2026-06-08 14:59:03
ᠰᠤᠷᠪᠤᠯᠵᠢᠯᠠᠭ᠍ᠴᠢ 6 ᠰᠠᠷ᠎ᠠ᠎ᠶᠢᠨ 3᠎ᠤ᠋ ᠡᠳᠦᠷ ᠰᠤᠷᠭᠠᠨ ᠬᠥᠮᠦᠵᠢᠯ᠎ᠦᠨ ᠶᠠᠮᠤᠨ᠎ᠡᠴᠡ ᠣᠢᠯᠠᠭᠠᠭᠰᠠᠨ ᠵᠢᠨᠷ᠂ 2026 ᠣᠨ᠎ᠤ ᠤᠯᠤᠰ᠎ᠤᠨ ᠨᠢᠭᠡᠳᠦᠯᠲᠡᠢ ᠰᠢᠯᠭᠠᠯᠲᠠ᠎ᠳᠤ 1290 ᠲᠦᠮᠡᠨ ᠬᠥᠮᠥᠨ ᠨᠡᠷ᠎ᠡ ᠮᠡᠳᠡᠬᠦᠯᠵᠠᠢ᠃ ᠰᠤᠷᠭᠠᠨ ᠬᠥᠮᠦᠵᠢᠯ᠎ᠦᠨ ᠶᠠᠮᠤᠨ ᠤᠯᠤᠰ᠎ᠤᠨ ᠰᠤᠷᠭᠠᠨ ᠬᠥᠮᠦᠵᠢᠯ᠎ᠦᠨ ᠨᠢᠭᠡᠳᠦᠯᠲᠡᠢ ᠰᠢᠯᠭᠠᠯᠲᠠ᠎ᠶᠢᠨ ᠠᠵᠢᠯ᠎ᠤᠨ ᠶᠠᠮᠤᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠪᠦᠷᠢᠯᠳᠦᠭᠦᠨ ᠨᠢᠭᠡᠴᠢ᠎ᠲᠠᠢ ᠬᠠᠮᠲᠤᠷᠠᠨ᠂ ᠡᠯ᠎ᠡ ᠭᠠᠵᠠᠷ᠎ᠤᠨ ᠬᠢᠨ᠎ᠦ ᠰᠢᠯᠭᠠᠯᠲᠠ᠎ᠶᠢ ᠵᠣᠬᠢᠶᠠᠨ ᠪᠠᠶ᠋ᠢᠭᠤᠯᠬᠤ ᠪᠠ ᠰᠢᠯᠭᠠᠭᠤᠯᠤᠭ᠍ᠴᠢ᠎ᠳᠤ ᠦᠢᠯᠡᠴᠢᠯᠡᠬᠦ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠎ᠶᠢ ᠵᠢᠭᠠᠨ ᠵᠢᠯᠤᠭᠣᠳᠴᠤ᠂ 《ᠠᠮᠤᠷ ᠲᠦᠪᠰᠢᠨ ᠤᠯᠤᠰ᠎ᠤᠨ ᠨᠢᠭᠡᠳᠦᠯᠳᠡᠢ ᠰᠢᠯᠭᠠᠯᠳᠠ》᠎ᠶ᠋ᠢ ᠪᠥᠬᠥ ᠬᠦᠴᠦᠨ᠎ᠢᠶᠡᠷ᠎ᠢᠶᠡᠨ ᠪᠡᠶᠡᠯᠡᠭᠦᠯᠬᠦ ᠪᠤᠯᠤᠨ᠎ᠠ᠃
ᠣᠢᠯᠠᠭᠠᠭᠰᠠᠨ᠎ᠢᠶᠠᠷ᠂ ᠰᠤᠷᠭᠠᠨ ᠬᠥᠮᠦᠵᠢᠯ᠎ᠦᠨ ᠶᠠᠮᠤᠨ ᠠ᠋ᠴᠠ ᠡᠯ᠎ᠡ ᠭᠠᠵᠠᠷ ᠢ᠋ ᠵᠢᠯᠣᠭᠣᠳᠤᠨ ᠰᠦᠯᠵᠢᠶᠡᠨ᠎ᠦ ᠠᠮᠤᠷ ᠲᠦᠪᠱᠢᠨ ᠪᠠ ᠮᠡᠳᠡᠭᠡ ᠵᠠᠩᠭᠢᠵᠢᠯᠲᠠ᠂ ᠳᠣᠲᠣᠭᠠᠳᠤ ᠶ᠋ᠢ ᠬᠠᠮᠠᠭᠠᠯᠠᠬᠤ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠰᠢᠯᠭᠠᠯᠲᠠ᠎ᠳᠤ ᠬᠣᠯᠪᠣᠭᠳᠠᠬᠤ ᠰᠦᠯᠵᠢᠶᠡᠨ᠎ᠦ ᠣᠷᠴᠢᠨ ᠨᠥᠬᠥᠴᠡᠯ ᠢ᠋ ᠴᠡᠪᠡᠷᠰᠢᠭᠦᠯᠬᠦ᠂ ᠰᠢᠯᠭᠠᠯᠲᠠ ᠶ᠋ᠢᠨ ᠴᠡᠭ᠎ᠦᠨ ᠡᠷᠭᠢᠨ ᠲᠣᠭᠣᠷᠢᠨ᠎ᠤ ᠣᠷᠴᠢᠨ ᠨᠥᠬᠥᠴᠡᠯ ᠢ᠋ ᠴᠡᠪᠡᠷᠰᠢᠭᠦᠯᠬᠦ᠂ ᠬᠡᠮ ᠬᠢᠬᠦ ᠪᠠᠭᠠᠵᠢ ᠬᠡᠷᠡᠭᠰᠡᠯ ᠪᠣᠷᠣᠯᠠᠭᠤᠯᠬᠤ᠎ᠳᠤ ᠴᠣᠬᠢᠯᠲᠠ ᠥᠭᠬᠦ᠂ ᠣᠷᠣᠯᠠᠨ ᠰᠢᠯᠭᠠᠵᠦ ᠬᠡᠮ ᠬᠢᠬᠦ ᠠᠵᠢᠯᠯᠠᠭ᠎ᠠ᠎ᠳᠤ ᠴᠣᠬᠢᠯᠲᠠ ᠥᠭᠬᠦ᠂ ᠰᠢᠯᠭᠠᠯᠲᠠ᠎ᠳᠤ ᠬᠣᠯᠪᠣᠭᠳᠠᠬᠤ ᠪᠣᠯᠪᠠᠰᠤᠷᠠᠯ᠎ᠤᠨ ᠪᠠᠢᠭᠤᠯᠤᠮᠵᠢ ᠶ᠋ᠢ ᠵᠠᠰᠠᠬᠤ ᠵᠡᠷᠭᠡ ᠲᠤᠰᠬᠠᠢ ᠠᠵᠢᠯᠯᠠᠭ᠎ᠠ ᠶ᠋ᠢ ᠬᠠᠮᠲᠤᠷᠠᠨ ᠥᠷᠨᠢᠭᠦᠯᠵᠦ᠂ ᠰᠢᠯᠭᠠᠯᠲᠠ᠎ᠳᠤ ᠬᠣᠯᠪᠣᠭᠳᠠᠬᠤ ᠡᠯ᠎ᠡ ᠲᠥᠷᠥᠯ᠎ᠦᠨ ᠬᠠᠤᠯᠢ ᠠ᠋ᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠰᠢᠯᠭᠠᠯᠲᠠ ᠶ᠋ᠢᠨ ᠡᠶ᠎ᠡ ᠵᠣᠬᠢᠴᠠᠯ ᠲᠠᠢ ᠡᠷᠡᠭᠦᠯ ᠰᠠᠷᠠᠭᠤᠯ ᠣᠷᠴᠢᠨ ᠨᠥᠬᠥᠴᠡᠯ ᠢ᠋ ᠢᠳᠡᠪᠬᠢᠲᠡᠢ᠎ᠪᠡᠷ ᠪᠤᠶ ᠪᠣᠯᠭᠠᠨ᠎ᠠ᠃
ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠷᠭ᠎ᠠ ᠪᠠᠷᠢᠯ ᠵᠢᠨᠷ ᠬᠡᠮ ᠬᠢᠬᠦ᠎ᠶᠢ ᠰᠡᠷᠭᠡᠢᠯᠡᠬᠦ ᠪᠠ ᠴᠣᠬᠢᠯᠲᠠ ᠥᠭᠬᠦ ᠲᠠᠯ᠎ᠠ᠎ᠪᠠᠷ᠂ ᠡᠯ᠎ᠡ ᠭᠠᠵᠠᠷ᠎ᠤᠨ ᠰᠢᠯᠭᠠᠭᠤᠯᠤᠭ᠍ᠴᠢ᠎ᠶᠢᠨ ᠦᠨᠡᠨᠴᠢ ᠢᠲᠡᠭᠡᠮᠵᠢᠲᠡᠢ ᠰᠢᠯᠭᠠᠯᠲᠠ᠎ᠶᠢᠨ ᠬᠥᠮᠦᠵᠢᠯ᠎ᠢ ᠭᠦᠨᠵᠡᠭᠡᠢᠷᠡᠭᠦᠯᠬᠦ᠎ᠶᠢ ᠵᠢᠭᠠᠨ ᠵᠢᠯᠤᠭᠣᠳᠴᠤ᠂ ᠬᠥᠮᠥᠨ᠎ᠦ ᠰᠡᠷᠭᠡᠢᠯᠡᠯᠲᠡ᠂ ᠪᠣᠳᠠᠰ᠎ᠤᠨ ᠰᠡᠷᠭᠡᠢᠯᠡᠯᠲᠡ᠂ ᠮᠡᠷᠭᠡᠵᠢᠯ᠎ᠦᠨ ᠰᠡᠷᠭᠡᠢᠯᠡᠯᠲᠡ ᠵᠡᠷᠭᠡ ᠠᠷᠭ᠎ᠠ ᠬᠡᠮᠵᠢᠶ᠎ᠡ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠮᠵᠢᠶᠠᠵᠢᠭ᠍ᠰᠠᠨ ᠰᠢᠯᠭᠠᠯᠲᠠ᠎ᠶᠢᠨ ᠴᠡᠭ᠎ᠦᠨ ᠪᠠᠢᠭᠤᠯᠤᠯᠲᠠ᠎ᠶᠢ ᠴᠢᠩᠭᠠᠳᠬᠠᠨ᠂ 《ᠣᠶᠤᠨᠴᠢ ᠠᠮᠤᠷ ᠲᠦᠪᠰᠢᠨ᠎ᠦ ᠪᠠᠢᠴᠠᠭᠠᠯᠲᠠ᠎ᠶᠢᠨ ᠡᠭᠦᠳᠡ》 ᠶ᠋ᠢ ᠲᠠᠰ ᠳᠡᠪᠰᠢᠭᠦᠯᠵᠦ᠂ ᠭᠠᠷ ᠤᠲᠠᠰᠤ᠂ ᠣᠶᠤᠨᠴᠢ ᠨᠢᠳᠦᠨ ᠰᠢᠯ ᠵᠡᠷᠭᠡ ᠲᠣᠭᠲᠠᠭᠠᠯ ᠠ᠋ᠴᠠ ᠵᠥᠷᠢᠴᠡᠭᠰᠡᠨ ᠡᠳ᠋ ᠪᠣᠳᠠᠰ᠎ᠢ ᠪᠠᠢᠴᠠᠭᠠᠵᠤ ᠭᠠᠷᠭᠠᠬᠤ ᠨᠣᠷᠮ᠎ᠠ᠎ᠶᠢ ᠳᠡᠭᠡᠭᠰᠢᠯᠡᠭᠦᠯᠦᠨ᠂ ᠲᠠᠯᠠᠪᠤᠷ᠎ᠲᠤ ᠣᠷᠣᠬᠤ ᠠᠮᠤᠷ ᠲᠦᠪᠰᠢᠨ᠎ᠦ ᠪᠠᠢᠴᠠᠭᠠᠯᠲᠠ᠎ᠶᠢᠨ ᠵᠢᠷᠤᠮᠵᠢᠯ᠎ᠢ ᠴᠢᠩᠳᠠᠯᠠᠵᠤ᠂ ᠰᠢᠯᠭᠠᠯᠲᠠ᠎ᠶᠢᠨ ᠲᠠᠯᠠᠪᠤᠷ᠎ᠤᠨ ᠬᠢᠨᠠᠨ ᠰᠢᠯᠭᠠᠬᠤ ᠲᠣᠭᠣᠷᠢᠨ ᠰᠢᠯᠭᠠᠯᠲᠠ᠎ᠶᠢ ᠴᠢᠩᠭᠠᠳᠬᠠᠨ᠂ ᠣᠶᠤᠨᠴᠢ ᠲᠣᠭᠣᠷᠢᠨ ᠪᠠᠢᠴᠠᠭᠠᠬᠤ ᠬᠢᠨᠠᠨ ᠰᠢᠯᠭᠠᠬᠤ᠎ᠶᠢ ᠢᠳᠡᠪᠬᠢᠲᠡᠢ ᠠᠬᠢᠭᠤᠯᠵᠤ᠂ ᠰᠢᠯᠭᠠᠯᠲᠠ᠎ᠶᠢᠨ ᠠᠮᠤᠷ ᠲᠦᠪᠰᠢᠨ᠎ᠦ ᠬᠠᠮᠠᠭᠠᠯᠠᠯᠲᠠ᠎ᠶᠢᠨ ᠲᠣᠣᠷ᠎ᠢ ᠪᠠᠲᠤ ᠪᠡᠬᠢ ᠪᠥᠭᠡᠳ ᠨᠢᠭ᠍ᠲᠠ ᠰᠦᠯᠵᠢᠨ᠎ᠡ᠃
ᠣᠢᠯᠠᠭᠠᠭᠰᠠᠨ᠎ᠢᠶᠠᠷ᠂ ᠰᠤᠷᠭᠠᠨ ᠬᠥᠮᠦᠵᠢᠯ᠎ᠦᠨ ᠶᠠᠮᠤᠨ ᠰᠣᠷᠣᠭ᠍ᠴᠢ ᠡᠯᠰᠡᠬᠦ ᠤᠬᠠᠭᠤᠯᠭ᠎ᠠ᠎ᠶᠢᠨ ᠰᠠᠬᠢᠯᠭ᠎ᠠ ᠪᠠᠲᠤ᠎ᠶᠢ ᠴᠢᠩᠳᠠᠯᠠᠵᠤ᠂ ᠡᠯ᠎ᠡ ᠭᠠᠵᠠᠷ ᠡᠯ᠎ᠡ ᠰᠤᠷᠭᠠᠭᠤᠯᠢ᠎ᠶᠢᠨ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠤᠬᠠᠭᠤᠯᠭ᠎ᠠ᠎ᠶᠢᠨ ᠠᠵᠢᠯ᠎ᠤᠨ ᠰᠠᠬᠢᠯᠭ᠎ᠠ ᠪᠠᠲᠤ᠎ᠶᠢᠨ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠬᠤ᠎ᠶᠢ ᠵᠢᠭᠠᠨ ᠵᠢᠯᠤᠭᠣᠳᠴᠤ᠂ ᠬᠤᠳᠠᠯ ᠬᠠᠭᠤᠷᠮᠠᠭ᠎ᠢᠶᠠᠷ ᠤᠬᠠᠭᠤᠯᠬᠤ᠂ ᠲᠣᠭᠲᠠᠭᠠᠯ ᠠ᠋ᠴᠠ ᠵᠥᠷᠢᠴᠡᠭᠰᠡᠨ ᠠᠮᠠᠯᠠᠯᠲᠠ ᠬᠢᠬᠦ᠎ᠶᠢ ᠴᠢᠩᠭ᠎ᠠ ᠴᠠᠭᠠᠵᠠᠯᠠᠵᠤ᠂ ᠶᠠᠮᠠᠷᠪᠠ ᠬᠡᠯᠪᠡᠷᠢ᠎ᠪᠡᠷ 《ᠤᠯᠤᠰ᠎ᠤᠨ ᠨᠢᠭᠡᠳᠦᠯᠳᠡᠢ ᠰᠢᠯᠭᠠᠯᠲᠠ᠎ᠶᠢᠨ ᠮᠠᠩᠯᠠᠢ》᠂ 《ᠥᠨᠳᠥᠷ ᠬᠤᠪᠢ ᠣᠯᠣᠭᠰᠠᠨ ᠰᠢᠯᠭᠠᠭᠤᠯᠤᠭ᠍ᠴᠢ》᠂ 《ᠰᠤᠷᠭᠠᠭᠤᠯᠢ ᠳᠡᠪᠰᠢᠭᠰᠡᠨ ᠨᠣᠷᠮ᠎ᠠ》 ᠶ᠋ᠢ ᠰᠤᠷᠲᠠᠯᠴᠢᠯᠠᠬᠤ᠎ᠶᠢ ᠴᠢᠩᠭ᠎ᠠ ᠴᠠᠭᠠᠵᠠᠯᠠᠨ᠎ᠠ᠃ ᠲᠣᠭᠲᠠᠭᠠᠯ ᠠ᠋ᠴᠠ ᠵᠥᠷᠢᠴᠡᠨ ᠰᠣᠷᠣᠭ᠍ᠴᠢ ᠡᠯᠰᠡᠬᠦ ᠦᠶ᠋ᠯᠡ ᠠᠵᠢᠯᠯᠠᠭ᠎ᠠ᠎ᠶᠢ ᠵᠠᠰᠠᠵᠤ᠂ ᠡᠯ᠎ᠡ ᠭᠠᠵᠠᠷ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠢᠯᠭᠠᠯᠲᠠ᠎ᠳᠤ ᠬᠣᠯᠪᠣᠭᠳᠠᠬᠤ ᠪᠠ ᠰᠣᠷᠣᠭ᠍ᠴᠢ ᠡᠯᠰᠡᠬᠦ᠎ᠳᠦ ᠬᠣᠯᠪᠣᠭᠳᠠᠬᠤ ᠪᠣᠯᠪᠠᠰᠤᠷᠠᠯ᠎ᠤᠨ ᠪᠠᠢᠭᠤᠯᠤᠮᠵᠢ᠎ᠶᠢᠨ ᠵᠠᠰᠠᠯᠲᠠ᠎ᠶᠢ ᠴᠢᠩᠭᠠᠳᠬᠠᠵᠤ᠂ ᠬᠤᠳᠠᠯ ᠬᠠᠭᠤᠷᠮᠠᠭ᠎ᠢᠶᠠᠷ ᠤᠬᠠᠭᠤᠯᠬᠤ᠂ ᠥᠨᠳᠥᠷ ᠦᠨ᠎ᠡ᠎ᠪᠡᠷ ᠰᠦᠢᠳᠬᠡᠯ ᠬᠤᠷᠢᠶᠠᠬᠤ᠂ ᠵᠣᠬᠢᠶᠠᠨ ᠪᠠᠢᠭᠤᠯᠤᠯᠲᠠ ᠲᠠᠢ ᠮᠡᠬᠡᠯᠡᠬᠦ ᠪᠤᠶᠤ ᠬᠡᠮ ᠬᠢᠬᠦ᠂ ᠰᠢᠯᠭᠠᠯᠳᠠ ᠪᠡᠷ ᠰᠣᠷᠣᠭ᠍ᠴᠢ ᠡᠯᠰᠡᠬᠦ ᠡᠮᠬᠢ ᠵᠢᠷᠤᠮ᠎ᠢ ᠰᠠᠮᠠᠭᠤᠷᠠᠭᠤᠯᠬᠤ ᠵᠡᠷᠭᠡ ᠬᠠᠤᠯᠢ ᠲᠣᠭᠲᠠᠭᠠᠯ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠂ ᠰᠢᠯᠭᠠᠭᠤᠯᠤᠭ᠍ᠴᠢ ᠪᠠ ᠭᠡᠷ᠎ᠦᠨ ᠠᠬᠠᠮᠠᠳ᠎ᠤᠨ ᠬᠠᠤᠯᠢ ᠶᠣᠰᠣᠨ᠎ᠤ ᠡᠷᠬᠡ ᠠᠰᠢᠭ᠋᠎ᠢ ᠦᠨᠡᠨᠬᠦ ᠬᠠᠮᠠᠭᠠᠯᠠᠨ᠎ᠠ ᠃
ᠡᠭᠦᠨ᠎ᠦ ᠵᠡᠷᠭᠡ᠎ᠳᠦ᠂ ᠰᠤᠷᠭᠠᠨ ᠬᠥᠮᠦᠵᠢᠯ᠎ᠦᠨ ᠶᠠᠮᠤᠨ ᠪᠠᠰᠠ ᠡᠯ᠎ᠡ ᠭᠠᠵᠠᠷ᠎ᠤᠨ ᠬᠢᠨ ᠢ᠋ ᠵᠢᠭᠠᠨ ᠵᠢᠯᠤᠭᠣᠳᠴᠤ ᠪᠠᠢᠭᠠᠳ ᠰᠢᠯᠭᠠᠭᠤᠯᠤᠭ᠍ᠴᠢ ᠶ᠋ᠢᠨ ᠦᠢᠯᠡᠴᠢᠯᠡᠭᠡ ᠪᠠᠲᠤᠯᠠᠭ᠎ᠠ ᠶ᠋ᠢ ᠲᠣᠪᠣᠢᠮ᠎ᠠ ᠴᠢᠬᠤᠯᠠ ᠪᠠᠢᠷᠢᠨ᠎ᠳᠤ ᠲᠠᠯᠪᠢᠵᠤ᠂ ᠬᠠᠷᠠᠭ᠎ᠠ ᠠᠯᠳᠠᠬᠰᠠᠨ ᠰᠢᠯᠭᠠᠭᠤᠯᠤᠭ᠍ᠴᠢ᠎ᠳᠤ ᠲᠤᠰᠬᠠᠢᠯᠠᠨ ᠬᠠᠷᠠᠭ᠎ᠠ ᠠᠯᠳᠠᠬᠰᠠᠨ ᠬᠥᠮᠥᠨ᠎ᠦ ᠪᠢᠴᠢᠭ᠎ᠦᠨ ᠰᠢᠯᠭᠠᠯᠲᠠ ᠶ᠋ᠢᠨ ᠬᠠᠭᠤᠳᠠᠰᠤ ᠵᠣᠬᠢᠶᠠᠵᠤ᠂ 1.4 ᠲᠦᠮᠡ ᠭᠠᠷᠤᠢ ᠵᠡᠮᠳᠡᠭ ᠰᠢᠯᠭᠠᠭᠤᠯᠤᠭ᠍ᠴᠢ ᠶ᠋ᠢᠨ ᠰᠢᠯᠭᠠᠯᠲᠠ᠎ᠳᠤ ᠣᠷᠣᠯᠴᠠᠬᠤ᠎ᠳᠤ ᠵᠦᠢ ᠵᠣᠬᠢᠰᠲᠠᠢ ᠳᠥᠭᠥᠮ ᠦᠵᠡᠭᠦᠯᠬᠦ ᠪᠣᠯᠣᠨ᠎ᠠ᠃ 《ᠤᠯᠤᠰ᠎ᠤᠨ ᠨᠢᠭᠡᠳᠦᠯᠳᠡᠢ ᠰᠢᠯᠭᠠᠯᠲᠠ᠎ᠶᠢᠨ ᠠᠶᠠᠯᠠᠯ ᠬᠠᠮᠠᠭᠠᠯᠠᠬᠤ》 ᠠᠵᠢᠯᠯᠠᠭ᠎ᠠ᠎ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠢᠯᠭᠠᠭᠤᠯᠤᠭ᠍ᠴᠢ᠎ᠶᠢᠨ ᠶᠠᠪᠤᠵᠤ ᠰᠠᠭᠤᠬᠤ᠂ ᠢᠳᠡᠵᠦ ᠤᠤᠭᠤᠵᠤ ᠬᠣᠨᠣᠵᠤ ᠬᠡᠪᠲᠡᠬᠦ᠂ ᠡᠷᠡᠭᠦᠯ ᠬᠠᠮᠠᠭᠠᠯᠠᠯ᠂ ᠲᠠᠭᠤ ᠱᠤᠤᠬᠢᠶᠠᠨ᠎ᠢ ᠵᠠᠰᠠᠬᠤ᠂ ᠰᠡᠳᠬᠢᠴᠡ᠎ᠶᠢᠨ ᠲᠠᠯ᠎ᠠ᠎ᠪᠠᠷ ᠬᠠᠪᠰᠤᠷᠤᠨ ᠵᠢᠯᠤᠭᠣᠳᠬᠤ ᠵᠡᠷᠭᠡ ᠲᠠᠯ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢ ᠨᠠᠷᠢᠨ ᠨᠢᠮᠪᠠᠢ ᠰᠠᠢᠲᠤᠷ ᠬᠢᠵᠦ᠂ ᠠᠮᠤᠷ ᠲᠦᠪᠰᠢᠨ᠂ ᠲᠠᠭᠠᠯᠠᠮᠵᠢᠲᠠᠢ᠂ ᠰᠡᠳᠬᠢᠯ᠎ᠳᠦ ᠳᠤᠯᠠᠭᠠᠨ ᠰᠢᠯᠭᠠᠯᠲᠠ᠎ᠶᠢᠨ ᠣᠷᠴᠢᠨ ᠲᠣᠭᠣᠷᠢᠨ᠎ᠢ ᠢᠳᠡᠪᠬᠢᠲᠡᠢ ᠪᠣᠶ ᠪᠣᠯᠭᠠᠨ᠎ᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 3᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃