ᠲᠡᠷᠢᠭᠦᠨ ᠨᠢᠭᠤᠷ>ᠰᠤᠷᠭᠠᠨ ᠬᠦᠮᠦᠵᠢᠯ >ᠲᠤᠷᠰᠢᠯᠭ᠎ᠠ᠎ᠪᠠᠨ ᠰᠣᠯᠢᠯᠴᠠᠶ᠎ᠠ

2024-07-15 14:40:09

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠭᠡᠤᠭᠡᠳ᠎ᠤᠳ᠎ᠤᠨ ᠬᠦᠰᠡᠨ ᠬᠦᠯᠢᠶᠡᠭᠰᠡᠨ ᠵᠤᠨ᠎ᠤ ᠠᠮᠠᠷᠠᠯᠲᠠ ᠬᠦᠷᠦᠭᠡᠳ ᠢᠷᠡᠯ᠎ᠡ᠃ ᠵᠤᠨ᠎ᠤ ᠠᠮᠠᠷᠠᠯᠲᠠ ᠪᠣᠯ ᠬᠡᠦᠭᠡᠳ᠎ᠤᠳ᠎ᠤᠨ ᠪᠡᠶ᠎ᠡ᠎ᠮᠠᠬᠠᠪᠤᠳ ᠵᠢᠡᠨ ᠲᠠᠪᠳᠠᠨ ᠪᠣᠯᠪᠠᠰᠤᠷᠠᠭᠤᠯᠬᠤ ᠲᠤᠬᠢᠲᠠᠢ ᠤᠯᠠᠷᠢᠯ ᠪᠤᠯᠤᠨ᠎ᠠ᠃ ᠤᠮᠪᠠᠯᠲᠠ᠂ ᠰᠠᠭ᠍ᠰᠤᠨ ᠪᠥᠮᠪᠥᠭᠡ᠂ ᠬᠥᠯ ᠪᠥᠮᠪᠥᠭᠡ᠂ ᠭᠦᠶᠦᠯᠲᠠ ᠵᠡᠷᠭᠡ ᠡᠯ᠎ᠡ ᠵᠦᠶ᠋ᠯ᠎ᠦᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ᠎ᠪᠠᠷ ᠳᠠᠮᠵᠢᠨ᠂ ᠵᠢᠷᠦᠬᠡ ᠠᠭᠤᠰᠭᠢᠨ᠎ᠤ ᠠᠵᠢᠯᠯᠠᠭ᠎ᠠ᠎ᠪᠠᠨ ᠪᠦᠲᠦᠮᠵᠢᠲᠡᠶ ᠳᠡᠭᠡᠭ᠌ᠰᠢᠯᠡᠭᠦᠯᠵᠦ᠍᠂ ᠪᠤᠯᠴᠢᠩ᠎ᠤᠨ ᠬᠦᠴᠦᠨ᠎ᠢᠶᠡᠨ ᠴᠢᠩᠭᠠᠷᠠᠭᠤᠯᠵᠤ᠂ ᠪᠡᠶ᠎ᠡ ᠮᠠᠬᠠᠪᠣᠳ᠎ᠤᠨ ᠡᠭᠡᠯᠢᠯᠡᠭᠡ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠵᠦ᠍ ᠪᠣᠯᠤᠨ᠎ᠠ᠃

ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠵᠣᠷᠢᠯᠭ᠎ᠠ ᠨᠢ ᠬᠡᠦᠬᠡᠳ᠎ᠢ ᠬᠠᠪᠰᠤᠷᠤᠨ ᠪᠡᠶ᠎ᠡ ᠮᠠᠬᠠᠪᠣᠳ᠎ᠢ ᠨᠢ ᠴᠢᠭᠢᠷᠠᠭ᠍ᠵᠢᠭᠤᠯᠵᠤ᠂ ᠪᠦᠯᠬᠦᠮ ᠨᠡᠢᠲᠡ᠎ᠶ᠋ᠢᠨ ᠬᠠᠮᠲᠤᠷᠠᠨ ᠠᠵᠢᠯᠯᠠᠬᠤ ᠵᠣᠷᠢᠭ ᠰᠠᠨᠠᠭ᠎ᠠ ᠪᠠ ᠲᠡᠰᠪᠦᠷᠢ ᠬᠠᠳᠠᠭᠤᠵᠢᠯᠳᠠᠢ ᠵᠠᠩ ᠴᠢᠨᠠᠷ᠎ᠢ ᠬᠥᠮᠦᠵᠢᠭᠦᠯᠬᠦ᠌ ᠵᠢᠨ ᠲᠦᠯᠦᠭᠡ ᠶᠤᠮ᠃ ᠡᠢᠮᠦ ᠡᠴᠡ ᠪᠡᠶ᠎ᠡ ᠵᠢᠨ ᠲᠠᠮᠢᠷ᠎ᠤᠨ ᠪᠤᠯᠪᠠᠰᠤᠷᠠᠯ ᠨᠢ ᠬᠡᠦᠭᠡᠳ᠎ᠤᠨ ᠲᠤᠷ᠎ᠠ ᠰᠤᠨᠢᠷᠬᠠᠯ᠎ᠢ ᠦᠨᠳᠦᠰᠦᠯᠡᠨ᠂ ᠬᠡᠦᠭᠡᠳ᠎ᠤᠨ ᠲᠠᠮᠢᠷ ᠲᠡᠩᠭᠡᠭᠡ ᠠᠮᠤᠷ ᠲᠦᠪᠰᠢᠨ ᠳ᠋ᠤ ᠵᠤᠬᠢᠴᠠᠬᠤ ᠲᠦᠷᠦᠯ ᠵᠦᠢᠯ᠎ᠢ ᠰᠤᠩᠭᠤᠵᠤ᠂ ᠬᠡᠦᠭᠡᠳ᠎ᠤᠳ᠎ᠢ ᠪᠠᠶᠠᠷ ᠪᠠᠶᠠᠰᠤᠯ᠎ᠤᠨ ᠲᠤᠮᠳᠠ ᠲᠠᠮᠢᠷ᠎ᠤᠨ ᠬᠦᠳᠡᠯᠭᠡᠭᠡᠨ ᠳ᠋ᠤ ᠤᠷᠤᠯᠴᠠᠭᠤᠯᠵᠤ᠂ ᠲᠠᠮᠢᠷ᠎ᠤᠨ ᠬᠦᠳᠡᠯᠭᠡᠭᠡᠨ᠎ᠤ ᠲᠤᠮᠳᠠ ᠡᠴᠡ ᠬᠠᠪᠤ ᠴᠡᠩᠭᠡᠯ ᠬᠦᠷᠳᠡᠬᠦ ᠵᠢ ᠪᠠᠳᠤᠯᠠᠪᠠᠯ ᠵᠤᠬᠢᠨ᠎ᠠ᠃ ᠭᠡᠪᠡᠴᠦ ᠵᠠᠷᠢᠮ ᠭᠡᠷ᠎ᠦᠨ ᠠᠬᠠᠮᠠᠳ ᠭᠡᠤᠭᠡᠳ᠎ᠤᠨ ᠰᠠᠨᠠᠯ᠎ᠢ ᠠᠰᠠᠭᠤᠬᠤ ᠦᠭᠡᠢ ᠪᠡᠷ ᠬᠡᠦᠭᠡᠳ ᠲᠡᠭᠡᠨ ᠡᠵᠡᠨ ᠮᠡᠳᠡᠵᠦ᠂ ᠪᠡᠶ᠎ᠡ᠎ᠶ᠋ᠢᠨ ᠲᠠᠮᠢᠷ᠎ᠤᠨ ᠺᠯᠦᠪ᠎ᠲᠸ᠋ ᠨᠡᠷ᠎ᠡ ᠮᠡᠳᠡᠭᠦᠯᠦᠨ ᠦᠭᠴᠦ ᠪᠠᠢᠭ᠎ᠠ ᠦᠵᠡᠭ᠌ᠳᠡᠯ ᠤᠯᠠᠨ ᠭᠠᠷᠴᠤ ᠪᠤᠢ᠃ ᠡᠨᠡ ᠨᠢ ᠵᠤᠬᠢᠬᠤ ᠬᠡᠮᠵᠢᠶᠡᠨ᠎ᠤ ᠠᠯᠪᠠᠳᠠᠯᠭ᠎ᠠ ᠵᠢᠨ ᠰᠢᠨᠵᠢ ᠲᠠᠢ ᠪᠠᠢᠬᠤ ᠨᠢ ᠲᠠᠮᠵᠢᠭ ᠦᠭᠡᠢ᠃ ᠵᠦᠢ ᠵᠤᠬᠢᠰᠳᠠᠢ ᠰᠢᠨᠵᠢᠯᠡᠬᠦ ᠤᠬᠠᠭᠠᠨᠴᠢ ᠪᠡᠶ᠎ᠡ᠎ᠶ᠋ᠢᠨ ᠲᠠᠮᠢᠷ᠎ᠤᠨ ᠪᠤᠯᠪᠠᠰᠤᠷᠠᠯ ᠨᠢ ᠬᠡᠦᠭᠡᠳ᠎ᠤᠨ ᠪᠡᠶ᠎ᠡ ᠮᠠᠬᠠᠪᠤᠳ᠎ᠤᠨ ᠡᠷᠡᠬᠦᠯ ᠮᠡᠨᠳᠦ᠂ ᠰᠡᠳᠬᠢᠴᠡ ᠵᠢᠨ ᠡᠷᠡᠬᠦᠯ ᠮᠡᠨᠳᠦ ᠵᠢ ᠠᠬᠢᠭᠤᠯᠳᠠᠭ᠃ ᠡᠬᠦᠨ᠎ᠤ ᠡᠰᠡᠷᠬᠦ ᠪᠤᠯ ᠭᠡᠳᠡᠷᠬᠦ ᠨᠦᠯᠦᠭᠡ ᠦᠵᠡᠬᠦᠯᠦᠨ᠎ᠡ᠃ ᠡᠢᠨ᠎ᠬᠦ᠂ ᠵᠤᠨ᠎ᠤ ᠠᠮᠠᠷᠠᠯᠳᠠ ᠵᠢᠨ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠪᠤᠯᠪᠠᠰᠤᠷᠠᠯ ᠨᠢ ᠬᠡᠦᠬᠡᠳ᠎ᠤᠨ ᠪᠡᠶ᠎ᠡ᠎ᠪᠡᠨ ᠳᠠᠭᠠᠭᠠᠵᠤ ᠰᠣᠩᠭᠣᠬᠤ ᠡᠷᠬᠡ᠎ᠵᠢ ᠪᠠᠳᠠᠷᠠᠭᠤᠯᠪᠠᠯ ᠵᠣᠬᠢᠨ᠎ᠠ᠃

ᠡᠬᠦᠨ᠎ᠤ ᠬᠠᠮᠳᠤ᠂ ᠦᠷᠭᠡᠨ ᠤᠯᠠᠨ ᠬᠡᠷ᠎ᠦᠨ ᠠᠬᠠᠮᠠᠳ ᠬᠡᠦᠬᠡᠳ᠎ᠲᠡᠶ᠎ᠪᠡᠨ ᠬᠠᠮᠲᠤ ᠪᠡᠷ ᠠᠳᠠᠯᠢ ᠪᠤᠰᠤ ᠬᠡᠯᠪᠡᠷᠢ᠎ᠶ᠋ᠢᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠢᠯᠡᠭᠦᠬᠡᠨ ᠲᠤᠷᠱᠢᠨ ᠬᠢᠵᠦ ᠪᠤᠯᠤᠨ᠎ᠠ᠂ ᠡᠬᠦᠨ ᠳ᠋ᠤ ᠡᠷᠬᠢᠨ ᠲᠣᠭᠣᠷᠢᠨ᠎ᠤ ᠪᠠᠢᠭᠠᠯᠢ᠎ᠶ᠋ᠢᠨ ᠣᠷᠴᠢᠨ ᠲᠣᠭᠣᠷᠢᠨ ᠪᠤᠶᠤ ᠪᠡᠶ᠎ᠡ ᠴᠢᠬᠢᠷᠠᠬᠵᠢᠭᠤᠯᠬᠤ ᠪᠡᠶ᠎ᠡ ᠵᠢᠨ ᠲᠠᠮᠢᠷ᠎ᠤᠨ ᠲᠥᠬᠥᠭᠡᠷᠦᠮᠵᠢ᠎ᠶ᠋ᠢ ᠰᠠᠢᠳᠤᠷ ᠠᠰᠢᠬᠯᠠᠵᠤ ᠪᠤᠯᠤᠨ᠎ᠠ᠃ ᠵᠢᠱ᠌ᠢᠶᠡᠯᠡᠪᠡᠯ᠂ ᠴᠡᠴᠡᠷᠯᠢᠭ᠎ᠲᠦ ᠬᠦᠷᠴᠦ ᠭᠦᠶᠦᠬᠦ᠌᠂ ᠳᠤᠭᠤᠶ ᠤᠨᠤᠬᠤ᠂ ᠬᠦᠯ ᠪᠦᠮᠪᠦᠭᠡ ᠢᠰᠭᠦᠯᠬᠦ᠂ ᠤᠮᠪᠠᠯᠲᠠ ᠵᠡᠷᠭᠡ᠎ᠪᠡᠷ ᠳᠠᠮᠵᠢᠨ ᠲᠡᠳᠡᠨ᠎ᠤ ᠳᠤᠷ᠎ᠠ ᠰᠣᠨᠢᠷᠬᠠᠯ᠎ᠢ ᠬᠥᠮᠦᠵᠢᠭᠦᠯᠵᠦ᠍ ᠪᠣᠯᠤᠨ᠎ᠠ᠃ ᠡᠨᠡ ᠨᠢ ᠵᠣᠨ᠎ᠤ ᠠᠮᠠᠷᠠᠯᠲᠠ᠎ᠶ᠋ᠢᠨ ᠠᠮᠢᠳᠤᠷᠠᠯ᠎ᠢ ᠨᠠᠩ ᠪᠠᠶᠠᠯᠢᠭ ᠰᠠᠢᠬᠠᠨ ᠪᠤᠯᠭᠠᠵᠤ᠂ ᠬᠡᠦᠬᠡᠳ᠎ᠦᠨ ᠪᠡᠶ᠎ᠡ ᠮᠠᠬᠠᠪᠣᠳ᠎ᠢᠶᠠᠨ ᠪᠣᠯᠪᠠᠰᠤᠷᠠᠭᠤᠯᠬᠤ᠎ᠳᠤ ᠠᠱᠢᠭ᠍ᠲᠠᠶ ᠮᠦᠷᠲᠡᠭᠡᠨ ᠵᠢᠮ᠎ᠡ ᠶᠣᠰᠣ ᠲᠠᠶ ᠠᠮᠢᠳᠤᠷᠠᠯ᠎ᠤᠨ ᠳᠠᠳᠭᠠᠯ᠎ᠢ ᠬᠦᠮᠦᠵᠢᠬᠦᠯᠵᠦ᠂ ᠠᠮᠠᠷᠠᠯᠲᠠ᠎ᠶ᠋ᠢᠨ ᠬᠤᠭᠤᠴᠠᠭ᠎ᠠ᠎ᠶ᠋ᠢ ᠨᠡᠩ ᠤᠳᠬ᠎ᠠ ᠲᠡᠬᠦᠯᠳᠡᠷ ᠪᠠᠢᠯᠭᠠᠵᠤ ᠴᠢᠳᠠᠨ᠎ᠠ᠃

ᠵᠠᠯᠠᠭᠤᠴᠤᠳ ᠪᠠᠭᠠᠴᠤᠳ ᠪᠤᠯ ᠶᠠᠭ ᠰᠠᠢᠬᠠᠨ ᠪᠡᠶ᠎ᠡ ᠮᠠᠬᠠᠪᠣᠳ ᠦᠳᠲᠡᠷ ᠲᠦᠷᠭᠡᠨ ᠦᠰᠦᠨ ᠪᠣᠢᠵᠢᠬᠤ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ᠂ ᠱᠢᠮ᠎ᠡ ᠲᠡᠵᠢᠭᠡᠯ᠎ᠢ ᠲᠡᠩᠴᠡᠭᠦᠷᠢᠲᠡᠶ ᠪᠠᠢᠯᠭᠠᠬᠤ᠂ ᠠᠵᠢᠯᠯᠠᠵᠤ ᠠᠮᠠᠷᠠᠬᠤ ᠵᠢ ᠵᠢᠮ᠎ᠡ ᠶᠣᠰᠣ ᠲᠠᠢ ᠪᠠᠢᠯᠭᠠᠬᠤ ᠨᠢ ᠮᠠᠰᠢ ᠴᠢᠬᠤᠯᠠ ᠶᠤᠮ᠃ ᠤᠢᠷ᠎ᠠ᠎ᠶᠢᠨ ᠵᠢᠯ᠎ᠦᠳ᠎ᠲᠦ᠂ ᠵᠠᠯᠠᠭᠤᠴᠤᠳ ᠪᠠᠭᠠᠴᠤᠳ᠎ᠤᠨ ᠳᠤᠮᠳᠠ ᠣᠢᠷ᠎ᠠ ᠬᠠᠷᠠᠭ᠎ᠠ ᠨᠡᠢᠳᠡᠮ ᠢᠯᠡᠷᠡᠵᠦ᠍ ᠪᠠᠢᠭ᠎ᠠ ᠵᠢᠴᠢ ᠡᠯᠧᠺᠲ᠋ᠷᠣᠨ ᠲᠥᠬᠥᠭᠡᠷᠦᠮᠵᠢ᠎ᠶ᠋ᠢ ᠬᠡᠲᠦᠷᠡᠲᠡᠯ᠎ᠡ ᠬᠡᠷᠡᠭ᠌ᠯᠡᠬᠦ᠌ ᠦᠵᠡᠭᠳᠡᠯ ᠢᠯᠡᠷᠡᠵᠦ ᠪᠤᠢ᠂ ᠡᠨᠡ ᠨᠢ ᠪᠦᠷ ᠵᠠᠯᠠᠭᠤᠴᠤᠳ ᠪᠠᠭᠠᠴᠤᠳ᠎ᠤᠨ ᠦᠰᠦᠨ ᠪᠤᠢᠵᠢᠯᠲᠠ᠎ᠳᠦ ᠠᠰᠢᠭ ᠦᠭᠡᠢ ᠶᠠᠪᠤᠳᠠᠯ ᠪᠤᠯᠤᠨ᠎ᠠ᠃ ᠲᠠᠮᠢᠷ᠎ᠤᠨ ᠬᠦᠳᠡᠯᠭᠡᠭᠡᠨ᠎ᠳᠦ ᠤᠷᠤᠯᠴᠠᠬᠤ ᠨᠢ ᠡᠳᠡᠭᠡᠷ ᠠᠰᠠᠭᠤᠳᠠᠯ᠎ᠢ ᠰᠡᠷᠭᠡᠢᠯᠡᠨ ᠡᠵᠡᠮᠳᠡᠬᠦ᠌ ᠪᠦᠲᠦᠮᠵᠢᠲᠡᠶ ᠠᠷᠭ᠎ᠠ ᠬᠡᠮᠵᠢᠶ᠎ᠡ ᠮᠦᠨ᠃ ᠪᠦᠷᠢᠳᠭᠡᠯ᠎ᠢ ᠦᠨᠳᠦᠰᠦᠯᠡᠪᠡᠯ᠂ ᠡᠳᠦᠷ ᠪᠦᠷᠢ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ ᠬᠢᠵᠦ᠍ ᠪᠠᠢᠭ᠎ᠠ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠣᠷᠣᠭ᠍ᠴᠢ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ ᠲᠤᠳᠠᠮᠠᠭ ᠰᠣᠷᠣᠭ᠍ᠴᠢ᠎ᠲᠠᠢ ᠬᠠᠷᠢᠴᠠᠭᠤᠯᠪᠡᠯ ᠣᠢᠷ᠎ᠠ ᠬᠠᠷᠠᠭ᠎ᠠ᠎ᠲᠠᠶ ᠪᠣᠯᠬᠤ ᠨᠤᠷᠮ᠎ᠠ ᠨᠢ ᠨᠠᠭᠠᠳᠤ ᠵᠠᠬ᠎ᠠ᠎ᠳᠠᠭᠠᠨ ᠵᠠᠭᠤᠨ᠎ᠤ ᠬᠠᠷᠢᠴᠠᠯ ᠵᠢᠡᠷ 5 ᠬᠤᠪᠢ ᠳᠤᠤᠷ᠎ᠠ ᠪᠠᠢᠳᠠᠭ᠃

ᠭᠡᠷ ᠪᠦᠯᠢ᠂ ᠰᠤᠷᠭᠠᠭᠤᠯᠢ ᠪᠣᠯᠤᠨ ᠨᠡᠢᠭᠡᠮ᠎ᠦᠨ ᠡᠯ᠎ᠡ ᠡᠲᠡᠭᠡᠳ᠎ᠬᠠᠮᠳᠤ ᠪᠡᠷ ᠴᠢᠷᠮᠠᠢᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠢ ᠬᠥᠭ᠌ᠵᠢᠭᠦᠯᠵᠦ᠍᠂ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠬᠡᠯᠪᠡᠷᠢ ᠵᠢ ᠰᠠᠨᠠᠭᠠᠴᠢᠯᠠᠵᠤ᠂ ᠵᠠᠯᠠᠭᠤᠴᠤᠳ ᠪᠠᠭᠠᠴᠤᠳ᠎ᠤᠨ ᠪᠡᠶ᠎ᠡ ᠵᠢᠨ ᠲᠠᠮᠢᠷ᠎ᠤᠨ ᠬᠦᠳᠡᠯᠭᠡᠭᠡᠨ ᠪᠤᠯᠪᠠᠰᠤᠷᠠᠯ ᠳ᠋ᠤ ᠤᠷᠤᠯᠴᠠᠬᠤ ᠪᠡᠷ ᠲᠠᠮᠵᠢᠨ ᠬᠥᠮᠦᠨ ᠴᠢᠨᠠᠷ᠎ᠢᠶᠠᠨ ᠲᠡᠭᠦᠯᠳᠡᠷᠵᠢᠭᠦᠯᠬᠦ᠌᠂ ᠵᠣᠷᠢᠭ ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠬᠤ᠂ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠬᠤ᠂ ᠤᠷᠮ᠎ᠠ ᠪᠠᠬ᠎ᠠ᠎ᠪᠠᠨ ᠬᠥᠭ᠌ᠵᠢᠭᠡᠬᠦ᠌ ᠵᠢ ᠲᠠᠢᠴᠢᠯᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠦᠬᠦ᠌ ᠲᠠᠯ᠎ᠠ᠎ᠪᠡᠷ ᠬᠦᠭᠵᠢᠭᠰᠡᠨ ᠰᠢᠨ᠎ᠡ ᠴᠠᠭ ᠦᠶ᠎ᠡ ᠵᠢᠨ ᠵᠠᠯᠠᠭᠤᠴᠤᠳ ᠪᠠᠭᠠᠴᠤᠳ᠎ᠢ ᠬᠦᠮᠦᠵᠢᠬᠦᠯᠪᠡᠯ ᠵᠤᠬᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面