠵᠦᠶ᠋ᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ ᠠᠯᠢ ᠣᠯᠠᠨ ᠡᠷᠡᠮᠡᠯᠵᠡᠯ ᠲᠠᠭ᠍ᠯᠠᠨ ᠮᠡᠳᠡᠭᠦᠯᠬᠦ᠌ ᠯᠠᠪᠯᠠᠭ᠎ᠠ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ ᠥᠷᠨᠢᠭᠦᠯᠦᠨ᠎ᠡ᠃

(ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 6 ᠰᠠᠷ᠎ᠠ᠎ᠶ᠋ᠢᠨ 3 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面