ᠲᠡᠷᠢᠭᠦᠨ ᠨᠢᠭᠤᠷ>ᠰᠤᠷᠭᠠᠨ ᠬᠦᠮᠦᠵᠢᠯ >ᠤᠯᠤᠰ᠎ᠤᠨ ᠰᠢᠯᠭᠠᠯᠲᠠ

2026-06-08 10:38:43

ᠵᠣᠬᠢᠶᠠᠭ᠍ᠴᠢ᠄ ​ ᠤᠷᠠᠨ᠎ᠠ ᠣᠩᠱᠢᠭ᠍ᠰᠠᠨ ᠣᠳᠠᠭ᠎ᠠ᠄ 3

ᠶᠡᠬᠡ ᠳᠡᠭᠡᠳᠦ ᠰᠤᠷᠭᠠᠭᠤᠯᠢ ᠳ᠋ᠦ ᠰᠤᠷᠤᠬᠴᠢ ᠡᠯᠰᠡᠭᠦ ᠤᠯᠤᠰ ᠤ᠋ᠨ ᠨᠢᠭᠡᠳᠦᠯᠲᠡᠢ ᠱᠢᠯᠭᠠᠯᠲᠠ ᠶ᠋ᠢᠨ ᠬᠤᠭᠤᠴᠠᠭᠠᠨ ᠎ᠳᠤ ᠥᠷᠭᠡᠨ ᠣᠯᠠᠨ ᠱᠢᠯᠭᠠᠭᠤᠯᠤᠭ᠍ᠴᠢ ᠳ᠋ᠤ ᠠᠮᠤᠷ ᠲᠦᠪᠱᠢᠨ᠂ ᠨᠠᠮ ᠵᠢᠮ᠂ ᠰᠠᠭᠠᠳ ᠥᠬᠡᠶ᠂ ᠡᠮᠬᠢ ᠵᠢᠷᠤᠮ ᠲᠠᠢ ᠱᠢᠯᠭᠠᠯᠲᠠ ᠶ᠋ᠢᠨ ᠣᠷᠴᠢᠨ ᠨᠥᠬᠥᠴᠡᠯ ᠢ᠋ ᠪᠣᠶ ᠪᠣᠯᠭᠠᠬᠤ ᠶ᠋ᠢᠨ ᠲᠥᠯᠥᠭᠡ᠂ ᠤᠢᠷ᠎ᠠ ᠳ᠋ᠤ᠂ ᠬᠥᠬᠡᠬᠣᠲᠠ ᠶ᠋ᠢᠨ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠶ᠋ᠢᠨ ᠲᠣᠪᠴᠢᠶ᠎ᠠ ᠶ᠋ᠢᠨ ᠬᠢᠨ ᠱᠢᠲᠠᠮᠠᠬᠠᠶ ᠬᠡᠶ ᠶ᠋ᠢᠨ ᠠᠮᠤᠷ ᠲᠦᠪᠱᠢᠨ᠂ ᠪᠠᠷᠢᠯᠭ᠎ᠠ ᠶ᠋ᠢᠨ ᠠᠵᠢᠯ ᠤ᠋ᠨ ᠱᠤᠤᠬᠢᠶᠠᠨ ᠢ᠋ ᠪᠠᠭᠠᠰᠭᠠᠬᠤ᠂ ᠵᠠᠮ ᠨᠡᠪᠲᠡᠷᠡᠯᠭᠡ ᠶ᠋ᠢᠨ ᠰᠠᠭᠠᠳ ᠥᠬᠡᠶ ᠨᠡᠪᠲᠡᠷᠡᠬᠦ᠌᠂ ᠤᠰᠤ ᠬᠠᠩᠭᠠᠵᠤ ᠤᠰᠤ ᠲᠠᠲᠠᠷᠠᠭᠤᠯᠬᠤ ᠵᠢ ᠪᠠᠲᠤᠯᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠶ᠋ᠢᠨ ᠲᠣᠭᠣᠷᠢᠨ ᠳ᠋ᠤ᠂ ᠶᠡᠬᠡ ᠳᠡᠭᠡᠳᠦ ᠰᠤᠷᠭᠠᠭᠤᠯᠢ ᠳ᠋ᠦ ᠰᠤᠷᠤᠬᠴᠢ ᠡᠯᠰᠡᠭᠦ ᠤᠯᠤᠰ ᠤ᠋ᠨ ᠨᠢᠭᠡᠳᠦᠯᠲᠡᠢ ᠱᠢᠯᠭᠠᠯᠲᠠ ᠶ᠋ᠢᠨ ᠲᠤᠰᠭᠠᠶ ᠪᠠᠲᠤᠯᠠᠭ᠎ᠠ ᠶ᠋ᠢᠨ ᠠᠵᠢᠯ ᠢ᠋ ᠪᠥᠬᠥ᠌ ᠲᠠᠯ᠎ᠠ ᠪᠡᠷ ᠴᠢᠩᠭᠠᠳᠬᠠᠪᠠ᠃

ᠱᠢᠲᠠᠮᠠᠬᠠᠶ ᠬᠡᠶ ᠶ᠋ᠢᠨ ᠠᠮᠤᠷ ᠲᠦᠪᠱᠢᠨ ᠤ᠋ ᠪᠠᠲᠤᠯᠠᠭ᠎ᠠ ᠶ᠋ᠢᠨ ᠲᠠᠯ᠎ᠠ ᠪᠡᠷ᠂ ᠱᠢᠲᠠᠮᠠᠬᠠᠶ ᠬᠡᠶ ᠶ᠋ᠢᠨ ᠠᠵᠤ ᠠᠬᠤᠢᠯᠠᠯ ᠲᠠᠢ ᠬᠣᠯᠪᠣᠭᠠᠯᠠᠨ ᠬᠥᠳᠡᠯᠦᠯᠴᠡᠵᠦ᠍᠂ ᠠᠮᠤᠷ ᠲᠦᠪᠱᠢᠨ ᠤ᠋ ᠵᠢᠭ᠍ᠰᠠᠭᠠᠨ ᠪᠠᠢᠴᠠᠭᠠᠯᠲᠠ ᠵᠢ ᠤᠷᠢᠳᠴᠢᠯᠠᠨ ᠥᠷᠨᠢᠭᠦᠯᠵᠦ᠍᠂ ᠱᠢᠯᠭᠠᠯᠲᠠ ᠶ᠋ᠢᠨ ᠴᠡᠭ ᠤ᠋ᠨ ᠰᠤᠷᠭᠠᠭᠤᠯᠢ᠂ ᠱᠢᠯᠭᠠᠭᠤᠯᠤᠭ᠍ᠴᠢ ᠶ᠋ᠢᠨ ᠬᠣᠨᠣᠭ ᠪᠠᠭᠤᠳᠠᠯ᠂ ᠰᠤᠷᠭᠠᠭᠤᠯᠢ ᠶ᠋ᠢᠨ ᠬᠦᠷᠢᠶᠡᠨ ᠤ᠋ ᠡᠷᠬᠢᠨ ᠲᠣᠭᠣᠷᠢᠨ ᠤ᠋ ᠢᠳᠡᠭᠡᠨ ᠤᠮᠳᠠᠭᠠᠨ ᠤ᠋ ᠳᠡᠯᠭᠡᠭᠦᠷ ᠵᠡᠷᠭᠡ ᠬᠥᠮᠦᠨ ᠬᠠᠷ᠎ᠠ ᠬᠤᠷᠠᠵᠤ ᠴᠤᠭ᠍ᠯᠠᠷᠠᠬᠰᠠᠨ ᠲᠠᠯᠠᠪᠤᠷ ᠭᠠᠵᠠᠷ ᠤ᠋ᠨ ᠰᠢᠲᠠᠮᠠᠬᠠᠢ ᠬᠡᠶ ᠬᠡᠷᠡᠭ᠌ᠯᠡᠬᠦ᠌ ᠭᠡᠮ ᠰᠤᠭᠤᠭ ᠢ᠋ ᠭᠤᠤᠯᠳᠠᠯᠭ᠎ᠠ ᠲᠠᠢ ᠪᠠᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ᠋ ᠲᠡᠷᠡ ᠳᠠᠷᠤᠶ ᠳ᠋ᠤᠨᠢ ᠴᠡᠭ᠌ᠴᠡᠯᠡᠨ ᠰᠠᠢᠵᠢᠷᠠᠭᠤᠯᠵᠤ᠂ ᠱᠢᠲᠠᠮᠠᠬᠠᠶ ᠬᠡᠶ ᠶ᠋ᠢᠨ ᠠᠮᠤᠷ ᠲᠦᠪᠱᠢᠨ ᠤ᠋ ᠬᠣᠷᠢᠭ᠎ᠠ ᠱᠤᠭᠤᠮ ᠢ᠋ ᠪᠠᠲᠤ ᠰᠠᠬᠢᠵᠤ ᠪᠠᠢᠨ᠎ᠠ᠃ ᠤᠯᠤᠰ ᠤ᠋ᠨ ᠨᠢᠭᠡᠳᠦᠯᠲᠡᠢ ᠱᠢᠯᠭᠠᠯᠲᠠ ᠶ᠋ᠢᠨ ᠬᠤᠭᠤᠴᠠᠭᠠᠨ ᠳ᠋ᠤ ᠱᠢᠲᠠᠮᠠᠬᠠᠶ ᠬᠡᠶ ᠶ᠋ᠢᠨ ᠬᠣᠭᠣᠯᠠᠶ ᠵᠢ ᠮᠠᠯᠲᠠᠬᠤ᠂ ᠲᠥᠬᠥᠭᠡᠷᠦᠮᠵᠢ ᠵᠢ ᠪᠠᠢᠴᠠᠭᠠᠨ ᠵᠠᠰᠠᠬᠤ᠂ ᠬᠣᠭᠣᠯᠠᠶ ᠲᠤᠤᠷ ᠢ᠋ ᠥᠭᠡᠷᠡᠴᠢᠯᠡᠨ ᠵᠠᠰᠠᠬᠤ ᠵᠡᠷᠭᠡ ᠡᠯ᠎ᠡ ᠲᠥᠷᠥᠯ ᠤ᠋ᠨ ᠠᠵᠢᠯ ᠢ᠋ ᠪᠥᠬᠥ᠌ ᠲᠠᠯ᠎ᠠ ᠪᠡᠷ ᠲᠦᠷ ᠵᠣᠭ᠍ᠰᠣᠭᠠᠵᠤ᠂ ᠲᠠᠭᠤ ᠱᠤᠤᠬᠢᠶᠠᠨ ᠤ᠋ ᠬᠠᠷᠱᠢᠯᠠᠯ ᠢ᠋ ᠡᠬᠢ ᠡᠭᠦᠰᠦᠯ ᠡᠴᠡ ᠨᠢ ᠠᠷᠢᠯᠭᠠᠪᠠ᠃

ᠪᠥᠲᠥᠭᠡᠨ ᠪᠠᠢᠭᠤᠯᠵᠤ ᠪᠠᠢᠭ᠎ᠠ ᠪᠠᠷᠢᠯᠭ᠎ᠠ ᠶ᠋ᠢᠨ ᠭᠠᠵᠠᠷ ᠤ᠋ᠨ ᠱᠤᠤᠬᠢᠶᠠᠨ ᠢ᠋ ᠬᠠᠮᠢᠶᠠᠷᠤᠨ ᠡᠵᠡᠮᠳᠡᠬᠦ᠌ ᠳ᠋ᠤ ᠴᠢᠭ᠌ᠯᠡᠭᠦᠯᠦᠨ᠂ ᠬᠥᠬᠡᠬᠣᠲᠠ ᠶ᠋ᠢᠨ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠶ᠋ᠢᠨ ᠲᠣᠪᠴᠢᠶ᠎ᠠ᠎ᠵᠢᠨ ᠬᠢᠨ ᠪᠣᠯᠪᠠᠰᠤᠨ ᠢ᠋ᠶ᠋ᠡᠷ ᠪᠠᠷᠢᠯᠭ᠎ᠠ ᠪᠠᠷᠢᠬᠤ ᠰᠠᠨᠠᠭᠠᠴᠢᠯᠠᠭ᠎ᠠ ᠨᠡᠢᠲᠡᠯᠡᠵᠦ᠍᠂ 6 ᠰᠠᠷ᠎ᠠ ᠶ᠋ᠢᠨ 3 ᠤ᠋ ᠡᠳᠦᠷ ᠡᠴᠡ 6 ᠰᠠᠷ᠎ᠠ ᠶ᠋ᠢᠨ 10 ᠤ᠋ ᠡᠳᠦᠷ ᠪᠣᠯᠲᠠᠯ᠎ᠠ᠂ ᠪᠥᠬᠥ᠌ ᠬᠣᠲᠠ ᠶ᠋ᠢᠨ ᠪᠣᠶ ᠪᠥᠬᠥᠶ ᠪᠦᠲᠦᠭᠡᠨ ᠪᠠᠢᠭᠤᠯᠵᠤ ᠪᠠᠢᠭ᠎ᠠ ᠪᠠᠷᠢᠯᠭ᠎ᠠ ᠨᠢ ᠪᠠᠷᠢᠯᠭ᠎ᠠ ᠶ᠋ᠢᠨ ᠠᠵᠢᠯ ᠢ᠋ ᠴᠢᠩᠭ᠎ᠠ ᠬᠠᠮᠢᠶᠠᠷᠤᠨ ᠡᠵᠡᠮᠳᠡᠵᠦ᠍᠂ ᠰᠥᠨᠢ ᠶ᠋ᠢᠨ 22 ᠴᠠᠭ ᠡᠴᠡ ᠳᠠᠷᠠᠭ᠎ᠠ ᠡᠳᠦᠷ ᠤ᠋ᠨ 6 ᠴᠠᠭ ᠪᠣᠯᠲᠠᠯ᠎ᠠ ᠡᠯ᠎ᠡ ᠲᠥᠷᠥᠯ ᠤ᠋ᠨ ᠱᠤᠤᠬᠢᠶᠠᠨ ᠲᠠᠢ ᠠᠵᠢᠯ ᠥᠷᠨᠢᠭᠦᠯᠬᠦ᠌ ᠵᠢ ᠴᠢᠩᠭ᠎ᠠ ᠴᠠᠭᠠᠵᠠᠯᠠᠵᠤ᠂ ᠱᠢᠯᠭᠠᠯᠲᠠ ᠶ᠋ᠢᠨ ᠬᠤᠭᠤᠴᠠᠭᠠᠨ ᠳ᠋ᠤ ᠡᠯ᠎ᠡ ᠱᠢᠯᠭᠠᠯᠲᠠ ᠶ᠋ᠢᠨ ᠴᠡᠭ ᠤ᠋ᠨ ᠡᠷᠬᠢᠨ ᠲᠣᠭᠣᠷᠢᠨ ᠤ᠋ ᠪᠠᠷᠢᠯᠭ᠎ᠠ ᠶ᠋ᠢᠨ ᠭᠠᠵᠠᠷ ᠲᠦ᠍ ᠱᠤᠤᠭᠢᠶᠠᠨ ᠲᠠᠢ ᠪᠠᠷᠢᠯᠭ᠎ᠠ ᠵᠢᠨ ᠠᠵᠢᠯ ᠦᠷᠨᠢᠭᠦᠯᠬᠦ ᠵᠢ ᠪᠦᠬᠦ᠌ ᠲᠠᠯ᠎ᠠ ᠪᠡᠷ ᠵᠣᠭ᠍ᠰᠣᠭᠠᠪᠠ᠃

ᠵᠠᠮ ᠨᠡᠪᠲᠡᠷᠡᠯᠭᠡ ᠶ᠋ᠢᠨ ᠲᠠᠯ᠎ᠠ ᠪᠠᠷ ᠱᠢᠯᠭᠠᠯᠲᠠ ᠶ᠋ᠢᠨ ᠴᠡᠭ ᠤ᠋ᠨ ᠡᠷᠬᠢᠨ ᠲᠣᠭᠣᠷᠢᠨ ᠤ᠋ ᠮᠠᠱᠢᠨ ᠲᠡᠷᠭᠡᠨ ᠤ᠋ ᠵᠠᠮ᠂ ᠮᠠᠱᠢᠨᠲᠤ ᠪᠤᠰᠤ ᠲᠡᠷᠭᠡᠨ ᠤ᠋ ᠵᠠᠮ ᠤ᠋ᠨ ᠬᠡᠮ ᠰᠣᠭᠣᠭ ᠢ᠋ ᠪᠥᠬᠥ᠌ ᠲᠠᠯ᠎ᠠ ᠪᠡᠷ ᠵᠢᠭ᠍ᠰᠠᠭᠠᠨ ᠪᠠᠢᠴᠠᠭᠠᠵᠤ᠂ ᠠᠰᠠᠭᠤᠳᠠᠯ ᠢ᠋ ᠣᠨᠣᠴᠠᠲᠠᠢ ᠴᠡᠭ᠌ᠴᠡᠯᠡᠨ ᠵᠠᠰᠠᠵᠤ᠂ ᠵᠠᠮ ᠤ᠋ᠨ ᠠᠮᠤᠷ ᠲᠦᠪᠱᠢᠨ ᠪᠦᠭᠡᠳ ᠰᠠᠭᠠᠳ ᠥᠬᠡᠶ ᠨᠡᠪᠲᠡᠷᠡᠬᠦ᠌ ᠵᠢ ᠪᠥᠬᠥ᠌ ᠬᠦᠴᠦᠨ ᠢ᠋ᠶ᠋ᠡᠷ ᠢ᠋ᠶ᠋ᠡᠨ ᠪᠠᠲᠤᠯᠠᠵᠤ ᠪᠠᠢᠨ᠎ᠠ᠃ ᠡᠭᠦᠨ ᠤ᠋ ᠬᠠᠮᠲᠤ᠂ ᠤᠰᠤ ᠬᠠᠩᠭᠠᠬᠤ ᠤᠰᠤ ᠲᠠᠲᠠᠷᠠᠭᠤᠯᠬᠤ ᠪᠠᠲᠤᠯᠠᠭ᠎ᠠ ᠵᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠱᠢᠯᠭᠠᠯᠲᠠ ᠡᠴᠡ ᠡᠮᠦᠨᠡᠬᠡᠨ ᠵᠢᠴᠢ ᠱᠢᠯᠭᠠᠯᠲᠠ ᠶ᠋ᠢᠨ ᠬᠤᠭᠤᠴᠠᠭᠠᠨ ᠳ᠋ᠡᠬᠢ ᠤᠰᠤ ᠬᠠᠩᠭᠠᠬᠤ ᠳᠠᠷᠤᠯᠲᠠ ᠵᠢ ᠵᠣᠬᠢᠴᠠᠭᠤᠯᠤᠨ ᠳᠡᠭᠡᠭ᠌ᠰᠢᠯᠡᠭᠦᠯᠵᠦ᠍᠂ ᠱᠢᠯᠭᠠᠯᠲᠠ ᠶ᠋ᠢᠨ ᠴᠡᠭ ᠵᠢᠴᠢ ᠡᠷᠬᠢᠨ ᠲᠣᠭᠣᠷᠢᠨ ᠤ᠋ ᠬᠡᠷᠡᠭ᠌ᠯᠡᠬᠦ᠌ ᠤᠰᠤᠨ ᠤ᠋ ᠲᠣᠭ᠍ᠲᠠᠭᠤᠨ ᠪᠥᠭᠡᠳ ᠭᠦᠶ᠋ᠴᠡᠳ ᠪᠠᠢᠬᠤ ᠵᠢ ᠦᠨᠡᠨ ᠬᠦ᠌ ᠪᠠᠲᠤᠯᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面