ᠲᠡᠷᠢᠭᠦᠨ ᠨᠢᠭᠤᠷ>ᠰᠤᠷᠭᠠᠨ ᠬᠦᠮᠦᠵᠢᠯ >ᠲᠤᠷᠰᠢᠯᠭ᠎ᠠ᠎ᠪᠠᠨ ᠰᠣᠯᠢᠯᠴᠠᠶ᠎ᠠ

2024-12-02 16:49:04

ᠵᠣᠬᠢᠶᠠᠭ᠍ᠴᠢ᠄ ᠪᠠᠳᠦ ᠣᠩᠱᠢᠭ᠍ᠰᠠᠨ ᠣᠳᠠᠭ᠎ᠠ᠄ 3

ᠪᠠᠭ᠎ᠠ ᠰᠤᠷᠭᠠᠭᠤᠯᠢ᠎ᠶ᠋ᠢᠨ ᠱᠠᠲᠤ ᠦᠶ᠎ᠡ ᠪᠤᠯ ᠪᠠᠭᠠᠴᠤᠤᠨ ᠬᠡᠤᠬᠡᠤᠨ᠎ᠤᠨ ᠪᠡᠶ᠎ᠡ ᠰᠡᠤᠨᠬᠢᠴᠨ᠎ᠶ᠋ᠢᠨ ᠬᠦᠭ᠌ᠵᠢᠯᠲᠠ᠎ᠶ᠋ᠢᠨ ᠵᠠᠩᠬᠢᠯᠠᠭ᠎ᠠ᠎ᠶ᠋ᠢᠨ ᠦᠶ᠎ᠡ ᠪᠤᠯᠤᠨ᠎ᠠ᠃ ᠡᠷᠡᠭᠦᠯ ᠴᠢᠬᠢᠷᠠᠭ ᠪᠡᠶ᠎ᠠ ᠮᠠᠬᠠᠪᠤᠳ ᠲᠠᠢ᠂ ᠡᠷᠡᠬᠦᠯ ᠪᠦᠳᠦᠨ ᠵᠠᠩ ᠴᠢᠨᠠᠷ ᠳᠠᠢ᠂ ᠡᠷᠡᠰ ᠬᠠᠳᠠᠭᠤ ᠵᠤᠷᠢᠭ ᠰᠦᠰᠤ ᠳᠠᠢ ᠬᠡᠦᠬᠡᠳ ᠢ᠋ ᠬᠦᠮᠦᠵᠢᠬᠦᠯᠬᠦ ᠳ᠋ᠤ ᠳᠠᠮᠢᠷ᠎ᠤᠨ ᠬᠢᠴᠢᠶᠡᠯ ᠨᠢ ᠨᠢᠬᠡᠨ ᠳᠤᠳᠠᠭᠳᠠᠵᠤ ᠪᠤᠯᠤᠰᠢ ᠦᠬᠡᠢ ᠴᠢᠬᠤᠯᠠ ᠬᠦᠴᠦᠨ ᠪᠤᠯᠬᠤ ᠶᠤᠮ᠃ ᠤᠢᠷ᠎ᠠ ᠵᠢᠨ ᠵᠢᠯ ᠤ᠋ᠳ ᠲᠤ᠌ ᠤᠯᠤᠰ ᠡᠴᠡ ᠪᠠᠭᠠᠴᠤᠳ ᠬᠡᠦᠬᠡᠳ᠎ᠢ᠋ ᠳᠠᠮᠢᠷ᠎ᠤᠨ ᠬᠦᠳᠡᠯᠬᠡᠬᠡᠨ ᠳ᠋ᠤ ᠢᠯᠡᠬᠦᠬᠡᠨ ᠤᠷᠤᠯᠴᠠᠬᠤ ᠵᠢ ᠵᠤᠷᠢᠭᠵᠢᠭᠤᠯᠵᠤ ᠂ ᠰᠤᠷᠭᠠᠭᠤᠯᠢ ᠵᠢᠨ ᠳᠠᠮᠢᠷ᠎ᠤᠨ ᠬᠢᠴᠢᠶᠡᠯ᠎ᠤᠨ ᠪᠠᠭᠠᠴᠤᠳ ᠬᠡᠦᠬᠡᠳ᠎ᠤ᠋ᠨ ᠦᠰᠦᠨ ᠪᠤᠢᠵᠢᠯᠳᠠ ᠳ᠋ᠤ ᠦᠵᠡᠭᠦᠯᠬᠦ ᠠᠴᠢ ᠦᠢᠯᠡᠳᠦᠯ᠎ᠢ ᠨᠡᠩ ᠬᠦᠨᠳᠦᠳᠭᠡᠬᠦ ᠪᠤᠯᠤᠬᠰᠠᠨ ᠨᠢ ᠪᠠᠶᠠᠷᠯᠠᠭᠤᠰᠢᠳᠠᠢ᠃

ᠤᠯᠠᠨ ᠤ᠋ ᠮᠡᠳᠡᠬᠡᠵᠢ ᠪᠡᠷ᠂ ᠦᠩᠭᠡᠷᠡᠭᠰᠡᠨ ᠳ᠋ᠤ ᠠᠯᠪᠠᠨ ᠵᠢᠷᠤᠮ᠎ᠤᠨ ᠰᠤᠷᠭᠠᠨ ᠬᠦᠮᠤᠵᠢᠯ᠎ᠤᠨ ᠱᠠᠳᠤᠨ᠎ᠤ ᠰᠤᠷᠭᠠᠭᠤᠯᠢ᠎ᠨᠤᠭᠤᠳ ᠲᠠᠮᠢᠷ᠎ᠤᠨ ᠬᠢᠴᠢᠶᠡᠯ᠎ᠢ ᠲᠡᠮᠡᠢ ᠴᠢᠬᠤᠯᠠᠴᠢᠯᠠᠬᠤ ᠦᠭᠡᠢ ᠦᠵᠡᠭᠳᠡᠯ ᠤᠷᠤᠰᠢᠵᠤ ᠪᠠᠢᠬᠰᠠᠨ᠃ ᠬᠡᠳᠦᠢᠪᠡᠷ ᠡᠳᠦᠷ ᠪᠤᠯᠭᠠᠨ ᠲᠠᠮᠢᠷ᠎ᠤᠨ ᠬᠢᠴᠢᠶᠡᠯ ᠳᠤᠬᠢᠷᠠᠭᠤᠯᠵᠤ ᠪᠠᠢᠳᠠᠭ ᠴᠤ᠌ ᠬᠡᠦᠬᠡᠳ᠎ᠤᠨ ᠪᠡᠶ᠎ᠠ ᠮᠠᠬᠠᠪᠤᠳ᠎ᠤᠨ ᠬᠦᠭᠵᠢᠯᠳᠡ ᠵᠢᠨ ᠤᠨᠴᠠᠯᠢᠭ ᠲᠸ᠋ ᠲᠤᠬᠢᠷᠠᠭᠰᠠᠨ᠂ ᠬᠡᠦᠬᠡᠳ᠎ᠤᠨ ᠳᠤᠷ᠎ᠠ ᠰᠤᠨᠢᠷᠬᠠᠯ ᠢ᠋ ᠳᠠᠳᠠᠭᠰᠠᠨ ᠠᠭᠤᠯᠭ᠎ᠠ ᠠᠷᠠᠢ ᠬᠦᠷᠦᠯᠴᠡᠬᠦ ᠦᠬᠡᠢ ᠪᠠᠢᠳᠠᠭ᠃ ᠡᠢᠨ ᠬᠦ᠌᠂ ᠬᠡᠦᠬᠡᠳ᠎ᠤᠨ ᠦᠰᠦᠨ ᠪᠤᠢᠵᠢᠯᠳᠠ ᠵᠢᠨ ᠶᠠᠪᠤᠴᠨ᠎ᠳᠠᠬᠢ ᠨᠢᠭᠤᠠᠠᠲᠠᠮᠠᠯ ᠬᠦᠴᠤᠨ᠎ᠢ ᠢᠲᠡᠪᠬᠢᠳᠡᠢ ᠲᠠᠢᠴᠢᠯᠠᠵᠤ ᠂ ᠳᠠᠮᠢᠷ᠎ᠤᠨ ᠬᠦᠳᠡᠯᠬᠡᠬᠡᠨ ᠳ᠋ᠤ ᠤᠷᠤᠯᠴᠠᠬᠤ ᠤᠷᠮᠠᠰᠢᠯ ᠢ᠋ ᠨᠢ ᠬᠦᠭᠵᠢᠬᠡᠵᠦ᠂ ᠪᠠᠭ᠎ᠠ ᠰᠤᠷᠭᠠᠭᠤᠯᠢ᠎ᠶ᠋ᠢᠨ ᠲᠠᠮᠢᠷ᠎ᠤᠨ ᠬᠢᠴᠢᠶᠡᠯ᠎ᠢ ᠤᠯᠠᠮ ᠴᠢᠨᠠᠷᠵᠢᠭᠤᠨ ᠵᠢᠭᠠᠬᠤ ᠨᠢ ᠲᠠ ᠪᠢᠳᠡᠨ ᠤ᠋ ᠡᠮᠦᠨ᠎ᠡ ᠲᠠᠯᠪᠢᠠᠠᠲᠠᠵᠤ ᠪᠠᠢᠭ᠎ᠠ ᠴᠢᠬᠤᠯᠠ ᠰᠡᠳᠦᠪ ᠪᠤᠯᠤᠨ᠎ᠠ᠃ ᠭᠡᠬᠦ ᠳ᠋ᠡᠭᠡᠨ ᠪᠠᠭ᠎ᠠ ᠰᠤᠷᠭᠠᠭᠤᠯᠢ ᠵᠢᠨ ᠳᠠᠮᠢᠷ᠎ᠤᠨ ᠬᠢᠴᠢᠶᠡᠯ ᠢ᠋ ᠰᠠᠢᠳᠤᠷ ᠵᠢᠭᠠᠬᠤ ᠳ᠋ᠤ ᠳᠤᠤᠷᠠᠬᠢ ᠬᠡᠳᠦᠨ ᠳᠠᠯ᠎ᠠ ᠵᠢ ᠠᠩᠬᠠᠷᠪᠠᠯ ᠵᠤᠬᠢᠯᠳᠠᠢ᠃

ᠡᠩ ᠳᠡᠷᠢᠬᠦᠨ ᠳ᠋ᠤ᠂ ᠦᠩᠬᠡᠷᠡᠭᠰᠡᠨ ᠤ᠋ ᠦᠵᠡᠯᠳᠡ ᠳᠠᠨᠢᠯᠳᠠ ᠪᠠᠨ ᠬᠤᠪᠢᠷᠠᠭᠤᠯᠵᠤ᠂ ᠲᠠᠮᠢᠷ᠎ᠤᠨ ᠬᠢᠴᠢᠶᠡᠯ᠎ᠤᠨ ᠦᠢᠯᠡᠳᠦᠯ᠂ ᠦᠨ᠎ᠡ ᠦᠷᠳᠡᠭ ᠢ᠋ ᠬᠦᠨᠵᠡᠬᠡᠢ ᠳᠠᠨᠢᠵᠤ᠂ ᠬᠢᠴᠢᠶᠡᠯᠯᠡᠬᠦ ᠠᠷᠭ᠎ᠠ ᠮᠠᠶᠢᠭ ᠤ᠋ᠨ ᠰᠢᠨ᠎ᠡ ᠵᠢ ᠡᠭᠦᠳᠴᠦ᠂ ᠰᠤᠷᠭᠠᠭᠤᠯᠢ ᠵᠢᠨ ᠨᠦᠬᠦᠴᠡᠯ ᠪᠤᠯᠤᠮᠵᠢ ᠳᠠᠢ ᠤᠶᠠᠯᠳᠤᠭᠤᠯᠵᠤ ᠵᠢᠭᠠᠨ ᠰᠤᠷᠭᠠᠯᠳᠠ ᠵᠢᠨ ᠶᠠᠰᠤ ᠴᠢᠨᠠᠷ᠎ᠢ ᠲᠡᠭᠡᠭᠰᠢᠯᠡᠭᠦᠯᠬᠦ ᠲᠠᠯ᠎ᠠ ᠪᠠᠷ ᠬᠦᠴᠦᠯᠡᠬᠦ ᠬᠡᠷᠡᠭᠳᠡᠢ᠃ ᠰᠤᠷᠭᠠᠭᠤᠯᠢ ᠵᠢᠨ ᠳᠠᠮᠢᠷ᠎ᠤᠨ ᠬᠢᠴᠢᠶᠡᠯ ᠪᠤᠯ ᠬᠡᠪ ᠴᠢᠨᠠᠷ᠎ᠤᠨ ᠰᠤᠷᠭᠠᠨ ᠬᠦᠮᠦᠵᠢᠯ᠎ᠤᠨ ᠨᠢᠬᠡᠨ ᠬᠢᠯᠠᠰ ᠴᠡᠭ ᠪᠤᠯᠤᠨ᠎ᠠ᠃ ᠤᠲᠤᠬᠠᠨ᠎ᠤ ᠪᠠᠢᠲᠠᠯ᠎ᠠᠴᠠ ᠦᠵᠡᠪᠡᠯ ᠰᠤᠷᠭᠠᠭᠤᠯᠢ᠎ᠶ᠋ᠢᠨ ᠨᠦᠬᠦᠴᠡᠯ ᠪᠤᠯᠤᠮᠵᠢ᠂ ᠲᠤᠨᠤᠭ ᠲᠦᠬᠦᠬᠡᠷᠤᠮᠵᠢ ᠪᠦᠷ ᠶᠡᠬᠡᠬᠡᠨ ᠰᠠᠢᠵᠢᠷᠠᠵᠠᠢ᠃ ᠡᠳᠡᠭᠡᠷ ᠠᠱᠢᠠᠠᠲᠠᠢ ᠨᠦᠬᠦᠴᠡᠯ ᠪᠤᠯᠤᠮᠵᠢ᠎ᠶ᠋ᠢ ᠠᠯᠲᠠᠯ ᠦᠬᠡᠢ ᠠᠳᠬᠤᠵᠤ ᠂ ᠪᠠᠭ᠎ᠠ ᠰᠤᠷᠭᠠᠭᠤᠯᠢ᠎ᠶ᠋ᠢᠨ ᠲᠠᠮᠢᠷ᠎ᠤᠨ ᠬᠢᠴᠢᠶᠡᠯ᠎ᠢ ᠤᠯᠠᠮ ᠴᠢᠨᠠᠷᠵᠢᠭᠤᠯᠬᠤ ᠲᠠᠯ᠎ᠠ ᠪᠡᠷ ᠰᠤᠲᠤᠯᠵᠤ᠂ ᠱᠢᠨ᠎ᠠ᠎ᠶ᠋ᠢ ᠡᠷᠢᠯᠬᠢᠯᠡᠵᠤ᠂ ᠱᠢᠨ᠎ᠠ᠎ᠶ᠋ᠢ ᠡᠬᠦᠤᠨᠬᠦ᠌ ᠬᠡᠷᠡᠭᠳᠡᠢ᠃ ᠪᠠᠭ᠎ᠠ ᠰᠤᠷᠭᠠᠭᠤᠯᠢ᠎ᠶ᠋ᠢᠨ ᠱᠠᠲᠤᠨ᠎ᠤ ᠬᠡᠤᠬᠡᠤᠨ ᠪᠤᠯ 6 — 12 ᠨᠠᠰᠤᠨ᠎ᠤ ᠬᠤᠭᠤᠷᠤᠨᠲᠤ ᠪᠠᠢᠲᠠᠭ᠃ ᠡᠨᠡᠬᠦ᠌ ᠴᠠᠭ ᠬᠤᠭᠤᠴᠠᠭ᠎ᠠ ᠪᠤᠯ ᠬᠡᠤᠬᠡᠤᠨ ᠪᠠᠭᠠᠴᠤᠤᠨ᠎ᠤᠨ ᠪᠦᠬᠦ᠌ ᠲᠠᠯ᠎ᠠ᠎ᠶ᠋ᠢᠨ ᠬᠦᠭ᠌ᠵᠢᠯᠲᠠ᠎ᠶ᠋ᠢᠨ ᠬᠠᠮᠤᠭ ᠰᠤᠷᠭᠤᠭ ᠰᠤᠲᠤᠨ ᠦᠶ᠎ᠡ᠎ᠪᠤᠯᠤᠨ᠎ᠠ᠃ ᠡᠢᠮᠦ ᠡᠴᠡ ᠡᠨᠡ ᠦᠶ᠎ᠠ ᠵᠢᠨ ᠲᠠᠮᠢᠷ᠎ᠤᠨ ᠬᠢᠴᠢᠶᠡᠯ᠎ᠤᠨ ᠠᠭᠤᠯᠭ᠎ᠠ᠎ᠳ᠋ᠤ ᠪᠠᠭᠠᠴᠤᠳ ᠬᠡᠦᠬᠡᠳ᠎ᠤᠨ ᠤᠷᠮ᠎ᠠ ᠰᠡᠳᠬᠢᠯᠬᠡ ᠵᠢ ᠬᠦᠭ᠌ᠵᠢᠬᠡᠬᠦ᠂ ᠴᠢᠰᠤᠨ᠎ᠤ ᠡᠷᠬᠢᠯᠲᠠ᠎ᠶ᠋ᠢ ᠰᠠᠢᠵᠢᠷᠠᠭᠤᠯᠬᠤ ᠂ ᠴᠤᠭ ᠵᠤᠯᠢ᠎ᠶ᠋ᠢ ᠨᠡᠮᠡᠭᠳᠡᠬᠦᠯᠬᠦ᠂ ᠪᠤᠯᠴᠢᠩ᠎ᠤᠨ ᠢᠲᠡᠪᠬᠢ ᠴᠢᠨᠠᠷ᠎ᠢ ᠲᠡᠬᠡᠭ᠌ᠰᠢᠯᠡᠬᠦᠯᠬᠦ ᠳᠠᠯ᠎ᠠ ᠪᠡᠷ ᠠᠰᠢᠭᠳᠠᠢ ᠦᠢᠯᠡ ᠬᠦᠳᠡᠯᠬᠡᠬᠡᠨ ᠢ᠋ ᠰᠤᠩᠭᠤᠵᠤ ᠪᠤᠯᠤᠨ᠎ᠠ᠃

ᠲᠠᠷᠠᠭᠠᠯᠠᠪᠠᠯ᠂ ᠲᠠᠮᠢᠷ᠎ᠤᠨ ᠬᠢᠴᠢᠶᠡᠯ᠎ᠤᠨ ᠠᠭᠤᠯᠭ᠎ᠠ ᠵᠢ ᠤᠯᠠᠮ ᠴᠢᠨᠠᠬᠰᠢᠳᠠ ᠪᠠᠶᠠᠯᠢᠭᠵᠢᠭᠤᠯᠪᠠᠯ ᠵᠤᠬᠢᠨ᠎ᠠ᠃ ᠲᠠᠮᠢᠷ᠎ᠤᠨ ᠬᠢᠴᠢᠶᠡᠯ᠎ᠢ ᠴᠢᠨᠠᠷᠯᠢᠭ ᠱᠢᠨᠵᠢᠯᠡᠬᠦ᠌ ᠤᠬᠠᠭᠠᠨᠴᠢ᠎ᠪᠠᠷ ᠤᠷᠤᠬᠤ᠎ᠨᠢ ᠪᠠᠭ᠎ᠠ ᠰᠤᠷᠭᠠᠭᠤᠯᠢ᠎ᠶ᠋ᠢᠨ ᠰᠤᠷᠤᠠᠠᠴᠢᠤᠨ᠎ᠤᠨ ᠨᠢᠭᠤᠠᠠᠲᠠᠮᠠᠯ ᠤᠷ᠎ᠠ ᠠᠪᠢᠶᠠᠰ᠎ᠢ ᠠᠭᠤᠲᠠᠯᠤᠨ ᠢᠯᠡᠷᠡᠬᠦᠯᠬᠦ᠌ ᠲᠤᠬᠢᠶᠠᠯ ᠪᠤᠯᠤᠨ᠎ᠠ᠃ ᠪᠡᠶ᠎ᠡ᠎ᠶᠢᠨ ᠲᠠᠮᠢᠷ᠎ᠤᠨ ᠲᠠᠯ᠎ᠠ ᠪᠠᠷ ᠬᠢ ᠲᠠᠯᠲᠠ ᠴᠢᠳᠠᠪᠤᠷᠢ᠂ ᠤᠷ᠎ᠠ ᠠᠪᠢᠶᠠᠰ᠎ᠵᠢᠡᠨ ᠬᠠᠷᠠᠬᠠᠨ ᠤᠢᠯᠠᠭᠠᠭ᠎ᠠ ᠦᠬᠡᠢ᠂ ᠰᠡᠷᠡᠵᠦ ᠮᠡᠳᠡᠭᠡ ᠦᠭᠡᠢ ᠬᠡᠤᠬᠡᠤᠨ ᠤᠯᠠᠨ ᠪᠠᠢᠬᠤ ᠨᠢ ᠯᠠᠪᠳᠠᠢ᠃ ᠡᠢᠮᠦ ᠡᠴᠡ ᠲᠠᠮᠢᠷ᠎ᠤᠨ ᠬᠢᠴᠢᠶᠡᠯ ᠤᠷᠤᠬᠤ ᠶᠠᠪᠤᠴᠠ ᠳ᠋ᠤ ᠲᠠᠮᠢᠷ᠎ᠤᠨ ᠪᠠᠭᠰᠢ ᠨᠠᠷ ᠰᠤᠷᠤᠭᠴᠢᠳ ᠵᠢᠡᠨ ᠬᠢᠷᠠᠬᠠᠢ ᠠᠵᠢᠵᠤ᠂ ᠲᠡᠲᠡᠨ᠎ᠢ᠋ ᠤᠷᠮᠠᠰᠢᠭᠤᠯᠤᠨ ᠵᠤᠷᠢᠭᠵᠢᠭᠤᠯᠵᠤ᠂ ᠵᠦᠪ ᠵᠢᠡᠷ ᠬᠦᠳᠦᠯᠦᠨ ᠵᠢᠯᠤᠭᠤᠳᠪᠠᠯ ᠰᠤᠷᠤᠭᠴᠢᠳ᠎ᠤᠨ ᠤᠷ᠎ᠠ ᠠᠪᠢᠶᠠᠰ ᠢ᠋ ᠪᠦᠷᠢᠨ ᠪᠠᠳᠠᠷᠠᠭᠤᠯᠵᠤ ᠴᠢᠳᠠᠬᠤ ᠶᠤᠮ᠃ ᠤᠲᠤᠬᠠᠨ᠎ᠳᠤ ᠡᠯ᠎ᠠ ᠭᠠᠵᠠᠷ ᠡᠯ᠎ᠠ ᠰᠤᠷᠭᠠᠭᠤᠯᠢ᠎ᠵᠢᠨ ᠳᠠᠮᠢᠷ᠎ᠤᠨ ᠬᠢᠴᠢᠶᠡᠯ ᠨᠢ ᠪᠦᠬᠡ ᠪᠠᠷᠢᠯᠳᠤᠬᠤ᠂ ᠪᠦᠮᠪᠦᠭᠡ ᠢᠰᠭᠦᠯᠬᠦ᠂ ᠬᠤᠯᠨ ᠬᠦᠶᠤᠬᠦ᠂ ᠰᠠᠭᠰᠤᠨ ᠪᠦᠮᠪᠦᠬᠡ᠂ ᠦᠳᠦᠨ ᠪᠦᠮᠪᠦᠬᠡ᠂ ᠠᠯᠠᠭᠠᠳᠠᠬᠤ ᠪᠦᠮᠪᠦᠬᠡ ᠵᠡᠷᠭᠡ ᠪᠡᠷ ᠭᠤᠤᠯᠯᠠᠵᠤ᠂ ᠬᠡᠳᠦ ᠳᠠᠩ ᠴᠤᠯᠭᠤᠢ ᠰᠠᠨᠠᠭᠳᠠᠨ᠎ᠠ᠃ ᠦᠨᠡᠨᠳᠡᠭᠡᠨ ᠨᠡᠩ ᠪᠠᠶᠠᠯᠢᠭ ᠠᠭᠤᠯᠭ᠎ᠠ ᠲᠤᠬᠢᠷᠠᠭᠤᠯᠵᠤ ᠂ ᠬᠡᠦᠬᠡᠳ᠎ᠤᠨ ᠳᠤᠳᠤᠭᠠᠳᠤ ᠮᠡᠳᠡᠷᠡᠮᠵᠢ ᠵᠢ ᠬᠦᠭᠵᠢᠭᠦᠯᠬᠦ᠂ ᠳᠠᠯᠳᠠ ᠬᠦᠴᠦ᠍᠎ᠶ᠋ᠢ᠎ᠨᠢ ᠢᠯᠡᠷᠡᠭᠦᠯᠬᠦ ᠪᠡᠷ ᠴᠢᠷᠮᠠᠢᠪᠠᠯ ᠵᠦᠢᠳᠡᠢ᠃ ᠡᠬᠦᠨ ᠡᠴᠡ ᠭᠠᠳᠠᠨ᠎ᠠ᠂ ᠲᠠᠮᠢᠷ᠎ᠤᠨ ᠪᠠᠭᠰᠢ ᠨᠠᠷ ᠪᠠᠰᠠ ᠳᠠᠮᠢᠷ᠎ᠤᠨ ᠳᠤᠬᠠᠢ ᠤᠨᠤᠯ᠎ᠵᠦᠢ ᠵᠢᠨ ᠮᠡᠳᠡᠯᠬᠡ ᠪᠠᠨ ᠦᠷᠭᠡᠵᠢᠭᠦᠯᠵᠦ᠂ ᠤᠤᠯ᠎ᠤᠨ ᠬᠡᠪᠰᠢᠮᠡᠯ ᠵᠢᠭᠠᠨ ᠰᠤᠷᠭᠠᠯᠳᠠ᠎ᠶᠢᠨ ᠤᠨᠤᠯ ᠪᠠ ᠠᠷᠭ᠎ᠠ ᠪᠠᠨ ᠬᠤᠪᠢᠷᠠᠭᠤᠯᠵᠤ᠂ ᠳᠠᠮᠢᠷ᠎ᠤᠨ ᠬᠢᠴᠢᠶᠡᠯ᠎ᠤᠨ ᠴᠢᠬᠤᠯᠠ ᠴᠢᠨᠠᠷ ᠢ᠋ ᠰᠤᠷᠤᠭᠴᠢᠳ ᠲᠤ᠌ ᠤᠢᠯᠠᠭᠠᠭᠤᠯᠬᠤ ᠬᠡᠷᠡᠭᠳᠡᠢ᠃

ᠪᠡᠶ᠎ᠡ᠎ᠶᠢᠨ ᠲᠠᠮᠢᠷ᠎ᠤᠨ ᠬᠦᠳᠡᠯᠭᠡᠭᠡᠨ ᠳ᠋ᠤ ᠢᠯᠡᠭᠦᠭᠡᠨ ᠤᠷᠤᠯᠴᠠᠬᠤ ᠪᠤᠯ ᠬᠡᠤᠬᠡᠳ᠎ᠤᠨ ᠡᠷᠡᠭᠦᠯ ᠰᠠᠷᠠᠭᠤᠯ ᠦᠰᠦᠨ ᠪᠤᠢᠵᠢᠬᠤ᠎ᠶᠢᠨ ᠴᠢᠬᠤᠯᠠ ᠨᠦᠬᠦᠴᠡᠯ ᠪᠤᠯᠤᠨ᠎ᠠ᠃ ᠡᠢᠮᠦ ᠡᠴᠡ ᠰᠤᠷᠭᠠᠭᠤᠯᠢ ᠪᠠ ᠪᠠᠬᠰᠢ ᠨᠠᠷ᠂ ᠭᠡᠷ ᠪᠦᠯᠢ᠂ ᠨᠡᠢᠭᠡᠮ ᠨᠡᠢᠳᠡ ᠡᠴᠡ ᠲᠠᠮᠢᠷ᠎ᠤᠨ ᠬᠦᠳᠡᠯᠭᠡᠭᠡᠨ ᠂ ᠲᠠᠮᠢᠷ᠎ᠤᠨ ᠬᠢᠴᠢᠶᠡᠯ᠎ᠤᠨ ᠠᠴᠢ ᠦᠢᠯᠡᠳᠦᠯ᠎ᠢ ᠭᠦᠨᠵᠡᠭᠡᠢ ᠲᠠᠨᠢᠵᠤ᠂ ᠬᠡᠤᠬᠡᠳ ᠪᠠᠭᠠᠴᠤᠳ᠎ᠢ ᠬᠦᠳᠦᠯᠦᠨ ᠵᠤᠷᠢᠭᠵᠢᠭᠤᠯᠵᠤ ᠢᠯᠡᠭᠦᠬᠡᠨ ᠤᠷᠤᠯᠴᠠᠭᠤᠯᠵᠤ᠂ ᠲᠡᠳᠡᠨ᠎ᠤ ᠪᠡᠶ᠎ᠡ ᠰᠡᠳᠭᠢᠴᠡ᠎ᠶᠢᠨ ᠡᠷᠡᠭᠦᠯ᠎ᠢᠶᠡᠷ ᠦᠰᠦᠨ ᠪᠤᠢᠵᠢᠬᠤ ᠵᠢ ᠠᠬᠢᠭᠤᠯᠬᠤ ᠬᠡᠷᠡᠭᠳᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面