ᠲᠡᠷᠢᠭᠦᠨ ᠨᠢᠭᠤᠷ>ᠰᠤᠷᠭᠠᠨ ᠬᠦᠮᠦᠵᠢᠯ >ᠲᠤᠷᠰᠢᠯᠭ᠎ᠠ᠎ᠪᠠᠨ ᠰᠣᠯᠢᠯᠴᠠᠶ᠎ᠠ

2025-02-10 10:51:40

ᠵᠣᠬᠢᠶᠠᠭ᠍ᠴᠢ᠄ ​ ᠨᠠᠪᠴᠢ ᠣᠩᠱᠢᠭ᠍ᠰᠠᠨ ᠣᠳᠠᠭ᠎ᠠ᠄ 3

《ᠣᠷᠳᠣᠰ᠎ᠲᠤ ᠰᠠᠭᠠᠳᠠᠨ ᠪᠠᠶᠠᠷ᠎ᠤᠨ ᠡᠳᠦᠷ᠎ᠢᠶᠡᠨ ᠪᠡᠯᠭᠡᠯᠡᠨ ᠲᠡᠮᠳᠡᠭᠯᠡᠭᠦ᠎ᠶᠢ ᠪᠠᠶᠠᠷᠯᠠᠨ ᠤᠭᠲᠤᠶ᠎ᠠ》ᠭᠡᠬᠦ ᠬᠢᠴᠢᠶᠡᠯ ᠲᠥᠷᠥᠯ᠎ᠦᠨ ᠶᠡᠷᠦᠩᠬᠡᠢᠯᠡᠭᠰᠡᠨ ᠠᠵᠢᠯᠯᠠᠭ᠎ᠠ᠎ᠶᠢᠨ ᠦᠢᠯᠡᠳᠦᠯᠭᠡ᠎ᠶᠢᠨ ᠬᠢᠴᠢᠶᠡᠯ᠎ᠦᠨ ᠲᠠᠩᠬᠢᠮ᠎ᠳᠤ᠂ ᠰᠤᠷᠤᠭ᠍ᠴᠢᠳ ᠥᠪᠡᠷ᠎ᠦᠨ ᠪᠠᠬᠠᠷᠬᠠᠳᠠᠭ ᠪᠠᠶᠠᠷ᠎ᠤᠨ ᠡᠳᠦᠷ᠎ᠦᠨ ᠰᠡᠳᠬᠢᠬᠦᠢ᠎ᠶᠢᠨ ᠵᠢᠯᠣᠭᠣᠳᠤᠮᠵᠢ ᠵᠢᠷᠤᠭ ᠵᠢᠷᠤᠵᠤ᠂ ᠣᠷᠳᠣᠰ᠎ᠤᠨ ᠣᠷᠣᠨ ᠨᠤᠳᠤᠭ᠎ᠤᠨ ᠰᠣᠶᠣᠯ᠎ᠲᠠᠢ ᠠᠭᠤᠰᠤᠯᠴᠠᠭᠤᠯᠤᠭᠰᠠᠨ ᠪᠠᠶᠠᠷ᠎ᠤᠨ ᠡᠳᠦᠷ᠎ᠦᠨ ᠤᠬᠠᠭᠤᠯᠭ᠎ᠠ᠎ᠶᠢᠨ ᠵᠠᠷ ᠦᠢᠯᠡᠳᠪᠠ;ᠤᠷᠠᠨ ᠵᠢᠷᠤᠭ᠎ᠤᠨ ᠪᠠᠢᠩᠭᠤ ᠶ᠋ᠢᠨ ᠦᠢᠯᠡᠳᠦᠯᠭᠡ ᠶ᠋ᠢᠨ ᠬᠢᠴᠢᠶᠡᠯ ᠪᠤᠯᠬᠤ 《ᠰᠤᠷᠭᠠᠭᠤᠯᠢ ᠶ᠋ᠢᠨ ᠬᠦᠷᠢᠶᠡᠨ᠎ᠦ ᠭᠤᠸ᠎ᠠ ᠰᠠᠢᠬᠠᠨ᠎ᠤ ᠬᠠᠢᠯᠲᠠ ︱ ᠰᠤᠷᠭᠠᠭᠤᠯᠢ ᠶ᠋ᠢᠨ ᠬᠦᠷᠢᠶᠡᠨ᠎ᠦ ᠵᠦᠭᠯᠡᠭᠦᠷ》ᠬᠡᠬᠦ ᠬᠢᠴᠢᠶᠡᠯ᠎ᠦᠨ ᠲᠠᠩᠬᠢᠮ᠎ᠳᠤ᠂ ᠰᠤᠷᠤᠭ᠍ᠴᠢᠳ ᠳᠤᠭᠤᠢᠯᠠᠩ᠎ᠤᠨ ᠬᠠᠮᠲᠤᠷᠠᠯᠴᠠᠭ᠎ᠠ᠎ᠪᠠᠷ ᠰᠤᠷᠭᠠᠭᠤᠯᠢ ᠶ᠋ᠢᠨ ᠬᠦᠷᠢᠶᠡᠨ᠎ᠦ ᠰᠣᠶᠣᠯ᠎ᠤᠨ ᠣᠨᠴᠠᠯᠢᠭ᠋ ᠪᠦᠬᠦᠢ ᠬᠡᠳᠦᠨ ᠠᠷᠪᠠᠨ ᠵᠦᠢᠯ᠎ᠦᠨ ᠪᠦᠲᠦᠭᠡᠯᠴᠢ ᠰᠡᠳᠬᠢᠮᠵᠢ ᠲᠠᠢ ᠬᠦᠳᠦᠴᠢ ᠲᠡᠮᠳᠡᠭ ᠢ᠋ ᠵᠢᠷᠤᠵᠤ ᠭᠠᠷᠭᠠᠪᠠ᠁


QQ20250210-104935.png


ᠤᠢᠷ᠎ᠠ ᠳ᠋ᠤ ᠪᠤᠯᠤᠭᠰᠠᠨ ᠣᠷᠳᠣᠰ ᠬᠣᠲᠠ᠎ᠶᠢᠨ ᠬᠢᠶ᠎ᠠ ᠪᠠᠭ᠍ᠰᠢ ᠲᠣᠭᠣᠷᠢᠭ᠋᠎ᠤᠨ ᠭᠤᠷᠪᠠᠳᠤᠭᠠᠷ ᠡᠭᠡᠯᠵᠢ᠎ᠶᠢᠨ ᠰᠠᠭᠤᠷᠢ ᠰᠤᠷᠭᠠᠨ ᠬᠥᠮᠦᠵᠢᠯ᠎ᠦᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠶᠢ ᠠᠬᠢᠭᠤᠯᠬᠤ ᠬᠤᠷᠠᠯ ᠳᠡᠭᠡᠷ᠎ᠡ᠂ ᠬᠢᠶ᠎ᠠ ᠪᠠᠭ᠍ᠰᠢ ᠲᠣᠭᠣᠷᠢᠭ᠋᠎ᠤᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ《ᠠᠰᠠᠭᠤᠳᠠᠯ᠎ᠤᠨ ᠣᠷᠴᠢᠨ ᠳ᠋ᠡᠬᠢ ᠬᠢᠴᠢᠶᠡᠯ ᠲᠦᠷᠦᠯ᠎ᠤᠨ ᠦᠢᠯᠡᠳᠦᠯᠭᠡ》ᠪᠡᠷ ᠠᠭᠤᠯᠤᠭᠳᠠᠬᠤᠨ ᠪᠣᠯᠭᠠᠭᠰᠠᠨ ᠰᠤᠷᠤᠭ᠍ᠴᠢᠳ᠎ᠤᠨ ᠭᠣᠣᠯᠯᠠᠬᠤ ᠬᠡᠪ ᠪᠣᠯᠪᠠᠰᠤᠷᠠᠯ ᠎ᠢ ᠬᠦᠮᠦᠵᠢᠬᠦᠯᠬᠦ ᠪᠠ ᠳᠡᠬᠡᠭᠰᠢᠯᠡᠬᠦᠯᠬᠦ ᠵᠢᠭᠠᠨ ᠰᠤᠷᠭᠠᠯᠲᠠ᠎ᠶᠢᠨ ᠬᠡᠷᠡᠭ᠎ᠦᠨ ᠵᠢᠱ᠌ᠢᠶ᠎ᠡ ᠨᠢ ᠪᠥᠬᠥ ᠣᠷᠣᠨ᠎ᠤ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠬᠢᠴᠢᠶᠡᠯ ᠬᠥᠮᠦᠵᠢᠯ᠎ᠦᠨ ᠥᠭᠡᠷᠡᠴᠢᠯᠡᠯᠲᠡ᠎ᠳᠦ ᠬᠡᠪ ᠵᠠᠭᠪᠤᠷ ᠬᠠᠩᠭᠠᠪᠠ᠃

ᠤᠯᠤᠰ᠎ᠤᠨ《ᠰᠠᠭᠤᠷᠢ ᠰᠤᠷᠭᠠᠨ ᠬᠥᠮᠦᠵᠢᠯ᠎ᠦᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠠᠵᠢᠯᠯᠠᠭᠠᠨ᠎ᠤ ᠲᠥᠰᠥᠯ》 ᠢ᠋ ᠴᠢᠨᠠᠷ ᠰᠠᠢᠲᠠᠢ ᠨᠠᠢᠳᠠᠪᠤᠷᠢᠵᠢᠭᠤᠯᠬᠤ᠎ᠶᠢᠨ ᠲᠥᠯᠥᠭᠡ᠂ ᠬᠢᠶ᠎ᠠ ᠪᠠᠭ᠍ᠰᠢ ᠲᠣᠭᠣᠷᠢᠭ᠋ 2014 ︱ 2023 ᠣᠨ᠎ᠤ ᠨᠢᠭᠡᠳᠦᠭᠡᠷ᠂ ᠬᠣᠶᠠᠳᠤᠭᠠᠷ ᠡᠭᠡᠯᠵᠢ᠎ᠶᠢᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢᠨ ᠦᠢᠯᠡᠳᠦᠯᠭᠡ᠎ᠪᠡᠷ ᠰᠠᠭᠤᠷᠢ ᠪᠣᠯᠭᠠᠵᠤ᠂ 10 ᠵᠢᠯ᠎ᠦᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢᠨ ᠲᠤᠷᠰᠢᠯᠭ᠎ᠠ᠎ᠪᠠᠨ ᠭᠦᠢᠴᠡᠳ ᠳ᠋ᠦᠩᠨᠡᠵᠦ᠂ ᠭᠤᠷᠪᠠᠳᠤᠭᠠᠷ ᠡᠭᠡᠯᠵᠢ᠎ᠶᠢᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ ᠪᠠᠨ ᠡᠬᠢᠯᠡᠭᠦᠯᠵᠦ᠂ ᠪᠠᠷᠠᠭᠤᠨ ᠣᠷᠣᠨ᠎ᠤ ᠰᠠᠭᠤᠷᠢ ᠰᠤᠷᠭᠠᠨ ᠬᠥᠮᠦᠵᠢᠯ᠎ᠦᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢᠨ ᠵᠢᠱ᠌ᠢᠶ᠎ᠡ ᠣᠷᠣᠨ᠎ᠢ ᠴᠢᠷᠮᠠᠢᠨ ᠴᠤᠭᠴᠠᠯᠠᠵᠦ ᠪᠤᠢ᠃ 《ᠰᠠᠭᠤᠷᠢ ᠰᠤᠷᠭᠠᠨ ᠬᠥᠮᠦᠵᠢᠯ᠎ᠦᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢᠨ ᠭᠣᠣᠯᠳᠠᠯᠭ᠎ᠠ ᠪᠣᠯ 〈ᠰᠣᠷᠣᠭ᠍ᠴᠢ᠎ᠪᠠᠷ ᠦᠨᠳᠦᠰᠦ ᠪᠣᠯᠭᠠᠬᠤ〉 ᠶᠠᠪᠤᠳᠠᠯ ᠪᠣᠯᠣᠨ᠎ᠠ᠃ ᠪᠢᠳᠡ ᠵᠢᠭᠠᠨ ᠰᠤᠷᠭᠠᠯᠲᠠ᠎ᠶᠢᠨ ᠠᠷᠭ᠎ᠠ ᠮᠠᠶᠢᠭ᠋᠎ᠵᠢᠡᠨ ᠬᠤᠪᠢᠷᠠᠭᠤᠯᠬᠤ᠂ ᠬᠢᠴᠢᠶᠡᠯ᠎ᠦᠨ ᠪᠠᠢᠷᠢᠯᠠᠭᠤᠯᠤᠯᠲᠠ᠎ᠶᠢ ᠲᠣᠬᠢᠷᠠᠭᠤᠯᠬᠤ᠂ ᠦᠨᠡᠯᠡᠬᠦ ᠰᠢᠰᠲᠧᠮ᠎ᠢ ᠥᠭᠡᠷᠡᠴᠢᠯᠡᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠥᠩᠭᠡᠷᠡᠭᠰᠡᠨ᠎ᠦ ᠶᠡᠭᠦᠯᠡᠬᠦ ᠮᠠᠶᠢᠭ᠋᠎ᠤᠨ ᠰᠤᠷᠭᠠᠨ ᠬᠥᠮᠦᠵᠢᠯ᠎ᠦᠨ ᠵᠠᠭᠪᠤᠷ ᠵᠢᠡᠨ ᠦᠬᠡᠷᠡᠴᠢᠯᠡᠨ᠂ ᠬᠢᠴᠢᠶᠡᠯ᠎ᠦᠨ ᠲᠠᠩᠬᠢᠮ᠎ᠢ ᠰᠣᠷᠣᠭ᠍ᠴᠢ᠎ᠳᠤ ᠪᠤᠴᠠᠭᠠᠨ ᠥᠭᠴᠦ᠂ ᠰᠣᠷᠣᠭ᠍ᠴᠢ᠎ᠶᠢᠨ ᠰᠤᠷᠤᠯᠴᠠᠬᠤ ᠪᠠ ᠦᠰᠦᠨ ᠪᠣᠢᠵᠢᠬᠤ ᠳᠠᠯᠳᠠ ᠬᠦᠴᠦᠨ᠎ᠢ ᠴᠢᠷᠮᠠᠢᠨ ᠬᠥᠭᠵᠢᠭᠡᠪᠡ᠃ ᠡᠭᠦᠨ᠎ᠦ ᠬᠠᠮᠲᠤ ᠰᠤᠷᠤᠭ᠍ᠴᠢᠳ ᠵᠢᠡᠨ ᠬᠦᠨᠳᠦᠳᠬᠡᠵᠦ᠂ ᠣᠢᠯᠠᠭᠠᠵᠤ᠂ ᠢᠲᠡᠭᠡᠵᠦ᠂ ᠬᠥᠭᠵᠢᠭᠦᠯᠵᠦ᠂ ᠰᠤᠷᠤᠭ᠍ᠴᠢᠳ᠎ᠤᠨ ᠬᠥᠭᠵᠢᠯᠲᠡ ᠶ᠋ᠢᠨ ᠬᠡᠷᠡᠭᠴᠡᠭᠡ᠎ᠳᠦ ᠰᠠᠭᠤᠷᠢᠯᠠᠨ ᠬᠢᠴᠢᠶᠡᠯ ᠬᠡᠷᠡᠭᠵᠢᠭᠦᠯᠬᠦ ᠰᠢᠰᠲᠧᠮ ᠢ᠋ ᠰᠢᠯᠢᠳᠡᠭᠵᠢᠭᠦᠯᠵᠦ᠂ ᠰᠤᠷᠤᠭ᠍ᠴᠢ ᠨᠢᠭᠡᠪᠦᠷᠢ ᠶ᠋ᠢ ᠴᠥᠮ ᠪᠦᠬᠦ ᠲᠠᠯ᠎ᠠ ᠶ᠋ᠢᠨ ᠪᠥᠭᠡᠳ ᠥᠪᠡᠷᠮᠢᠴᠡ ᠣᠨᠴᠠᠯᠢᠭ᠋᠎ᠲᠠᠢ ᠬᠥᠭᠵᠢᠭᠦᠯᠦᠨ᠎ᠡ》 ᠬᠡᠵᠦ ᠬᠢᠶ᠎ᠠ ᠪᠠᠭ᠍ᠰᠢ ᠲᠣᠭᠣᠷᠢᠭ᠋᠎ᠤᠨ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ ᠳᠡᠳ᠋ ᠳᠠᠷᠤᠭ᠎ᠠ ᠯᠢ ᠯᠢ ᠶᠠᠷᠢᠨ᠎ᠠ᠃




ᠬᠢᠶ᠎ᠠ ᠪᠠᠭ᠍ᠰᠢ ᠲᠣᠭᠣᠷᠢᠭ᠋᠎ᠤᠨ ᠲᠠᠪᠤᠳᠤᠭᠠᠷ ᠪᠠᠭ᠎ᠠ ᠰᠤᠷᠭᠠᠭᠤᠯᠢ᠎ᠶᠢᠨ ᠵᠢᠭᠠᠨ ᠰᠤᠷᠭᠠᠯᠲᠠ᠎ᠶᠢᠨ ᠠᠰᠠᠷ᠎ᠲᠤ ᠣᠷᠣᠬᠤ᠎ᠳᠤ᠂ ᠠᠰᠠᠷ᠎ᠤᠨ ᠭᠤᠳᠤᠮᠵᠢ ᠵᠢᠨ ᠬᠡᠷᠡᠮ ᠬᠠᠨ᠎ᠠ ᠳᠡᠭᠡᠷ᠎ᠡ ᠪᠠᠭ᠍ᠰᠢ ᠪᠣᠯᠣᠨ ᠰᠤᠷᠤᠭ᠍ᠴᠢᠳ᠎ᠤᠨ ᠬᠠᠮᠲᠤ᠎ᠵᠢᠨ ᠪᠦᠳᠦᠬᠡᠯ ᠪᠤᠯᠬᠤ ᠤᠷᠠᠨ ᠪᠢᠴᠢᠯᠭᠡ᠂ ᠲᠤᠰᠤᠨ ᠪᠤᠳᠤᠭ᠎ᠤᠨ ᠵᠢᠷᠤᠭ᠂ ᠴᠠᠭᠠᠰᠤᠨ ᠬᠠᠢᠴᠢᠯᠠᠮᠠᠯ ᠵᠡᠷᠭᠡ ᠪᠦᠲᠦᠭᠡᠯ᠎ᠤᠳ ᠲᠦᠬᠦᠷᠡᠩ ᠡᠯᠬᠦᠬᠡᠰᠦᠳᠡᠢ᠃ 《ᠵᠣᠣ ᠵᠢᠶᠦ᠋ᠨ ᠪᠣᠭᠣᠮᠲᠠ ᠵᠢᠨ ᠭᠠᠳᠠᠨ᠎ᠠ ᠮᠤᠷᠳᠠᠭᠰᠠᠨ ᠨᠢ》 ᠬᠡᠬᠦ ᠠᠷᠪᠠᠨ ᠬᠡᠳᠦᠨ ᠮᠧᠲᠷ ᠣᠷᠳᠣ᠌ ᠴᠠᠭᠠᠰᠤᠨ ᠬᠠᠢᠴᠢᠯᠠᠮᠠᠯ᠎ᠤᠨ ᠪᠦᠲᠦᠭᠡᠯ ᠳ᠋ᠤ ᠦᠨᠳᠦᠰᠦᠲᠡᠨ᠎ᠦ ᠪᠦᠯᠬᠦᠮᠳᠡᠯ᠎ᠦᠨ ᠥᠯᠢᠭᠡᠷ ᠢ᠋ ᠶᠠᠷᠢᠵᠤ᠂ ᠶᠤᠸᠠᠨ ᠯᠦᠩ ᠫᠢᠩ᠂ ᠶᠠᠩ ᠯᠢ ᠸᠧᠢ ᠵᠡᠷᠭᠡ ᠤᠯᠤᠰ ᠭᠡᠷ ᠲᠸ᠋ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠲᠥᠯᠥᠭᠡᠯᠡᠭᠴᠢ ᠬᠥᠮᠥᠰ᠎ᠦᠨ ᠲᠤᠬᠠᠢ ᠠᠮᠢᠳᠤᠯᠢᠭ ᠰᠠᠢᠬᠠᠨ ᠲᠣᠰᠣᠨ ᠪᠤᠳᠤᠭ᠎ᠤᠨ ᠵᠢᠷᠤᠭ᠂ ᠢᠳᠡᠷᠡᠭᠦᠨ ᠳᠣᠷᠪᠢᠯᠢᠭ ᠤᠷᠠᠨ ᠪᠢᠴᠢᠯᠭᠡ ᠶ᠋ᠢᠨ ᠪᠦᠲᠦᠭᠡᠯ ᠨᠢ ᠬᠡᠦᠬᠡᠳ᠎ᠦᠨ ᠤᠷᠠᠯᠢᠭ᠋᠎ᠤᠨ ᠠᠪᠢᠶᠠᠰ ᠪᠠ ᠤᠯᠤᠰ᠎ᠢᠶᠠᠨ ᠬᠠᠢᠷᠠᠯᠠᠬᠤ ᠰᠡᠳᠬᠢᠯᠭᠡ ᠶ᠋ᠢ ᠳᠡᠯᠭᠡᠨ ᠦᠵᠡᠭᠦᠯᠵᠡᠢ᠃ ᠲᠤᠰ ᠰᠤᠷᠭᠠᠭᠤᠯᠢ᠎ᠶᠢᠨ ᠵᠠᠬᠢᠷᠤᠯ ᠼᠠᠢ ᠴᠧᠩ ᠷᠦᠢ᠄《ᠬᠢᠴᠢᠶᠡᠯ ᠬᠥᠮᠦᠵᠢᠯ᠎ᠦᠨ ᠥᠭᠡᠷᠡᠴᠢᠯᠡᠯᠲᠡ᠎ᠬᠢᠭᠰᠡᠨ ᠡᠨᠡ ᠬᠦ᠌ 10 ᠵᠢᠯ᠎ᠳᠦ᠂ ᠪᠢᠳᠡ ᠪᠦᠬᠦ ᠬᠢᠴᠢᠶᠡᠯ ᠲᠦᠷᠦᠯ᠎ᠦᠨ ᠬᠥᠮᠥᠨ ᠬᠥᠮᠥᠵᠢᠭᠦᠯᠬᠦ ᠴᠢᠳᠠᠪᠬᠢ᠎ᠶᠢ ᠨᠢᠭᠡᠳᠦᠯᠲᠡᠢ ᠲᠥᠯᠥᠪᠵᠢᠭᠦᠯᠵᠦ᠂ ᠰᠤᠷᠭᠠᠭᠤᠯᠢ᠎ᠶᠢᠨ ᠰᠣᠶᠣᠯ᠎ᠳ᠋ᠠᠭᠠᠨ ᠰᠠᠭᠤᠷᠢᠯᠠᠵᠤ᠂ ᠦᠨᠡᠨᠴᠢ ᠴᠠᠢᠯᠭᠠᠨ ᠭᠤᠸ᠎ᠠ ᠰᠠᠢᠬᠠᠨ ᠢ᠋ ᠬᠥᠭᠡᠭᠡᠴᠡᠯᠳᠦᠭᠰᠡᠨ ᠪᠠᠭᠠᠴᠤᠳ᠎ᠤᠨ ᠠᠷᠪᠠᠨ ᠬᠣᠶᠠᠷ ᠲᠠᠯ᠎ᠠ ᠵᠢᠨ ᠭᠣᠣᠯᠯᠠᠭ᠍ᠴᠢ ᠬᠡᠪ ᠴᠢᠨᠠᠷ᠎ᠢ ᠪᠤᠯᠪᠠᠰᠤᠷᠠᠭᠤᠯᠵᠤ᠂ ᠳᠠᠷᠠᠭ᠎ᠠ ᠨᠢ ᠡᠨᠡ ᠠᠷᠪᠠᠨ ᠬᠣᠶᠠᠷ ᠭᠣᠣᠯᠯᠠᠭ᠍ᠴᠢ ᠬᠡᠪ ᠴᠢᠨᠠᠷ᠎ᠢᠶᠠᠷ ᠭᠣᠣᠯ ᠰᠡᠳᠦᠪ ᠪᠣᠯᠭᠠᠨ ᠬᠦᠮᠦᠨ ᠬᠦᠮᠦᠵᠢᠬᠦᠯᠬᠦ ᠬᠢᠴᠢᠶᠡᠯ ᠲᠦᠷᠦᠯ᠎ᠵᠢᠡᠨ ᠪᠦᠬᠦ ᠲᠠᠯ᠎ᠠ᠎ᠪᠠᠷ ᠨᠢᠭᠡᠳᠦᠯᠲᠡᠢ ᠲᠦᠯᠦᠪᠵᠢᠬᠦᠯᠵᠦ᠂ ᠥᠪᠡᠷᠮᠢᠴᠡ ᠣᠨᠴᠠᠯᠢᠭ᠋᠎ᠲᠠᠢ ᠰᠤᠷᠭᠠᠭᠤᠯᠢ᠎ᠶᠢᠨ ᠬᠢᠴᠢᠶᠡᠯ᠎ᠦᠨ ᠰᠢᠰᠲ᠋ᠧᠮ︱〈 ᠶᠤᠰᠤ ᠰᠤᠷᠳᠠᠬᠤᠨ ᠤ᠋ ᠬᠦᠮᠦᠵᠢᠯ᠎ᠤᠨ ᠠᠷᠪᠠᠨ ᠬᠣᠶᠠᠷ ᠬᠢᠴᠢᠶᠡᠯ〉ᠢ᠋ ᠨᠡᠬᠡᠬᠡᠪᠡ᠃ ᠰᠤᠷᠤᠯᠭ᠎ᠠ᠎ᠶᠢᠨ ᠬᠤᠭᠤᠴᠠᠭ᠎ᠠ ᠪᠦᠷᠢ ᠨᠢᠬᠡ ᠬᠢᠴᠢᠶᠡᠯ ᠨᠡᠬᠡᠬᠡᠵᠦ᠂ ᠠᠷᠪᠠᠨ ᠬᠣᠶᠠᠷ ᠲᠦᠷᠦᠯ᠎ᠤᠨ ᠬᠢᠴᠢᠶᠡᠯ ᠨᠢ ᠪᠠᠭ᠎ᠠ ᠰᠤᠷᠭᠠᠭᠤᠯᠢ᠎ᠶᠢᠨ ᠵᠢᠷᠭᠤᠭᠠᠨ ᠵᠢᠯ ᠎ᠢ ᠬᠤᠯᠪᠤᠨ ᠨᠡᠪᠳᠡᠷᠡᠬᠦᠯᠵᠦ᠂ ᠪᠦᠬᠦ ᠬᠢᠴᠢᠶᠡᠯ ᠲᠥᠷᠥᠯ ᠵᠢᠡᠷ ᠠᠬᠢᠭᠤᠯᠬᠤ᠂ ᠲᠠᠪᠤᠨ ᠬᠥᠮᠦᠵᠢᠯ ᠢ᠋ ᠠᠭᠤᠰᠤᠯᠴᠠᠭᠤᠯᠬᠤ᠂ ᠭᠡᠷ ᠪᠦᠯᠢ ᠰᠤᠷᠭᠠᠭᠤᠯᠢ ᠨᠡᠢᠭᠡᠮ ᠬᠠᠮᠲᠤ᠎ᠪᠠᠷ ᠪᠠᠢᠭᠤᠯᠬᠤ ᠪᠡᠷ ᠳᠠᠮᠵᠢᠨ ᠨᠡᠢᠭᠡᠮ ᠵᠢᠷᠤᠮ᠎ᠤᠨ ᠭᠣᠣᠯᠯᠠᠬᠤ ᠥᠷᠲᠡᠭ᠎ᠦᠨ ᠦᠵᠡᠯᠲᠡ ᠵᠢᠴᠢ ᠶᠣᠰᠣ᠌ ᠮᠣᠷᠠᠯ ᠢᠲᠡᠭᠡᠯ ᠪᠢᠰᠢᠷᠡᠯ ᠢ᠋ ᠰᠤᠷᠤᠭ᠍ᠴᠢᠳ᠎ᠤᠨ ᠰᠡᠳᠬᠢᠯ ᠵᠢᠷᠦᠬᠡᠨ᠎ᠳᠦ ᠠᠮᠢᠳᠤᠯᠢᠭ᠋ ᠭᠦᠨᠵᠡᠭᠡᠢ ᠦᠨᠳᠦᠰᠦᠯᠡᠭᠦᠯᠵᠦ ᠪᠠᠢᠨ᠎ᠠ》 ᠬᠡᠵᠦ ᠳᠠᠨᠢᠯᠴᠠᠭᠤᠯᠤᠯ᠎ᠠ᠃

《ᠠᠷᠪᠠᠨ ᠬᠣᠶᠠᠷ ᠬᠢᠴᠢᠶᠡᠯ》ᠤ᠋ᠨ ᠨᠢᠭᠡ ᠪᠤᠯᠬᠤ《ᠨᠠᠮ᠎ᠢᠶᠠᠨ ᠬᠠᠢᠷᠠᠯᠠᠵᠤ ᠤᠯᠤᠰ᠎ᠢᠶᠠᠨ ᠬᠠᠢᠷᠠᠯᠠᠬᠤ》ᠭᠣᠣᠯ ᠰᠡᠳᠦᠪ᠎ᠦᠨ ᠠᠭᠤᠰᠤᠯᠴᠠᠯ ᠬᠢᠴᠢᠶᠡᠯ᠎ᠳᠦ᠂ ᠪᠦᠬᠦ ᠬᠢᠴᠢᠶᠡᠯ ᠲᠦᠷᠦᠯ᠎ᠤᠨ ᠪᠠᠭ᠍ᠰᠢ ᠨᠠᠷ ᠲᠤᠰ ᠲᠤᠰ᠎ᠤᠨ ᠬᠢᠴᠢᠶᠡᠯ᠎ᠦᠨ ᠲᠥᠰᠥᠯ᠎ᠦᠨ ᠵᠢᠯᠣᠭᠣᠳᠤᠯᠭ᠎ᠠ ᠳᠣᠣᠷ᠎ᠠ ᠲᠠᠢᠯᠪᠤᠷᠢᠯᠠᠨ ᠶᠠᠷᠢᠬᠤ᠂ ᠤᠶᠠᠩᠭᠠᠯᠠᠨ ᠤᠩᠰᠢᠬᠤ᠂ ᠲᠤᠰᠤᠨ ᠪᠤᠳᠤᠭ᠎ᠤᠨ ᠵᠢᠷᠤᠭ᠂ ᠴᠠᠭᠠᠰᠤᠨ ᠬᠠᠢᠴᠢᠯᠠᠮᠠᠯ᠂ ᠤᠷᠠᠨ ᠪᠢᠴᠢᠯᠭᠡ᠂ ᠬᠥᠳᠡᠯᠮᠦᠷᠢ᠂ ᠬᠢᠴᠢᠶᠡᠯ᠎ᠦᠨ ᠳᠡᠪᠲᠡᠷ᠎ᠦᠨ ᠵᠦᠴᠦᠭᠡ᠂ ᠬᠠᠳᠬᠤᠮᠠᠯ ᠵᠡᠷᠭᠡ ᠠᠳᠠᠯᠢ ᠪᠤᠰᠤ ᠬᠢᠴᠢᠶᠡᠯ᠎ᠦᠨ ᠬᠡᠯᠪᠡᠷᠢ᠎ᠪᠡᠷ ᠬᠡᠦᠬᠡᠳ᠎ᠢ ᠳᠠᠭᠠᠭᠤᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠳᠤᠮᠳᠠᠳᠤ ᠤᠯᠤᠰ᠎ᠤᠨ ᠠᠷᠠᠳ ᠲᠦᠮᠡᠨ᠎ᠦ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ᠎ᠶᠢ ᠣᠢᠯᠠᠭᠠᠭᠤᠯᠵᠤ ᠰᠣᠨᠢᠷᠬᠠᠭᠤᠯᠪᠠ᠃ ᠰᠤᠷᠤᠭ᠍ᠴᠢ ᠨᠢᠭᠡᠪᠦᠷᠢ ᠬᠤᠪᠢᠰᠬᠠᠯ᠎ᠤᠨ ᠦᠯᠢᠭᠡᠷ᠎ᠢ ᠶᠠᠷᠢᠵᠤ᠂ ᠬᠤᠪᠢᠰᠬᠠᠯ᠎ᠤᠨ ᠰᠢᠯᠦᠭ ᠳᠠᠭᠤᠯᠠᠯ᠎ᠢ ᠤᠩᠰᠢᠨ᠂ ᠬᠤᠪᠢᠰᠬᠠᠯ᠎ᠤᠨ ᠳᠠᠭᠤᠤ᠎ᠶᠢ ᠤᠯᠠᠮᠵᠢᠯᠠᠨ ᠳᠠᠭᠤᠯᠠᠵᠤ᠂ ᠴᠠᠭ ᠦᠶ᠎ᠡ᠎ᠶᠢᠨ ᠪᠠᠭᠠᠲᠤᠷᠴᠤᠳ ᠪᠠ ᠠᠵᠤ ᠠᠮᠢᠳᠤᠷᠠᠯ᠎ᠤᠨ ᠯᠤᠲᠤ ᠶᠡᠬᠡ ᠬᠤᠪᠢᠷᠠᠯᠲᠠ᠎ᠶᠢ ᠤᠷᠠᠯᠢᠭ ᠰᠠᠢᠬᠠᠨ ᠵᠢᠷᠤᠭᠯᠠᠨ᠂ ᠪᠠᠶᠠᠯᠢᠭ᠋ ᠰᠠᠢᠬᠠᠨ ᠬᠢᠴᠢᠶᠡᠯ᠎ᠦᠨ ᠬᠡᠯᠪᠡᠷᠢ ᠪᠡᠷ ᠬᠤᠪᠢᠰᠬᠠᠯ᠎ᠤᠨ ᠵᠤᠷᠢᠭ ᠰᠠᠨᠠᠭ᠎ᠠ ᠵᠢ ᠬᠦᠨ ᠤᠯᠠᠮᠵᠢᠯᠠᠨ᠎ᠠ᠃

《ᠬᠢᠴᠢᠶᠡᠯ ᠬᠥᠮᠦᠵᠢᠯ᠎ᠦᠨ ᠥᠭᠡᠷᠡᠴᠢᠯᠡᠯᠲᠡ᠎ᠨᠢ ᠵᠥᠪᠬᠡᠨ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠳᠠ ᠵᠢ ᠯᠡ ᠥᠭᠡᠷᠡᠴᠢᠯᠡᠬᠦ ᠪᠢᠰᠢ᠂ ᠬᠠᠷᠢᠨ ᠨᠢᠭᠡ ᠤᠳᠠᠭᠠᠨ᠎ᠤ ᠪᠥᠬᠥ ᠲᠠᠯ᠎ᠠ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ ᠪᠠᠢᠬᠤ ᠬᠡᠷᠡᠭᠲᠡᠢ》 ᠭᠡᠬᠦ ᠰᠡᠳᠬᠢᠮᠵᠢ᠎ᠪᠡᠷ ᠬᠢᠶ᠎ᠠ ᠪᠠᠭ᠍ᠰᠢ ᠲᠣᠭᠣᠷᠢᠭ᠋᠎ᠤᠨ ᠬᠢᠨ ᠳᠦᠷᠢᠮ᠎ᠦᠨ ᠪᠠᠢᠭᠤᠯᠤᠯᠲᠠ᠂ ᠰᠢᠰᠲᠧᠮ᠎ᠦᠨ ᠪᠠᠢᠭᠤᠯᠤᠯᠲᠠ᠂ ᠬᠢᠴᠢᠶᠡᠯ᠎ᠦᠨ ᠲᠡᠭᠦᠯᠳᠡᠷᠵᠢᠯᠲᠡ ᠂ ᠦᠨᠡᠯᠡᠯᠲᠡ᠎ᠶᠢᠨ ᠠᠬᠢᠭᠤᠯᠤᠯ᠂ ᠵᠢᠭᠠᠨ ᠰᠤᠷᠭᠠᠯᠲᠠ᠎ᠶᠢᠨ ᠰᠤᠳᠤᠯᠭᠠᠨ᠎ᠤ ᠰᠢᠯᠢᠳᠡᠭᠵᠢᠭᠦᠯᠦᠯᠲᠡ ᠵᠡᠷᠭᠡ ᠲᠠᠯ᠎ᠠ᠎ᠪᠠᠷ ᠴᠥᠮ ᠥᠭᠡᠷᠡᠴᠢᠯᠡᠯᠲᠡ ᠬᠢᠪᠡ᠃ ᠡᠬᠦᠨ ᠳ᠋ᠤ ᠰᠠᠭᠤᠷᠢ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢᠨ ᠳᠤᠮᠳᠠ᠂《ᠨᠢᠭᠡ ᠰᠤᠷᠭᠠᠭᠤᠯᠢ ᠨᠢᠭᠡ ᠠᠷᠭ᠎ᠠ ᠪᠣᠳᠣᠯᠭ᠎ᠠ》 ᠵᠢ ᠪᠠᠷᠢᠮᠲᠠᠯᠠᠨ᠂ ᠤᠯᠤᠰ ᠡᠴᠡ ᠲᠤᠬᠢᠷᠠᠭᠤᠯᠤᠬᠰᠠᠨ ᠬᠢᠴᠢᠶᠡᠯ ᠎ᠢ᠋ ᠴᠢᠨᠠᠷ ᠰᠠᠢᠲᠠᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠶᠣᠰᠣ᠌ ᠰᠤᠷᠳᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ᠎ᠵᠢᠨ ᠬᠦᠮᠦᠵᠢᠯ᠎ᠤᠨ ᠳᠠᠯ᠎ᠠ ᠪᠡᠷ ᠰᠤᠷᠭᠠᠭᠤᠯᠢ᠎ᠶᠢᠨ ᠥᠪᠡᠷᠮᠢᠴᠡ ᠣᠨᠴᠠᠯᠢᠭ᠋᠎ᠲᠠᠢ ᠬᠢᠴᠢᠶᠡᠯ᠎ᠢ ᠡᠭᠦᠳᠦᠨ ᠪᠠᠢᠭᠤᠯᠵᠤ᠂ ᠰᠤᠷᠤᠭᠴᠢ ᠵᠢᠨ ᠥᠪᠡᠷᠮᠢᠴᠡ ᠪᠦᠬᠦ ᠳᠠᠯ᠎ᠠ ᠵᠢᠨ ᠬᠥᠭᠵᠢᠯᠲᠡ᠎ᠳᠦ ᠬᠦᠴᠦᠨ ᠨᠡᠮᠡᠷᠢᠯᠡᠪᠡ᠃ ᠬᠢᠶ᠎ᠠ ᠪᠠᠭ᠍ᠰᠢ ᠲᠣᠭᠣᠷᠢᠭ᠋᠎ᠤᠨ ᠭᠤᠷᠪᠠᠳᠤᠭᠠᠷ ᠪᠠᠭ᠎ᠠ ᠰᠤᠷᠭᠠᠭᠤᠯᠢ᠎ᠶᠢᠨ 《ᠰᠠᠢᠨ ᠬᠡᠦᠬᠡᠳ》 ᠬᠢᠴᠢᠶᠡᠯ ᠪᠣᠯ ᠳᠠᠷᠤᠢ ᠲᠥᠯᠥᠭᠡᠯᠡᠬᠦ ᠴᠢᠨᠠᠷᠲᠠᠢ ᠥᠯᠢᠭᠡᠷ ᠵᠢᠱ᠌ᠢᠶ᠎ᠡ ᠪᠤᠯᠤᠨ᠎ᠠ᠃ 《ᠪᠢᠳᠡᠨ᠎ᠤ ᠰᠤᠷᠭᠠᠨ ᠬᠦᠮᠦᠵᠢᠬᠦᠯᠬᠦ ᠳ᠋ᠦᠢᠰᠢᠶᠠᠩ ᠪᠣᠯ ᠰᠠᠢᠨ ᠰᠠᠢᠬᠠᠨ ᠠᠮᠢ ᠨᠠᠰᠤ ᠮᠥᠨ᠂ ᠰᠤᠷᠭᠠᠨ ᠬᠥᠮᠥᠵᠢᠭᠦᠯᠦᠭᠴᠢ᠎ᠶᠢᠨ ᠡᠭᠦᠷᠭᠡ ᠪᠣᠯ ᠳᠠᠷᠤᠢ ᠡᠲᠡᠭᠡᠷ ᠰᠠᠢᠨ ᠰᠠᠢᠬᠠᠨ ᠠᠮᠢ ᠨᠠᠰᠤᠨ᠎ᠤ ᠪᠣᠶ᠋ᠢᠵᠢᠯᠲᠠ᠎ᠳᠤ ᠰᠠᠢᠨ ᠰᠠᠢᠬᠠᠨ ᠠᠮᠢ ᠠᠬᠤᠢ᠎ᠶᠢᠨ ᠣᠷᠴᠢᠨ ᠨᠥᠬᠥᠴᠡᠯ᠎ᠢ ᠪᠣᠶ ᠪᠣᠯᠭᠠᠵᠤ ᠥᠭᠬᠦ ᠶᠠᠪᠤᠳᠠᠯ ᠶᠤᠮ᠃ ᠮᠠᠨ᠎ᠤ ᠰᠤᠷᠭᠠᠭᠤᠯᠢ᠎ᠶᠢᠨ ᠰᠤᠷᠭᠠᠭᠤᠯᠢ ᠡᠷᠭᠢᠯᠡᠬᠦ ᠣᠢᠯᠠᠭᠠᠭᠳᠠᠬᠤᠨ ᠪᠣᠯ 〈ᠰᠠᠢᠨ ᠰᠠᠢᠬᠠᠨ ᠠᠮᠢ ᠠᠬᠤᠢ·ᠬᠢᠵᠠᠭᠠᠷ ᠦᠭᠡᠢ ᠢᠷᠡᠭᠡᠳᠦᠢ〉 ᠭᠡᠳᠡᠭ᠃ ᠰᠤᠷᠤᠯᠴᠠᠯᠭ᠎ᠠ᠎ᠳᠤ ᠵᠠᠭᠠᠭ ᠬᠢᠵᠠᠭᠠᠷ ᠭᠡᠵᠦ ᠪᠠᠢᠳᠠᠭ ᠦᠭᠡᠢ᠃ ᠭᠡᠷ᠎ᠦᠨ ᠠᠬᠠᠮᠠᠳ ᠰᠤᠷᠭᠠᠭᠤᠯᠢ ᠨᠡᠢᠭᠡᠮ ᠬᠠᠮᠵᠢᠯᠴᠠᠨ ᠬᠥᠮᠥᠨ ᠢ᠋ ᠬᠥᠮᠥᠵᠢᠭᠦᠯᠵᠦ᠂ ᠰᠤᠷᠤᠭ᠍ᠴᠢᠳ᠎ᠤᠨ ᠨᠠᠰᠤᠨ ᠲᠤᠷᠰᠢᠲᠠ᠎ᠶᠢᠨ ᠦᠰᠦᠨ ᠪᠣᠶ᠋ᠢᠵᠢᠯᠲᠠ᠎ᠳᠤ ᠱᠠᠭᠠᠷᠳᠠᠭᠳᠠᠬᠤ ᠵᠠᠩ ᠰᠤᠷᠲᠠᠯ ᠪᠠ ᠵᠠᠩᠭᠢᠯᠠᠭ᠎ᠠ᠎ᠶᠢᠨ ᠴᠢᠳᠠᠪᠤᠷᠢ᠎ᠶᠢ ᠬᠥᠮᠥᠵᠢᠭᠦᠯᠦᠨ᠎ᠡ᠃ ᠮᠠᠨ᠎ᠤ ᠠᠯᠢᠪᠠ ᠠᠵᠢᠯ ᠴᠥᠮ ᠡᠭᠦᠨ᠎ᠳᠦ ᠰᠠᠭᠤᠷᠢᠯᠠᠭᠰᠠᠨ ᠪᠣᠯᠬᠣᠷ ᠮᠠᠨ᠎ᠤ ᠬᠢᠴᠢᠶᠡᠯ ᠢ᠋ 〈ᠰᠠᠢᠨ ᠬᠡᠦᠬᠡᠳ〉 ᠬᠢᠴᠢᠶᠡᠯ ᠭᠡᠳᠡᠭ》 ᠭᠡᠵᠦ ᠬᠢᠶ᠎ᠠ ᠪᠠᠭ᠍ᠰᠢ ᠲᠣᠭᠣᠷᠢᠭ᠋᠎ᠤᠨ ᠭᠤᠷᠪᠠᠳᠤᠭᠠᠷ ᠪᠠᠭ᠎ᠠ ᠰᠤᠷᠭᠠᠭᠤᠯᠢ ᠶ᠋ᠢᠨ ᠵᠠᠬᠢᠷᠤᠯ ᠸᠠᠩ ᠶᠤᠸᠠᠢ ᠲᠠᠨᠢᠯᠴᠠᠭᠤᠯᠤᠨ᠎ᠠ᠃

ᠡᠨᠡ᠎ᠬᠦ ᠣᠢᠯᠠᠭᠠᠭᠳᠠᠬᠤᠨ᠎ᠵᠢᠡᠷ ᠲᠤᠰ ᠰᠤᠷᠭᠠᠭᠤᠯᠢ ᠨᠢ ᠬᠢᠴᠢᠶᠡᠯ᠎ᠦᠨ ᠴᠠᠭ᠂ ᠬᠢᠴᠢᠶᠡᠯ᠎ᠦᠨ ᠭᠡᠷ᠂ ᠪᠠᠭ᠍ᠰᠢ᠎ᠶᠢᠨ ᠵᠠᠭᠠᠭ᠎ᠢ ᠡᠪᠳᠡᠵᠦ᠂ ᠨᠢᠭᠡ ᠪᠦᠯᠦᠭ ᠪᠡᠶ᠎ᠡ᠎ᠪᠡᠨ ᠳᠠᠭᠠᠭᠠᠵᠤ ᠬᠢᠴᠢᠶᠡᠯ ᠰᠣᠩᠭᠣᠬᠤ ᠪᠠ ᠠᠩᠭᠢ ᠠᠯᠤᠰᠯᠠᠨ ᠵᠢᠭᠠᠨ ᠰᠤᠷᠭᠠᠬᠤ ᠬᠢᠴᠢᠶᠡᠯ ᠨᠡᠭᠡᠭᠡᠭᠰᠡᠨ᠎ᠦ ᠬᠠᠮᠲᠤ᠂ ᠬᠢᠴᠢᠶᠡᠯ᠎ᠦᠨ ᠲᠠᠩᠬᠢᠮ᠎ᠢ ᠮᠦᠽᠧᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠂ ᠦᠢᠯᠡᠳᠦᠯᠭᠡ᠎ᠶᠢᠨ ᠰᠠᠭᠤᠷᠢᠨ ᠭᠠᠵᠠᠷ ᠵᠡᠷᠭᠡ ᠲᠠᠯᠠᠪᠤᠷ᠎ᠲᠤ ᠬᠦᠷᠲᠡᠯ᠎ᠡ ᠤᠷᠲᠤᠳᠬᠠᠵᠤ᠂ ᠪᠠᠰᠠ ᠭᠡᠷ᠎ᠦᠨ ᠠᠬᠠᠮᠠᠳ᠎ᠢ ᠤᠷᠢᠵᠤ ᠬᠢᠴᠢᠶᠡᠯ ᠶᠠᠷᠢᠭᠤᠯᠵᠤ᠂ ᠰᠤᠷᠤᠭ᠍ᠴᠢᠳ᠎ᠢ ᠳᠠᠭᠠᠭᠤᠯᠤᠨ ᠵᠡᠭᠡᠯᠢ ᠭᠤᠳᠤᠮᠵᠢ ᠨᠡᠢᠭᠡᠮ ᠲᠣᠭᠣᠷᠢᠭ᠋᠎ᠲᠤ ᠠᠵᠢᠯᠯᠠᠭ᠎ᠠ ᠥᠷᠨᠢᠭᠦᠯᠵᠦ᠂ ᠰᠠᠢᠨ ᠰᠠᠢᠬᠠᠨ ᠶᠣᠰᠣ᠌ ᠰᠤᠷᠲᠠᠬᠤᠨ᠎ᠲᠠᠢ᠂ ᠤᠶᠤᠨ ᠤᠬᠠᠭᠠᠨ᠎ᠲᠠᠢ᠂ ᠢᠷᠠᠭᠤ ᠡᠷᠬᠢᠮᠰᠦᠭ᠂ ᠴᠤᠭ ᠵᠢᠪᠬᠤᠭ᠎ᠠ ᠳᠠᠢ᠂ ᠬᠠᠷᠢᠭᠤᠴᠠᠯᠭ᠎ᠠ ᠡᠭᠦᠷᠭᠡᠯᠡᠯ᠎ᠲᠠᠢ ᠰᠠᠢᠨ ᠬᠡᠦᠬᠡᠳ᠎ᠢ ᠬᠦᠮᠦᠵᠢᠬᠦᠯᠬᠦ ᠪᠡᠷ ᠴᠢᠷᠮᠠᠢᠵᠤ ᠪᠠᠢᠭ᠎ᠠ ᠶᠤᠮ᠃

《ᠲᠠᠪᠤᠨ ᠬᠥᠮᠦᠵᠢᠯ᠎ᠢ ᠵᠡᠷᠭᠡᠪᠡᠷ ᠠᠳᠬᠤᠵᠤ᠂ ᠦᠢᠯᠡᠳᠦᠯᠭᠡ᠎ᠪᠡᠷ ᠬᠥᠮᠥᠨ᠎ᠢ ᠬᠥᠮᠥᠵᠢᠭᠦᠯᠬᠦ》ᠪᠣᠯ ᠬᠢᠶ᠎ᠠ ᠪᠠᠭ᠍ᠰᠢ ᠲᠣᠭᠣᠷᠢᠭ᠋᠎ᠤᠨ ᠭᠤᠷᠪᠠᠳᠤᠭᠠᠷ ᠪᠠᠭ᠎ᠠ ᠰᠤᠷᠭᠠᠭᠤᠯᠢ᠎ᠶᠢᠨ ᠬᠢᠴᠢᠶᠡᠯ ᠬᠥᠮᠦᠵᠢᠯ᠎ᠦᠨ ᠥᠭᠡᠷᠡᠴᠢᠯᠡᠯᠲᠡ᠎ᠶᠢᠨ ᠭᠣᠣᠯᠳᠠᠯᠭ᠎ᠠ ᠪᠣᠯᠣᠨ᠎ᠠ᠃ ᠲᠣᠰ ᠰᠤᠷᠭᠠᠭᠤᠯᠢ᠎ᠶᠢᠨ ᠰᠤᠷᠭᠠᠭᠤᠯᠢ᠎ᠶᠢᠨ ᠨᠡᠷ᠎ᠡ᠎ᠶᠢ ᠵᠢᠷᠭᠤᠳᠤᠭᠠᠷ ᠣᠨ᠎ᠤ ᠨᠢᠭᠡ ᠰᠣᠷᠣᠭ᠍ᠴᠢ ᠪᠢᠴᠢᠵᠦ᠂ ᠨᠢᠭᠡᠳᠦᠭᠡᠷ ᠣᠨ ᠠ᠋ᠴᠠ ᠵᠢᠷᠭᠤᠳᠤᠭᠠᠷ ᠣᠨ ᠬᠦᠷᠲᠡᠯᠡᠬᠢ ᠤᠷᠠᠨ ᠪᠢᠴᠢᠯᠭᠡ᠎ᠶᠢᠨ ᠬᠢᠴᠢᠶᠡᠯ ᠨᠢ ᠬᠡᠦᠬᠡᠳ᠎ᠲᠦ ᠣᠨᠴᠠ ᠠᠪᠢᠶᠠᠰ ᠵᠢᠡᠨ ᠭᠠᠢᠬᠠᠭᠤᠯᠬᠤ ᠳᠠᠪᠴᠠᠩ ᠬᠠᠩᠭᠠᠬᠤ ᠵᠢᠨ ᠳᠠᠭᠠᠤ ᠲᠡᠳᠡᠨ᠎ᠦ ᠢᠷᠠᠭᠤ ᠠᠯᠳᠠᠷᠳᠤ ᠰᠡᠳᠬᠢᠯᠭᠡ᠂ ᠢᠲᠡᠭᠡᠯ ᠵᠣᠷᠢᠭ᠋ ᠪᠠ ᠣᠷᠣᠯᠴᠠᠬᠤ ᠤᠷᠮᠠᠰᠢᠯ᠎ᠢ ᠨᠡᠮᠡᠭᠳᠡᠭᠦᠯᠪᠡ; ᠰᠤᠷᠭᠠᠭᠤᠯᠢ᠎ᠶᠢᠨ 《ᠪᠠᠭᠠᠴᠤᠳ᠎ᠤᠨ ᠴᠡᠷᠢᠭ᠎ᠦᠨ ᠰᠤᠷᠭᠠᠭᠤᠯᠢ》ᠵᠢᠨ ᠣᠨᠴᠠᠯᠢᠭ᠍ᠲᠤ ᠬᠢᠴᠢᠶᠡᠯ ᠨᠢ ᠤᠯᠤᠰ᠎ᠢᠶᠡᠨ ᠬᠠᠢᠷᠠᠯᠠᠬᠤ ᠦᠵᠡᠯ᠎ᠦᠨ ᠬᠥᠮᠦᠵᠢᠯ ᠪᠠ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠢ ᠤᠶᠠᠯᠳᠤᠭᠤᠯᠵᠤ᠂ ᠬᠡᠦᠬᠡᠳ᠎ᠦᠨ ᠬᠦᠴᠢᠷ ᠪᠡᠷᠭᠡ ᠵᠢ ᠲᠡᠰᠪᠦᠷᠢᠯᠡᠬᠦ᠂ ᠪᠦᠯᠬᠦᠮ ᠨᠡᠶ᠋ᠢᠲᠡ᠎ᠪᠡᠷ ᠬᠠᠮᠵᠢᠯᠴᠠᠬᠤ ᠪᠠ ᠨᠤᠭᠤᠷᠠᠯ ᠪᠦᠳᠦᠷᠢᠯ᠎ᠡᠴᠡ ᠠᠶᠤᠬᠤ ᠦᠬᠡᠢ ᠴᠢᠳᠠᠪᠤᠷᠢ᠎ᠶᠢ ᠬᠥᠮᠥᠵᠢᠭᠦᠯᠪᠡ; ᠪᠠᠭᠠᠴᠤᠳ᠎ᠤᠨ ᠣᠷᠳᠣᠨ᠎ᠤ ᠰᠢᠨᠵᠢᠯᠡᠬᠦ ᠤᠬᠠᠭᠠᠨ᠎ᠤ ᠦᠢᠯᠡᠳᠦᠯᠭᠡ᠎ᠶᠢᠨ ᠬᠢᠴᠢᠶᠡᠯ᠎ᠳᠦ ᠬᠡᠦᠬᠡᠳ᠎ᠦᠳ ᠪᠠᠢᠴᠠᠭᠠᠨ ᠰᠤᠳᠤᠯᠤᠯᠲᠠ᠂ ᠵᠢᠷᠤᠭ ᠲᠥᠯᠥᠪᠯᠡᠭᠡ ᠬᠢᠬᠦ᠎ᠪᠡᠷ ᠳᠡᠮᠵᠢᠨ ᠰᠢᠨ᠎ᠡ᠎ᠶᠢ ᠡᠭᠦᠳᠬᠦ ᠰᠡᠳᠬᠢᠬᠦᠢ ᠪᠠᠨ ᠬᠦᠭᠵᠢᠭᠦᠯᠪᠡ;ᠰᠤᠷᠭᠠᠭᠤᠯᠢ᠎ᠶᠢᠨ 《ᠭᠠᠭᠴᠠ ᠬᠤᠪᠢ᠎ᠶᠢ ᠯᠠ ᠬᠥᠭᠡᠭᠡᠴᠡᠯᠳᠦᠬᠦ ᠦᠭᠡᠢ》 ᠣᠯᠠᠨ ᠲᠠᠯ᠎ᠠ᠎ᠶᠢᠨ ᠦᠨᠡᠯᠡᠯᠲᠡ᠎ᠶᠢᠨ ᠰᠢᠰᠲᠧᠮ ᠨᠢ ᠬᠡᠦᠬᠡᠳ᠎ᠦᠨ ᠶᠣᠰᠣ᠌ ᠰᠤᠷᠳᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ ᠵᠡᠷᠭᠡ ᠡᠯ᠎ᠡ ᠲᠠᠯ᠎ᠠ᠎ᠶᠢᠨ ᠪᠣᠯᠪᠠᠰᠤᠷᠠᠯ᠎ᠢ ᠳᠡᠭᠡᠭᠰᠢᠯᠡᠭᠦᠯᠵᠦ᠂ ᠳᠠᠯᠳᠠ ᠬᠦᠴᠦᠨ᠎ᠢ ᠨᠢ ᠬᠥᠭᠵᠢᠭᠡᠪᠡ᠃

10 ᠵᠢᠯ᠎ᠦᠨ ᠰᠦᠪᠡᠭᠴᠢᠯᠡᠯᠲᠡ ᠪᠠ ᠦᠢᠯᠡᠳᠦᠯᠭᠡ᠎ᠪᠡᠷ ᠳᠡᠮᠵᠢᠨ᠂ ᠰᠢᠨ᠎ᠡ ᠭᠠᠷᠤᠭ᠎ᠠ ᠲᠡᠭᠡᠷ᠎ᠡ ᠬᠢᠶ᠎ᠠ ᠪᠠᠭ᠍ᠰᠢ ᠲᠣᠭᠣᠷᠢᠭ᠋᠎ᠤᠨ ᠰᠤᠷᠭᠠᠨ ᠬᠥᠮᠦᠵᠢᠯ᠎ᠨᠢ ᠠᠯᠢ ᠤᠯᠠᠨ《ᠬᠦᠴᠢᠷ》ᠠᠰᠠᠭᠤᠳᠠᠯ᠎ᠢ ᠠᠮᠵᠢᠯᠲᠠ᠎ᠲᠠᠢ ᠲᠤᠭᠤᠯᠵᠤ᠂ ᠣᠳᠣᠬᠠᠨ᠎ᠳᠤ ᠪᠠᠭ᠍ᠰᠢ ᠰᠤᠷᠤᠭ᠍ᠴᠢᠳ᠎ᠤᠨ ᠭᠣᠣᠯᠯᠠᠬᠤ ᠬᠡᠪ ᠪᠣᠯᠪᠠᠰᠤᠷᠠᠯ ᠪᠦᠲᠦᠮᠵᠢᠲᠡᠢ ᠳᠡᠭᠡᠭᠰᠢᠯᠡᠵᠦ᠂ ᠪᠠᠭ᠍ᠰᠢ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢ ᠲᠣᠭᠲᠠᠭᠤᠨ᠎ᠢᠶᠠᠷ ᠳᠡᠭᠡᠭᠰᠢᠯᠡᠵᠦ᠂ ᠰᠤᠷᠭᠠᠭᠤᠯᠢ᠎ᠶᠢᠨ ᠰᠢᠯᠢᠳᠡᠭ ᠰᠤᠷᠭᠠᠭᠤᠯᠢ ᠡᠷᠬᠢᠯᠡᠬᠦ ᠪᠠ ᠣᠷᠣᠨ ᠪᠦᠰᠡ᠎ᠶᠢᠨ ᠦᠷ᠎ᠡ ᠪᠦᠲᠦᠭᠡᠯ ᠡᠯᠪᠡᠭ ᠳᠡᠯᠪᠡᠭ ᠪᠣᠯᠪᠠ᠃ ᠬᠢᠶ᠎ᠠ ᠪᠠᠭ᠍ᠰᠢ ᠲᠣᠭᠣᠷᠢᠭ᠋ 10 ᠵᠢᠯ ᠳᠠᠷᠠᠭᠠᠯᠠᠨ ᠣᠷᠳᠣᠰ ᠬᠤᠳᠠ᠎ᠶᠢᠨ ᠰᠤᠷᠭᠠᠨ ᠬᠥᠮᠦᠵᠢᠯ᠎ᠦᠨ ᠶᠡᠷᠦᠩᠬᠡᠢᠯᠡᠭᠰᠡᠨ ᠬᠢᠨᠠᠨ ᠵᠢᠯᠣᠭᠣᠳᠤᠯᠭ᠎ᠠ᠎ᠶᠢᠨ ᠨᠢᠭᠡᠳᠦᠭᠡᠷ ᠳᠡᠰ᠎ᠤᠨ ᠱᠠᠩᠨᠠᠯ᠎ᠢ ᠬᠦᠷᠲᠡᠵᠦ᠂ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢᠨ ᠵᠢᠭᠠᠯᠲᠠ ᠲᠣᠭ᠎ᠠ ᠨᠢ ᠪᠦᠬᠦ ᠤᠯᠤᠰ᠎ᠤᠨ 18 ᠰᠤᠳᠤᠯᠭᠠᠨ᠎ᠤ ᠦᠯᠢᠭᠡᠷ᠎ᠬᠡᠪ᠎ᠦᠨ ᠳᠣᠲᠣᠷ᠎ᠠ ᠪᠦᠬᠦ ᠤᠯᠤᠰ᠎ᠲᠤ᠌ ᠲᠠᠪᠤᠳᠤᠭᠠᠷ᠂ ᠪᠠᠷᠠᠭᠤᠨ ᠣᠷᠣᠨ᠎ᠳ᠋ᠤ ᠨᠢᠭᠡᠳᠦᠭᠡᠷ ᠲᠤ᠌ ᠵᠢᠭᠰᠠᠵᠤ᠂ ᠰᠤᠷᠭᠠᠨ ᠬᠥᠮᠦᠵᠢᠯ᠎ᠦᠨ ᠶᠠᠮᠤᠨ᠎ᠤ ᠲᠡᠰ᠎ᠤᠨ ᠤᠯᠠᠨ ᠲᠤᠷᠰᠢᠯᠲᠠ᠎ᠶᠢᠨ ᠲᠣᠭᠣᠷᠢᠭ᠋ ᠪᠠ ᠲᠤᠷᠰᠢᠯᠲᠠ᠎ᠶᠢᠨ ᠰᠤᠷᠭᠠᠭᠤᠯᠢ ᠡᠨᠳᠡ ᠰᠠᠭᠤᠷᠢᠰᠢᠪᠠ᠃ ᠰᠠᠢᠨ ᠰᠠᠢᠬᠠᠨ ᠰᠤᠷᠭᠠᠨ ᠬᠥᠮᠦᠵᠢᠯ᠎ᠢ᠋ ᠥᠨᠳᠥᠷ ᠭᠠᠷᠤᠭ᠎ᠠ᠎ᠠᠴᠠ ᠲᠥᠯᠥᠪᠵᠢᠭᠦᠯᠵᠦ᠂ ᠥᠪᠡᠷᠮᠢᠴᠡ ᠣᠨᠴᠠᠯᠢᠭ᠋᠎ᠲᠠᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢᠨ ᠵᠠᠮ ᠵᠢᠡᠷ ᠵᠠᠮᠨᠠᠨ᠎ᠠ᠃

(ᠭᠡᠷᠡᠯ ᠵᠢᠷᠤᠭ᠎ᠢ ᠬᠢᠶ᠎ᠠ ᠪᠠᠭᠰᠢ ᠨᠡᠢᠳᠡᠯᠡᠯ ᠳᠠᠪᠴᠠᠩ ᠡᠴᠡ ᠠᠪᠤᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面