2026-07-10 14:30:42
5 ᠰᠠᠷ᠎ᠠ᠎ᠶ᠋ᠢᠨ 25 ᠤ᠋ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠠᠯᠪᠠᠨ ᠶᠣᠰᠣᠨ᠎ᠤ ᠠᠢᠯᠴᠢᠯᠠᠯᠲᠠ ᠬᠢᠬᠦ᠌᠎ᠪᠡᠷ ᠳᠤᠮᠳᠠᠳᠤ ᠤᠯᠤᠰ᠎ᠲᠤ ᠢᠷᠡᠭ᠌ᠰᠡᠨ ᠫᠠᠺᠢᠰᠲ᠋ᠠᠨ᠎ᠤ ᠶᠡᠷᠦᠩᠬᠡᠢ ᠰᠠᠢᠳ ᠱᠢᠶᠠᠪᠠᠽᠢ ᠲᠠᠢ ᠠᠭᠤᠯᠵᠠᠪᠠ᠃
ᠰᠢ ᠵᠢᠨ ᠫᠢᠩ᠂ ᠳᠤᠮᠳᠠᠳᠤ ᠫᠠᠺᠢᠰᠲ᠋ᠠᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 75 ᠵᠢᠯ᠎ᠦᠨ ᠲᠤᠷᠰᠢ᠂ ᠬᠣᠶᠠᠷ ᠤᠯᠤᠰ ᠬᠠᠷᠢᠯᠴᠠᠨ ᠣᠢᠯᠠᠭᠠᠯᠴᠠᠵᠤ᠂ ᠬᠠᠷᠢᠯᠴᠠᠨ ᠢᠲᠡᠭᠡᠯᠴᠡᠵᠦ᠍᠂ ᠬᠠᠷᠢᠯᠴᠠᠨ ᠲᠡᠮᠵᠢᠯᠴᠡᠵᠦ᠍᠂ ᠡᠪᠳᠡᠷᠡᠰᠢ ᠦᠭᠡᠢ ᠪᠠᠲᠤ ᠪᠡᠬᠢ ᠤᠯᠠᠮᠵᠢᠯᠠᠯᠲᠤ ᠨᠥᠬᠥᠷᠯᠡᠯ᠎ᠢ ᠪᠠᠢᠭᠤᠯᠵᠤ᠂ ᠬᠣᠶᠠᠷ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠢᠲᠡᠭᠡᠯᠴᠡᠭᠡ ᠪᠣᠯᠤᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠥᠪᠡᠷ ᠥᠪᠡᠷ᠎ᠦᠨ ᠤᠯᠤᠰ᠎ᠤᠨ᠎ᠢᠶᠠᠨ ᠬᠥᠭ᠌ᠵᠢᠯᠲᠡ᠎ᠶ᠋ᠢ ᠬᠦᠴᠦᠲᠡᠢ ᠠᠬᠢᠭᠤᠯᠪᠠ᠃ ᠳᠡᠯᠡᠬᠡᠢ᠎ᠶ᠋ᠢᠨ ᠪᠠᠢᠳᠠᠯ ᠶᠠᠭᠠᠬᠢᠵᠤ ᠬᠤᠪᠢᠷᠠᠭ᠍ᠰᠠᠨ ᠴᠤ᠌᠂ ᠳᠤᠮᠳᠠᠳᠤ ᠤᠯᠤᠰ ᠢᠮᠠᠭ᠍ᠲᠠ ᠳᠤᠮᠳᠠᠳᠤ ᠫᠠᠺᠢᠰᠲ᠋ᠠᠨ ᠤ᠋ ᠬᠠᠷᠢᠯᠴᠠᠭ᠎ᠠ᠎ᠶ᠋ᠢ ᠬᠦᠷᠰᠢ ᠵᠡᠷᠭᠡᠯᠡᠳᠡᠭᠡ᠎ᠶᠢᠨ ᠭᠠᠳᠠᠭᠠᠳᠤ ᠬᠠᠷᠢᠯᠴᠠᠭ᠎ᠠ᠎ᠶ᠋ᠢᠨ ᠤᠷᠢᠳ᠎ᠢᠶᠠᠷ ᠪᠣᠳᠣᠯᠬᠢᠯᠠᠬᠤ ᠴᠢᠭ᠌ᠯᠡᠯ᠎ᠳᠦ ᠲᠠᠯᠪᠢᠭ᠍ᠰᠠᠭᠠᠷ ᠢᠷᠡᠵᠠᠢ᠃ ᠲᠦᠷᠦᠭᠦᠬᠡᠨ᠂ ᠪᠢ ᠲᠢᠶᠠᠨᠵᠢᠨ ᠶᠡᠬᠡ ᠰᠤᠷᠭᠠᠭᠤᠯᠢ᠎ᠶ᠋ᠢᠨ ᠫᠠᠺᠢᠰᠲ᠋ᠠᠨ᠎ᠤ ᠰᠤᠷᠤᠭ᠍ᠴᠢᠳ᠎ᠤᠨ ᠢᠷᠡᠭᠦᠯᠦᠭ᠌ᠰᠡᠨ ᠵᠠᠬᠢᠳᠠᠯ᠎ᠢ ᠤᠯᠪᠠ᠃ ᠨᠥᠬᠥᠳᠨᠠᠷ ᠳᠤᠮᠳᠠᠳᠤ ᠫᠠᠺᠢᠰᠲ᠋ᠠᠨ᠎ᠤ ᠬᠠᠮᠲᠤᠷᠠᠯᠴᠠᠭᠠᠨ᠎ᠤ ᠪᠦᠲᠦᠭᠡᠨ ᠪᠠᠢᠭᠤᠯᠤᠭ᠍ᠴᠢ᠂ ᠰᠣᠯᠢᠯᠴᠠᠭᠠᠨ᠎ᠤ ᠤᠯᠠᠮᠵᠢᠯᠠᠭ᠍ᠴᠢ᠂ ᠨᠥᠬᠥᠷᠯᠡᠯ᠎ᠦᠨ ᠬᠠᠮᠠᠭᠠᠯᠠᠭ᠍ᠴᠢ ᠪᠣᠯᠬᠤ᠎ᠪᠠᠷ ᠵᠣᠷᠢᠭ ᠱᠢᠭᠤᠳᠴᠤ ᠪᠠᠢᠨ᠎ᠠ᠃ ᠬᠣᠶᠠᠷ ᠤᠯᠤᠰ᠎ᠤᠨ ᠨᠥᠬᠥᠷᠯᠡᠯ᠎ᠦᠨ ᠦᠢᠯᠡᠰ᠎ᠲᠦ ᠵᠠᠯᠭᠠᠮᠵᠢᠯᠠᠭ᠍ᠴᠢ᠎ᠲᠠᠶ ᠪᠠᠢᠬᠤ᠎ᠶ᠋ᠢ ᠦᠵᠡᠭᠡᠳ ᠪᠢ ᠮᠠᠰᠢ ᠪᠠᠶᠠᠷᠯᠠᠵᠤ ᠪᠠᠢᠨ᠎ᠠ᠃ ᠬᠣᠶᠠᠷ ᠲᠠᠯ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠨᠠᠩ ᠨᠢᠭ᠍ᠲᠠ ᠳᠤᠮᠳᠠᠳᠤ ᠫᠠᠺᠢᠰᠲ᠋ᠠᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠲᠦᠷᠭᠡᠳᠭᠡᠨ ᠪᠠᠢᠭᠤᠯᠵᠤ᠂ ᠬᠣᠶᠠᠷ ᠤᠯᠤᠰ᠎ᠤᠨ ᠪᠥᠬᠥ᠌ ᠲᠠᠯ᠎ᠠ᠎ᠶ᠋ᠢᠨ ᠬᠠᠮᠲᠤᠷᠠᠯᠴᠠᠭ᠎ᠠ ᠨᠠᠩ ᠣᠯᠠᠨ ᠦᠷ᠎ᠡ ᠪᠦᠲᠦᠭᠡᠯ ᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠠᠩ ᠰᠠᠢᠨ ᠪᠤᠶᠠᠨ ᠦᠶ᠋ᠯᠡᠳᠴᠦ᠍᠂ ᠭᠠᠵᠠᠷ ᠣᠷᠣᠨ᠎ᠤ ᠡᠩᠬᠡ ᠲᠠᠢᠪᠤᠩ ᠲᠣᠭ᠍ᠲᠠᠭᠤᠨ᠎ᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠵᠦ᠍᠂ ᠬᠦᠷᠰᠢ ᠵᠡᠷᠭᠡᠯᠡᠳᠡᠭᠡ᠎ᠶᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠵᠢᠱ᠌ᠢᠶ᠎ᠡ ᠦᠵᠡᠭᠦᠯᠦᠶ᠎ᠡ ᠭᠡᠵᠦ᠍ ᠢᠯᠡᠳᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃