ᠲᠡᠷᠢᠭᠦᠨ ᠨᠢᠭᠤᠷ>ᠰᠤᠷᠭᠠᠨ ᠬᠦᠮᠦᠵᠢᠯ >ᠤᠯᠤᠰ᠎ᠤᠨ ᠰᠢᠯᠭᠠᠯᠲᠠ

2026-06-08 10:40:20

ᠵᠣᠬᠢᠶᠠᠭ᠍ᠴᠢ᠄ ​ᠤᠷᠠᠨ᠎ᠠ ᠣᠩᠱᠢᠭ᠍ᠰᠠᠨ ᠣᠳᠠᠭ᠎ᠠ᠄ 3

ᠶᠡᠬᠡ ᠳᠡᠭᠡᠳᠦ ᠰᠤᠷᠭᠠᠭᠤᠯᠢ ᠶ᠋ᠢᠨ ᠤᠯᠤᠰ ᠤ᠋ᠨ ᠨᠢᠭᠡᠳᠦᠯᠲᠡᠢ ᠱᠢᠯᠭᠠᠯᠲᠠ ᠶ᠋ᠢᠨ ᠬᠤᠭᠤᠴᠠᠭᠠᠨ ᠤ᠋ ᠥᠷᠭᠡᠨ ᠣᠯᠠᠨ ᠱᠢᠯᠭᠠᠭᠤᠯᠤᠭ᠍ᠴᠢ ᠶ᠋ᠢᠨ ᠢᠳᠡᠭᠡᠨ ᠤᠮᠳᠠᠭᠠᠨ ᠤ᠋ ᠠᠮᠤᠷ ᠲᠦᠪᠱᠢᠨ ᠪᠠ ᠪᠡᠶ᠎ᠡ ᠮᠠᠬᠠᠪᠣᠳ ᠤ᠋ᠨ ᠡᠷᠡᠭᠦᠯ ᠮᠡᠨᠳᠦ᠍ ᠵᠢ ᠦᠨᠡᠨ ᠬᠦ᠌ ᠪᠠᠲᠤᠯᠠᠵᠤ᠂ ᠱᠢᠯᠭᠠᠯᠲᠠ ᠶ᠋ᠢᠨ ᠬᠤᠭᠤᠴᠠᠭᠠᠨ ᠳ᠋ᠡᠬᠢ ᠢᠳᠡᠭᠡᠨ ᠤ᠋ ᠠᠮᠤᠷ ᠲᠦᠪᠱᠢᠨ ᠤ᠋ ᠰᠡᠷᠭᠡᠢᠯᠡᠯᠲᠡ ᠶ᠋ᠢᠨ ᠱᠤᠭᠤᠮ ᠢ᠋ ᠪᠡᠬᠢᠵᠢᠭᠦᠯᠬᠦ᠌ ᠶ᠋ᠢᠨ ᠲᠥᠯᠥᠭᠡ᠂ ᠤᠢᠷ᠎ᠠ ᠳ᠋ᠤ᠂ ᠬᠥᠬᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠡᠴᠡ ᠢᠳᠡᠭᠡᠨ ᠤ᠋ ᠠᠮᠤᠷ ᠲᠦᠪᠱᠢᠨ ᠬᠢᠭᠡᠳ ᠪᠣᠯᠪᠠᠰᠤᠨ ᠬᠣᠭᠣᠯᠠᠨ ᠱᠢᠷᠡᠭᠡᠨ ᠤ᠋ ᠰᠠᠨᠠᠭᠠᠴᠢᠯᠠᠭ᠎ᠠ ᠶ᠋ᠢᠨ ᠪᠢᠴᠢᠭ ᠢ᠋ ᠨᠡᠢᠲᠡᠯᠡᠵᠦ᠍᠂ ᠨᠡᠢᠭᠡᠮ ᠳᠠᠶᠠᠭᠠᠷ ᠢ᠋ᠶ᠋ᠡᠨ ᠰᠡᠳᠭᠢᠯ ᠨᠢᠭᠡᠳᠴᠤ᠂ ᠦᠷᠭᠡᠨ ᠤᠯᠠᠨ ᠰᠢᠯᠭᠠᠭᠤᠯᠤᠭᠴᠢ ᠎ᠵᠢᠨ ᠱᠢᠯᠭᠠᠯᠲᠠ ᠳ᠋ᠤ ᠤᠷᠤᠭ᠍ᠰᠢᠲᠠᠶ ᠣᠷᠣᠯᠴᠠᠬᠤ᠎ᠳᠤ ᠪᠠᠳᠤᠯᠠᠭ᠎ᠠ ᠬᠠᠡᠭᠭᠠᠬᠤ᠎ᠵᠢ ᠳᠠᠢᠴᠢᠯᠠᠪᠠ᠃

ᠰᠠᠨᠠᠭᠠᠴᠢᠯᠠᠭ᠎ᠠ ᠶ᠋ᠢᠨ ᠪᠢᠴᠢᠭ ᠲᠦ᠍᠂ ᠪᠦᠬᠦ᠌ ᠬᠤᠳᠠ ᠶ᠋ᠢᠨ ᠡᠯ᠎ᠡ ᠢᠳᠡᠭᠡᠨ ᠤᠮᠳᠠᠭᠠᠨ ᠤ᠋ ᠡᠵᠡᠩᠨᠡᠯᠲᠡ ᠶ᠋ᠢᠨ ᠨᠢᠭᠡᠴᠢ ᠶ᠋ᠢᠨ ᠬᠢᠨ ᠢᠳᠡᠭᠡᠨ ᠤ᠋ ᠠᠮᠤᠷ ᠲᠦᠪᠱᠢᠨ ᠤ᠋ ᠭᠣᠣᠯ ᠴᠣᠭ᠍ᠴᠠ ᠶ᠋ᠢᠨ ᠬᠠᠷᠢᠭᠤᠴᠠᠯᠭ᠎ᠠ ᠵᠢ ᠴᠢᠩᠭ᠎ᠠ ᠨᠠᠢᠳᠠᠪᠤᠷᠢᠵᠢᠭᠤᠯᠤᠨ᠂ ᠡᠵᠡᠩᠨᠡᠯᠲᠡ ᠶ᠋ᠢᠨ ᠬᠣᠷᠢᠭ᠎ᠠ ᠱᠤᠭᠤᠮ ᠢ᠋ ᠴᠢᠩᠭ᠎ᠠ ᠰᠠᠬᠢᠵᠤ᠂ ᠢᠳᠡᠭᠡᠨ ᠤ᠋ ᠮᠠᠲᠧᠷᠢᠶᠠᠯ ᠬᠤᠳᠠᠯᠳᠤᠨ ᠠᠪᠬᠤ ᠳ᠋ᠤ ᠪᠠᠢᠴᠠᠭᠠᠨ ᠱᠢᠯᠭᠠᠬᠤ᠂ ᠤᠬᠢᠶᠠᠵᠤ ᠠᠷᠢᠭᠤᠳᠭᠠᠬᠤ᠂ ᠢᠳᠡᠭᠡᠨ ᠤ᠋ ᠶᠠᠩᠵᠤ ᠦᠯᠡᠳᠡᠭᠡᠬᠦ᠌ ᠵᠡᠷᠭᠡ ᠠᠵᠢᠯ ᠤ᠋ᠨ ᠶᠠᠪᠤᠴᠠ ᠵᠢ ᠪᠥᠬᠥ᠌ ᠲᠠᠯ᠎ᠠ ᠪᠡᠷ ᠵᠢᠷᠤᠮᠵᠢᠭᠤᠯᠤᠨ᠂ ᠬᠦᠶ᠋ᠲᠡᠨ ᠵᠠᠭᠤᠰᠢ᠂ ᠱᠢᠭᠦᠰᠦᠯᠡᠭ᠌ᠰᠡᠨ ᠢᠳᠡᠭᠡᠨ ᠵᠡᠷᠭᠡ ᠲᠦᠭ᠌ᠰᠢᠭᠦᠷᠢ ᠶᠡᠬᠡᠲᠡᠶ ᠵᠦᠶ᠋ᠯ ᠢ᠋ ᠪᠣᠯᠪᠠᠰᠤᠷᠠᠭᠤᠯᠬᠤ ᠵᠢ ᠴᠢᠩᠭ᠎ᠠ ᠬᠢᠵᠠᠭᠠᠷᠯᠠᠵᠤ᠂ ᠠᠵᠢᠯᠯᠠᠵᠤ ᠪᠠᠢᠭ᠎ᠠ ᠬᠥᠮᠦᠰ ᠤ᠋ᠨ ᠡᠷᠡᠭᠦᠯ ᠮᠡᠨᠳᠦ᠍ ᠶ᠋ᠢᠨ ᠬᠠᠮᠢᠶᠠᠷᠤᠯᠲᠠ ᠶ᠋ᠢᠨ ᠲᠦᠷᠢᠮ ᠢ᠋ ᠴᠢᠩᠭ᠎ᠠ ᠬᠡᠷᠡᠭ᠌ᠵᠢᠭᠦᠯᠵᠦ᠍᠂ ᠱᠢᠯᠭᠠᠭᠤᠯᠤᠭ᠍ᠴᠢ ᠳ᠋ᠤ ᠠᠮᠤᠷ ᠲᠦᠪᠱᠢᠨ᠂ ᠠᠷᠢᠭᠤᠨ ᠴᠡᠪᠡᠷ᠂ ᠱᠢᠮ᠎ᠡ ᠲᠡᠵᠢᠭᠡᠯ ᠲᠠᠢ ᠢᠳᠡᠭᠡᠨ ᠤᠮᠳᠠᠭᠠᠨ ᠤ᠋ ᠦᠶ᠋ᠯᠡᠴᠢᠯᠡᠭᠡ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ ᠥᠷᠭᠡᠨ ᠣᠯᠠᠨ ᠱᠢᠯᠭᠠᠭᠤᠯᠤᠭ᠍ᠴᠢ ᠪᠠ ᠬᠡᠷ ᠤ᠋ᠨ ᠠᠬᠠᠮᠠᠳ ᠲᠦ᠍ ᠴᠢᠭ᠌ᠯᠡᠭᠦᠯᠦᠨ᠂ ᠱᠢᠯᠭᠠᠯᠲᠠ ᠶ᠋ᠢᠨ ᠬᠤᠭᠤᠴᠠᠭᠠᠨ ᠳ᠋ᠤ ᠡᠳᠦᠷ ᠲᠤᠲᠤᠮ ᠤ᠋ᠨ ᠢᠳᠡᠭᠡᠨ ᠤᠮᠳᠠᠭᠠᠨ ᠤ᠋ ᠳᠠᠳᠭᠠᠯ ᠢ᠋ᠶ᠋ᠡᠨ ᠪᠠᠷᠢᠮᠲᠠᠯᠠᠵᠤ᠂ ᠢᠳᠡᠭᠡᠨ ᠤᠮᠳᠠᠭᠠᠨ ᠤ᠋ ᠳᠡᠯᠭᠡᠭᠦᠷ ᠢ᠋ ᠣᠶᠤᠨᠴᠢ ᠪᠡᠷ ᠰᠣᠩᠭᠣᠨ ᠬᠣᠭᠣᠯᠠᠯᠠᠵᠤ᠂ ᠱᠢᠨ᠎ᠡ ᠰᠤᠨᠢᠨ ᠢᠳᠡᠭᠡᠨ ᠤ᠋ ᠮᠠᠲ᠋ᠧᠷᠢᠶᠠᠯ᠂ ᠱᠢᠮ᠎ᠡ ᠲᠡᠵᠢᠭᠡᠯ ᠨᠥᠬᠥᠪᠥᠷᠢᠯᠡᠬᠦ᠌ ᠡᠷᠡᠭᠦᠯᠵᠢᠯ ᠤ᠋ᠨ ᠡᠳ᠋ ᠵᠢᠴᠢ ᠲᠦᠭᠦᠬᠡᠶ ᠬᠦᠶ᠋ᠲᠡᠨ ᠢᠳᠡᠭᠡᠨ ᠢ᠋ ᠳᠤᠷ᠎ᠠ ᠪᠠᠷ ᠢᠳᠡᠬᠦ ᠵᠢ ᠪᠤᠯᠭᠤᠮᠵᠢᠯᠠᠵᠤ᠂ ᠬᠡᠲᠦᠷᠡᠲᠡᠯ᠎ᠡ ᠢᠳᠡᠵᠦ᠍ ᠤᠤᠭᠤᠬᠤ ᠡᠴᠡ ᠵᠠᠢᠯᠠᠰᠭᠢᠵᠦ᠍᠂ ᠢᠳᠡᠭᠡᠨ ᠤ᠋ ᠠᠮᠤᠷ ᠲᠦᠪᠱᠢᠨ ᠤ᠋ ᠠᠶᠤᠯ ᠲᠦᠭ᠌ᠰᠢᠭᠦᠷᠢ ᠵᠢ ᠪᠦᠲᠦᠮᠵᠢᠲᠡᠶ ᠪᠠᠭᠤᠷᠠᠭᠤᠯᠵᠤ᠂ ᠰᠠᠢᠨ ᠰᠠᠢᠬᠠᠨ ᠪᠡᠶ᠎ᠡ ᠰᠡᠳᠭᠢᠯ ᠤ᠋ᠨ ᠪᠠᠢᠳᠠᠯ ᠢ᠋ᠶ᠋ᠡᠷ ᠱᠢᠯᠭᠠᠯᠲᠠ ᠳ᠋ᠤ ᠤᠷᠤᠯᠴᠠᠬᠤ ᠵᠢ ᠰᠠᠨᠠᠭᠠᠴᠢᠯᠠᠪᠠ᠃ ᠡᠭᠦᠨ ᠤ᠋ ᠬᠠᠮᠲᠤ᠂ ᠬᠣᠭᠣᠯᠠᠨ ᠱᠢᠷᠡᠭᠡᠨ ᠤ᠋ ᠪᠣᠯᠪᠠᠰᠤᠨ ᠬᠡᠪ ᠰᠤᠷᠲᠠᠯ ᠢ᠋ ᠰᠤᠷᠳᠠᠯᠴᠢᠯᠠᠵᠤ᠂ ᠬᠣᠲᠠ ᠶ᠋ᠢᠨ ᠠᠷᠠᠳ ᠢ᠋ 《ᠠᠷᠪᠢᠳᠠᠢ ᠬᠤᠭᠤᠯᠠᠯᠠᠬᠤ ᠠᠵᠢᠯᠯᠠᠭ᠎ᠠ》 ᠵᠢ ᠤᠬᠠᠮᠰᠠᠷ ᠡᠴᠡ ᠪᠠᠨ ᠦᠶ᠋ᠯᠡᠳᠦᠯᠭᠡᠵᠢᠭᠦᠯᠵᠦ᠍᠂ ᠬᠡᠷᠡᠭ᠌ᠴᠡᠭᠡ ᠶᠣᠰᠣᠭᠠᠷ ᠬᠣᠭᠣᠯᠠ ᠵᠠᠬᠢᠶᠠᠯᠠᠨ᠂ ᠦᠯᠡᠳᠡᠭ᠌ᠰᠡᠨ ᠬᠤᠭᠤᠯᠠ ᠵᠢ ᠰᠠᠪᠠᠯᠠᠵᠤ᠂ ᠢᠳᠡᠭᠡᠨ ᠤᠮᠳᠠᠭᠠᠨ ᠢ᠋ ᠪᠦᠷᠢᠯᠭᠡᠨ ᠰᠦᠶ᠋ᠳᠭᠡᠬᠦ᠌ ᠵᠢ ᠡᠷᠡᠰ ᠬᠣᠷᠢᠭ᠍ᠯᠠᠬᠤ ᠬᠡᠷᠡᠭ᠌ᠲᠡᠶ; ᠦᠷᠭᠡᠨ ᠤᠯᠠᠨ ᠰᠢᠯᠭᠠᠭᠤᠯᠤᠭᠴᠢ᠎ᠵᠢᠨ ᠭᠡᠷ ᠪᠦᠯᠢ ᠶ᠋ᠢᠨ ᠬᠠᠮᠲᠤ ᠶ᠋ᠢᠨ ᠬᠣᠭᠣᠯᠠ ᠵᠡᠷᠭᠡ ᠳ᠋ᠤ ᠣᠶᠤᠨᠴᠢ ᠪᠡᠷ ᠬᠡᠷᠡᠭ᠌ᠯᠡᠭᠡ ᠬᠢᠵᠦ᠂ ᠠᠷᠪᠢᠳᠠᠢ ᠬᠣᠭᠣᠯᠠᠯᠠᠬᠤ ᠵᠢ ᠪᠠᠷᠢᠮᠲᠠᠯᠠᠬᠤ ᠬᠡᠷᠡᠭᠲᠡᠢ; ᠡᠯ᠎ᠡ ᠢᠳᠡᠭᠡᠨ ᠤᠮᠳᠠᠭᠠᠨ ᠤ᠋ ᠬᠤᠳᠠᠯᠳᠤᠭᠠᠴᠢᠨ ᠰᠠᠨᠠᠭᠠᠴᠢᠯᠠᠭ᠎ᠠ ᠡᠴᠡ ᠪᠠᠨ ᠪᠠᠭ᠎ᠠ ᠬᠡᠮᠵᠢᠶᠡᠨ ᠤ᠋ ᠨᠣᠭᠣᠭ᠎ᠠ ᠵᠠᠭᠤᠰᠢ᠂ ᠬᠠᠭᠠᠰ ᠬᠡᠮᠵᠢᠶᠡᠨ ᠤ᠋ ᠨᠣᠭᠣᠭ᠎ᠠ ᠵᠠᠭᠤᠰᠢ ᠬᠠᠩᠭᠠᠵᠤ᠂ ᠠᠷᠪᠢᠳᠠᠢ ᠬᠤᠭᠤᠯᠠᠯᠠᠬᠤ ᠵᠢ ᠰᠠᠨᠠᠭᠤᠯᠵᠤ᠂ ᠠᠷᠪᠢᠯᠠᠨ ᠭᠠᠮᠨᠠᠬᠤ ᠰᠠᠢᠨ ᠰᠠᠢᠬᠠᠨ ᠠᠭᠤᠷ ᠠᠮᠢᠰᠭᠤᠯ ᠢ᠋ ᠪᠣᠶ ᠪᠣᠯᠭᠠᠬᠤ ᠬᠡᠷᠡᠭᠲᠡᠢ ᠭᠡᠵᠦ ᠤᠷᠢᠶᠠᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面