ᠲᠡᠷᠢᠭᠦᠨ ᠨᠢᠭᠤᠷ>ᠰᠤᠷᠭᠠᠨ ᠬᠦᠮᠦᠵᠢᠯ >ᠲᠤᠷᠰᠢᠯᠭ᠎ᠠ᠎ᠪᠠᠨ ᠰᠣᠯᠢᠯᠴᠠᠶ᠎ᠠ

2024-10-21 10:49:02

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

10 ᠰᠠᠷ᠎ᠠ᠎ᠶ᠋ᠢᠨ 9 ᠤ᠋ ᠡᠳᠦᠷ᠎ᠡᠴᠡ ᠡᠬᠢᠯᠡᠨ 2025 ᠣᠨ᠎ᠤ ᠪᠥᠬᠥ᠌ ᠤᠯᠤᠰ᠎ᠤᠨ ᠠᠰᠫᠢᠷᠠᠨᠲ ᠰᠢᠯᠭᠠᠭᠤᠯᠤᠭᠰᠠᠳ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠪᠡ᠃ ᠡᠬᠦᠨ᠎ᠢ ᠲᠠᠭᠠᠯᠳᠤᠭᠠᠳ ᠠᠰᠫᠢᠷᠠᠨᠲ ᠲᠦ᠍ 《ᠰᠢᠭᠤᠳ ᠤᠷᠤᠭᠤᠯᠤᠭᠠᠳ ᠦᠭᠴᠢᠭᠡᠬᠦ ᠡᠷᠳᠡᠮ》 ᠲᠠᠢ ᠰᠢᠯᠭᠠᠯᠳᠠ ᠵᠢ ᠤᠭᠳᠤᠬᠤ ᠤᠯᠠᠨ ᠤᠯᠠᠨ ᠪᠤᠯᠪᠠᠰᠤᠷᠠᠯ ᠵᠢᠯᠤᠭᠤᠳᠤᠯᠭ᠎ᠠ ᠵᠢᠨ ᠠᠵᠢᠯ ᠲᠦᠷᠦᠯ᠎ᠤᠨ ᠬᠢᠨ᠎ᠤ ᠡᠮᠬᠢ ᠵᠠᠮᠪᠠᠷᠠᠭ᠎ᠠ ᠪᠠᠨ ᠠᠯᠳᠠᠭᠰᠠᠨ ᠵᠠᠷ ᠰᠤᠷᠳᠠᠯᠴᠢᠯᠠᠭ᠎ᠠ ᠭᠠᠵᠠᠷ ᠰᠠᠢ ᠦᠭᠡᠢ ᠲᠡᠯᠭᠡᠷᠡᠪᠡ᠃ ᠡᠨᠡ ᠬᠦ᠌ ᠪᠠᠢᠳᠠᠯ᠎ᠤᠨ ᠪᠤᠢ ᠪᠤᠯᠤᠭᠰᠠᠨ ᠨᠢ ᠨᠢᠭᠡ ᠲᠠᠯ᠎ᠠ ᠪᠠᠷ ᠬᠢᠨᠠᠯᠳᠠ ᠬᠠᠮᠢᠶᠠᠷᠤᠯᠳᠠ ᠲᠤᠳᠠᠮᠠᠬ ᠡᠴᠡ ᠪᠤᠯᠤᠭᠰᠠᠨ ᠭᠡᠬᠦ᠎ᠳᠤ ᠨᠦᠭᠦᠭᠡ ᠲᠠᠯ᠎ᠠ ᠪᠠᠷ ᠠᠰᠫᠢᠷᠠᠨᠲ ᠰᠢᠯᠭᠠᠭᠤᠯᠤᠭᠰᠠᠳ ᠦᠪᠡᠷ᠎ᠢ ᠪᠠᠨ ᠢᠳᠡᠭᠡᠵᠦ ᠬᠠᠳᠠᠭᠤᠵᠢᠯᠳᠠᠢ ᠴᠢᠷᠮᠠᠢᠬᠤ ᠦᠭᠡᠢ᠂ ᠬᠠᠷᠢᠨ 《ᠲᠦᠳᠡ ᠵᠠᠮ》ᠡᠷᠢᠵᠦ᠂ 《ᠪᠤᠯᠪᠠᠰᠤᠷᠠᠯ ᠵᠢᠯᠤᠭᠤᠳᠤᠯᠭ᠎ᠠ᠎ᠶᠢᠨ ᠠᠵᠢᠯ ᠲᠦᠷᠦᠯ》 ᠳ᠋ᠦ ᠲᠡᠩᠳᠡᠬᠦᠦ ᠨᠠᠢᠳᠠᠭᠰᠠᠨ ᠨᠠᠵᠠᠭᠠᠢ ᠤᠪᠤᠷ ᠲᠠᠢ ᠴᠸ᠋ ᠨᠢᠬᠳᠠ ᠬᠤᠯᠪᠤᠭ᠎ᠠ ᠲᠠᠢ᠃

ᠵᠠᠷᠢᠮ 《ᠳᠣᠲᠣᠭᠠᠳᠤ ᠡᠬᠢ ᠪᠠᠶᠠᠯᠢᠭ ᠲᠠᠢ᠂ ᠬᠤᠪᠢ᠎ᠶ᠋ᠢᠨ ᠬᠠᠷᠢᠴᠠᠭ᠎ᠠ ᠰᠠᠢᠨ᠂ ᠭᠡᠷ᠎ᠡ᠎ᠶ᠋ᠢᠨ ᠪᠠᠲᠤᠯᠠᠭ᠎ᠠ ᠲᠠᠢ᠂ ᠥᠨᠳᠥᠷ ᠬᠤᠪᠢ ᠵᠢ ᠪᠠᠲᠤᠯᠠᠬᠤ᠂ ᠶᠡᠬᠡ ᠳᠡᠭᠡᠳᠦ ᠰᠤᠷᠭᠠᠭᠤᠯᠢ ᠶ᠋ᠢᠨ ᠬᠦᠮᠦᠨ ᠡᠯᠰᠡᠬᠦ ᠲᠤᠭ᠎ᠠ ᠬᠢᠵᠠᠭᠠᠷ ᠲᠠᠢ᠂ ᠮᠡᠳᠡᠭᠦᠯᠬᠦ ᠰᠠᠨᠠᠭ᠎ᠠ ᠲᠠᠢ ᠪᠤᠯ ᠲᠦᠷᠭᠡᠯᠡᠭᠡᠷᠡᠢ》 ᠵᠡᠷᠭᠡ ᠵᠠᠷ ᠰᠤᠷᠳᠠᠯᠴᠢᠯᠠᠭ᠎ᠠ ᠲᠠᠢ 《ᠠᠰᠫᠢᠷᠠᠨᠲ ᠲᠸ᠋ ᠪᠠᠲᠤᠲᠠᠢ ᠤᠷᠤᠭᠤᠯᠬᠤ ᠠᠡᠭᠬᠢ》 ᠨᠢ ᠠᠷᠪᠠᠭᠠᠳ ᠲᠦᠮᠡᠨ ᠲᠦᠭᠦᠷᠢᠭ ᠤ᠋ᠨ ᠰᠦᠢᠳᠬᠡᠯ ᠬᠤᠷᠢᠶᠠᠵᠤ᠂ ᠵᠤᠭᠤᠰ ᠶ᠋ᠢᠡᠨ ᠬᠤᠷᠢᠶᠠᠭᠰᠠᠨ ᠤ᠋ ᠳᠠᠷᠠᠭ᠎ᠠ ᠬᠠᠷᠢᠯᠴᠠᠭ᠎ᠠ ᠲᠠᠰᠤᠷᠠᠵᠤ᠂ ᠠᠮᠠᠯᠳᠠᠭᠰᠠᠨ ᠬᠢᠴᠢᠶᠡᠯ ᠪᠤᠯᠪᠠᠰᠤᠷᠠᠯ ᠤ᠋ᠨ ᠦᠢᠯᠡᠴᠢᠯᠡᠭᠡ ᠪᠦᠷ ᠬᠤᠭᠤᠰᠤᠳᠠᠬᠤ ᠶᠠᠪᠤᠳᠠᠯ ᠭᠠᠷᠴᠤ ᠪᠠᠢᠨ᠎ᠠ; ᠵᠠᠷᠢᠮ ᠪᠤᠯᠪᠠᠰᠤᠷᠠᠯ ᠤ᠋ᠨ ᠪᠠᠢᠭᠤᠯᠤᠮᠵᠢ ᠨᠢ 《ᠤᠷᠤᠵᠤ ᠳᠡᠢᠯᠬᠦ ᠦᠭᠡᠢ ᠪᠤᠯ ᠰᠦᠢᠳᠬᠡᠯ ᠢ᠋ ᠪᠤᠴᠠᠭᠠᠬᠤ》 ᠪᠡᠷ ᠠᠮᠠᠯᠳᠠᠭᠰᠠᠨ ᠪᠤᠯᠪᠠᠴᠤ ᠦᠨᠡᠨ ᠬᠦ᠌ ᠰᠦᠢᠳᠬᠡᠯ ᠶ᠋ᠢᠡᠨ ᠪᠤᠴᠠᠭᠠᠬᠤ ᠪᠡᠷ ᠭᠤᠶᠤᠴᠢᠯᠠᠪᠠᠯ ᠶᠠᠪᠤᠴᠠ ᠨᠢ ᠲᠦᠢᠯ ᠤ᠋ᠨ ᠬᠦᠴᠢᠷᠲᠠᠢ ᠪᠠᠢᠵᠤ᠂ ᠵᠠᠷᠢᠮ ᠨᠢ ᠰᠦᠢᠳᠬᠡᠯ ᠤ᠋ᠨ ᠬᠠᠭᠠᠰ ᠬᠤᠭᠤᠰ ᠢ᠋ ᠪᠤᠴᠠᠭᠠᠵᠤ᠂ ᠵᠠᠷᠢᠮ ᠨᠢ ᠶᠠᠭ ᠪᠤᠴᠠᠭᠠᠬᠤ ᠦᠭᠡᠢ ᠪᠠᠢᠳᠠᠯ ᠭᠠᠷᠴᠤ ᠪᠠᠢᠨ᠎ᠠ;ᠡᠭᠦᠨ ᠡᠴᠡ ᠭᠠᠳᠠᠨ᠎ᠠ᠂ ᠰᠦᠯᠵᠢᠶᠡᠨ ᠳᠡᠭᠡᠷ᠎ᠡ ᠠᠰᠫᠢᠷᠠᠨᠲ ᠱᠢᠯᠭᠠᠭᠤᠯᠬᠤ ᠪᠤᠯᠪᠠᠰᠤᠷᠠᠯ ᠤ᠋ᠨ ᠠᠡᠭᠬᠢ ᠳ᠋ᠤ ᠤᠷᠤᠯᠴᠠᠭᠰᠠᠳ ᠰᠦᠢᠳᠬᠡᠯ ᠲᠤᠰᠢᠶᠠᠬᠤ ᠦᠶ᠎ᠡ ᠳ᠋ᠦ ᠬᠤᠪᠢ ᠬᠦᠮᠦᠨ ᠤ᠋ ᠺᠣᠳ᠋ ᠢ᠋ ᠬᠡᠷᠡᠭᠯᠡᠭᠰᠡᠨ ᠡᠴᠡ ᠪᠤᠯᠵᠤ᠂ ᠱᠢᠯᠭᠠᠭᠤᠯᠤᠭ᠍ᠴᠢ ᠡᠷᠬᠡ ᠠᠱᠢᠭ᠎ᠢᠶᠠᠨ ᠬᠠᠮᠠᠭᠠᠯᠠᠬᠤ ᠳ᠋ᠤ ᠮᠠᠰᠢ ᠬᠦᠴᠢᠷᠳᠡᠬᠦ ᠦᠵᠡᠭᠳᠡᠯ ᠭᠠᠷᠴᠤ ᠪᠤᠢ᠃

ᠠᠰᠫᠢᠷᠠᠨᠲ᠎ᠤᠨ ᠱᠢᠯᠭᠠᠯᠲᠠ ᠶ᠋ᠢᠨ ᠪᠤᠯᠪᠠᠰᠤᠷᠠᠯ ᠵᠢᠯᠤᠭᠤᠳᠤᠯᠭ᠎ᠠ᠎ᠶᠢᠨ ᠪᠠᠢᠭᠤᠯᠤᠮᠵᠢ᠎ᠶ᠋ᠢᠨ ᠬᠠᠤᠯᠢ ᠶᠣᠰᠣᠴᠢ ᠴᠢᠨᠠᠷ᠎ᠤᠨ ᠲᠤᠬᠠᠢ ᠤᠯᠠᠨ ᠲᠦᠷᠢᠮ ᠲᠤᠭᠳᠠᠭᠠᠯ ᠪᠤᠢ᠃ ᠰᠤᠷᠭᠠᠨ ᠬᠥᠮᠦᠵᠢᠯ᠎ᠦᠨ ᠶᠠᠮᠤᠨ᠎ᠤ ᠳᠠᠷᠤᠮᠠᠯᠯᠠᠨ ᠲᠠᠷᠬᠠᠭᠠᠭ᠍ᠰᠠᠨ《2024 ᠣᠨ᠎ᠤ ᠪᠥᠬᠥ᠌ ᠤᠯᠤᠰ᠎ᠤᠨ ᠠᠰᠫᠢᠷᠠᠨᠲ ᠡᠯᠰᠡᠬᠦ᠌ ᠠᠵᠢᠯ᠎ᠤᠨ ᠬᠠᠮᠢᠶᠠᠷᠤᠯᠲᠠ᠎ᠶ᠋ᠢᠨ ᠲᠣᠭ᠍ᠲᠠᠭᠠᠯ》ᠳ᠋ᠤ᠂ ᠰᠣᠷᠣᠭ᠍ᠴᠢ ᠡᠯᠰᠡᠬᠦ᠌ ᠨᠢᠭᠡᠴᠢ᠎ᠶ᠋ᠢᠨ ᠳᠣᠲᠣᠭᠠᠳᠤ᠎ᠶ᠋ᠢᠨ ᠶᠠᠮᠠᠷᠪᠠ ᠰᠠᠯᠠᠭ᠎ᠠ ᠮᠥᠴᠢᠷ ᠪᠣᠯᠤᠨ ᠠᠵᠢᠯᠲᠠᠨ ᠠᠰᠫᠢᠷᠠᠨᠲ ᠰᠢᠯᠭᠠᠭᠤᠯᠬᠤ ᠳ᠋ᠦ ᠬᠠᠪᠰᠤᠷᠤᠨ ᠵᠢᠯᠣᠭᠣᠳᠭᠤ ᠠᠵᠢᠯᠯᠠᠭ᠎ᠠ ᠡᠷᠭᠢᠯᠡᠬᠦ᠌ᠪᠤᠶᠤ ᠤᠷᠤᠯᠴᠠᠬᠤ ᠵᠢ ᠴᠢᠩᠭ᠎ᠠ ᠴᠠᠭᠠᠵᠠᠯᠠᠨ᠎ᠠ ᠭᠡᠵᠦ᠍ ᠲᠣᠳᠣᠷᠬᠠᠶ ᠵᠢᠭᠠᠵᠤ ᠭᠠᠷᠭᠠᠪᠠ᠃ 《 ᠵᠠᠷ᠎ᠮᠡᠳᠡᠭᠡ ᠶ᠋ᠢᠨ ᠬᠠᠤᠯᠢ 》 ᠶ᠋ᠢᠨ ᠬᠣᠷᠢᠨ ᠳᠥᠷᠪᠡᠳᠦᠭᠡᠷ ᠵᠦᠢᠯ᠎ᠳᠦ ᠪᠠᠰᠠ ᠰᠤᠷᠭᠠᠨ ᠬᠥᠮᠦᠵᠢᠯ᠂ ᠪᠤᠯᠪᠠᠰᠤᠷᠠᠯ ᠤ᠋ᠨ ᠪᠠᠢᠭᠤᠯᠤᠮᠵᠢ ᠶ᠋ᠢᠨ ᠵᠠᠷ᠎ᠮᠡᠳᠡᠭᠡ ᠳ᠋ᠦ ᠰᠤᠷᠭᠠᠭᠤᠯᠢ ᠳᠠᠪᠰᠢᠬᠤ᠂ ᠱᠢᠯᠭᠠᠯᠲᠠ᠎ᠳᠤ ᠬᠢᠷᠢ ᠲᠡᠩᠴᠡᠬᠦ᠌᠂ ᠡᠷᠳᠡᠮ ᠰᠢᠨᠵᠢᠯᠡᠭᠡᠨ ᠤ᠋ ᠴᠣᠯᠠ᠂ ᠰᠤᠷᠤᠯᠭ᠎ᠠ᠎ᠶ᠋ᠢᠨ ᠨᠠᠮᠲᠠᠷ ᠪᠤᠶᠤ ᠬᠢᠷᠢ ᠲᠡᠩᠴᠡᠭ᠌ᠰᠡᠨ ᠦᠨᠡᠮᠯᠡᠯ ᠤᠯᠭᠤᠬᠤ ᠪᠤᠶᠤ ᠰᠤᠷᠭᠠᠨ ᠬᠥᠮᠦᠵᠢᠯ᠂ ᠪᠤᠯᠪᠠᠰᠤᠷᠠᠯ᠎ᠤᠨ ᠦᠷ᠎ᠡ ᠳ᠋ᠦᠩ᠎ᠳᠦ ᠢᠯᠡ᠎ᠪᠡᠷ ᠪᠤᠶᠤ ᠳᠠᠯᠳᠠ᠎ᠪᠠᠷ ᠪᠠᠲᠤᠯᠠᠭ᠎ᠠ᠎ᠶ᠋ᠢᠨ ᠴᠢᠨᠠᠷᠲᠠᠢ ᠠᠮᠠᠯᠠᠯᠲᠠ ᠬᠢᠵᠦ᠍ ᠪᠣᠯᠬᠤ ᠦᠭᠡᠢ ᠭᠡᠵᠦ᠍ ᠲᠣᠳᠣᠷᠬᠠᠢ ᠲᠣᠭ᠍ᠲᠠᠭᠠᠵᠠᠢ᠃ ᠡᠭᠦᠨ ᠡᠴᠡ ᠦᠵᠡᠪᠡᠯ᠂ ᠲᠡᠭᠡᠷ᠎ᠡ ᠲᠤᠷᠠᠳᠤᠭᠰᠠᠨ 《ᠠᠰᠫᠢᠷᠨᠨᠲ ᠲᠸ᠋ ᠪᠠᠲᠤᠲᠠᠢ ᠤᠷᠤᠭᠤᠯᠬᠤ》 ᠵᠡᠷᠭᠡ ᠠᠮᠠᠯᠠᠯᠲᠠ ᠨᠢ ᠳᠦᠷᠢᠮ ᠲᠣᠭ᠍ᠲᠠᠭᠠᠯ᠎ᠳᠤ ᠨᠡᠢᠴᠡᠬᠦ᠌ ᠥᠬᠡᠶ ᠪᠠᠢᠳᠠᠭ᠃

ᠡᠳᠡᠭᠡᠷ ᠪᠠᠢᠳᠠᠯ ᠳ᠋ᠤ ᠴᠢᠭᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠦᠴᠢᠷ ᠡᠴᠡ ᠠᠰᠫᠢᠷᠠᠨᠲ᠎ᠤᠨ ᠱᠢᠯᠭᠠᠯᠲᠠ ᠶ᠋ᠢᠨ ᠪᠤᠯᠪᠠᠰᠤᠷᠠᠯ ᠵᠢᠯᠤᠭᠤᠳᠤᠯᠭ᠎ᠠ᠎ᠶᠢᠨ ᠪᠠᠢᠭᠤᠯᠤᠮᠵᠢ ᠨᠢᠭᠡᠴᠡ ᠵᠢ ᠴᠡᠭ᠌ᠴᠡᠯᠡᠨ ᠵᠠᠰᠠᠬᠤ ᠡᠷᠴᠢᠮ᠎ᠢᠶᠡᠨ ᠴᠢᠩᠭᠠᠷᠠᠭᠤᠯᠤᠨ᠂ ᠬᠢᠷᠢ ᠬᠡᠮ᠎ᠢ ᠨᠢ ᠨᠢᠭᠲᠠ ᠬᠢᠨᠠᠨ ᠬᠠᠷᠭᠤᠭᠤᠯᠵᠤ᠂ 《 ᠪᠠᠲᠤᠲᠠᠢ ᠤᠷᠤᠭᠤᠯᠬᠤ ᠠᠡᠭᠬᠢ 》 ᠵᠡᠷᠭᠡ ᠡᠮᠬᠢ ᠵᠠᠮᠪᠠᠷᠠᠭ᠎ᠠ ᠥᠬᠡᠶ ᠪᠠᠢᠳᠠᠯ᠎ᠢ ᠡᠷᠡᠰ ᠬᠣᠷᠢᠭ᠍ᠯᠠᠪᠠᠯ ᠵᠤᠬᠢᠨ᠎ᠠ᠃ ᠥᠷᠭᠡᠨ ᠣᠯᠠᠨ ᠱᠢᠯᠭᠠᠭᠤᠯᠤᠭ᠍ᠴᠢ ᠲᠠᠨᠢᠯᠲᠠ᠎ᠪᠠᠨ ᠳᠡᠭᠡᠭ᠌ᠰᠢᠯᠡᠭᠦᠯᠵᠦ᠍᠂ 《 ᠬᠤᠪᠢ ᠵᠢ ᠪᠠᠲᠤᠯᠠᠵᠤ ᠤᠷᠤᠬᠤ ᠵᠢ ᠪᠠᠲᠤᠯᠠᠬᠤ》 ᠂ 《 ᠬᠤᠪᠢ᠎ᠶ᠋ᠢᠨ ᠬᠠᠷᠢᠴᠠᠭ᠎ᠠ ᠲᠠᠢ》 ᠵᠡᠷᠭᠡ ᠵᠠᠷ ᠰᠤᠷᠳᠠᠯᠴᠢᠯᠠᠭ᠎ᠠ ᠨᠢ ᠬᠤᠳᠠᠯ ᠬᠠᠭᠤᠷᠮᠠᠭ ᠪᠤᠯᠬᠤ ᠵᠢ ᠰᠡᠷᠡᠨ ᠮᠡᠳᠡᠵᠦ᠂ ᠪᠦᠷᠢᠮᠦᠰᠦᠨ ᠪᠤᠰᠤᠳ ᠲᠸ᠋ ᠨᠠᠢᠳᠠᠬᠤ ᠵᠢ ᠲᠡᠪᠴᠢᠬᠦ ᠬᠡᠷᠡᠭᠳᠡᠢ᠃ ᠬᠡᠷᠪᠡ ᠬᠠᠤᠯᠢ ᠶᠣᠰᠣᠨ᠎ᠤ ᠡᠷᠬᠡ ᠠᠱᠢᠭ ᠴᠢᠨᠢ ᠬᠠᠯᠳᠠᠯᠭ᠎ᠠ᠎ᠳᠤ ᠤᠴᠠᠷᠠᠪᠠᠯ ᠬᠠᠤᠯᠢ ᠶᠤᠰᠤᠭᠠᠷ ᠡᠷᠬᠡ ᠠᠰᠢᠭ᠎ᠢᠶᠡᠨ ᠡᠷᠡᠰ ᠬᠠᠮᠠᠭᠠᠯᠠᠪᠠᠯ ᠵᠤᠬᠢᠨ᠎ᠠ᠃

ᠰᠢᠯᠭᠠᠯᠳᠠ᠎ᠳᠤ ᠳᠥᠭᠥᠮ ᠲᠦᠳᠡ ᠵᠠᠮ ᠭᠡᠵᠦ᠍ ᠪᠠᠢᠬᠤ ᠦᠭᠡᠢ᠃ ᠦᠷᠭᠡᠨ ᠤᠯᠠᠨ ᠠᠰᠫᠢᠷᠠᠨᠲ ᠰᠢᠯᠭᠠᠭᠤᠯᠤᠭᠴᠢᠳ ᠮᠠᠨᠢ ᠴᠢᠷᠮᠠᠢᠯᠭ᠎ᠠ ᠬᠦᠮᠦᠨ ᠢ᠋ ᠭᠤᠮᠤᠳᠠᠭᠠᠬᠤ ᠦᠭᠡᠢ ᠭᠡᠳᠡᠭ ᠦᠨᠡᠨ ᠶᠤᠰᠤ ᠵᠢ ᠪᠠᠲᠤ ᠢᠲᠡᠭᠡᠵᠦ᠂ ᠰᠢᠯᠭᠠᠯᠲᠠ ᠳ᠋ᠠᠭᠠᠨ ᠦᠨᠡᠨᠴᠢ ᠢᠲᠡᠭᠡᠮᠵᠢᠲᠡᠢ ᠬᠠᠨᠳᠤᠭᠠᠷᠠᠢ᠃ ᠴᠢᠷᠮᠠᠢᠯᠭ᠎ᠠ ᠪᠤᠯ ᠬᠠᠮᠤᠭ᠎ᠤᠨ ᠪᠠᠳᠤᠯᠠᠭ᠎ᠠ ᠲᠠᠢ ᠵᠠᠮ ᠶᠤᠮ !

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面