2025-01-13 10:31:14
2021 ᠣᠨ᠎ᠳᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ《ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠠᠵᠢᠯ᠎ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ》᠎ᠳ᠋ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠠᠵᠢᠯ᠎ᠢ ᠤᠯᠤᠰ ᠠᠷᠠᠳ᠎ᠤᠨ ᠰᠤᠷᠭᠠᠨ ᠬᠥᠮᠦᠵᠢᠯ᠎ᠦᠨ ᠰᠢᠰᠲᠧᠮ᠎ᠳᠦ ᠠᠭᠤᠰᠬᠠᠨ ᠣᠷᠣᠭᠤᠯᠤᠨ᠎ᠠ ᠬᠡᠵᠦ ᠲᠣᠳᠣᠷᠬᠠᠢ ᠳᠤᠷᠠᠳᠴᠠᠢ᠃
ᠡᠬᠦᠨᠴᠡ ᠰᠤᠷᠭᠠᠨ ᠬᠥᠮᠦᠵᠢᠯ᠎ᠦᠨ ᠶᠠᠮᠤᠨ ᠡᠴᠡ ᠪᠤᠳᠠᠰ᠎ᠤᠨ ᠪᠤᠰᠤ ᠰᠤᠶᠤᠯ᠎ᠤᠨ ᠦᠪ ᠤ᠋ᠨ ᠤᠯᠠᠮᠵᠢᠯᠠᠯ ᠢ᠋ ᠤᠯᠤᠰ ᠠᠷᠠᠳ᠎ᠤᠨ ᠰᠤᠷᠭᠠᠨ ᠬᠥᠮᠦᠵᠢᠯ᠎ᠦᠨ ᠰᠢᠰᠲᠧᠮ ᠪᠠ ᠰᠤᠷᠭᠠᠭᠤᠯᠢ᠎ᠶᠢᠨ ᠭᠤᠸ᠎ᠠ ᠰᠠᠢᠬᠠᠨ᠎ᠤ ᠬᠥᠮᠦᠵᠢᠯ᠎ᠦᠨ ᠢᠨᠵᠧᠨᠧᠷᠢᠩ᠎ᠳᠦ ᠣᠷᠣᠭᠤᠯᠬᠤ᠎ᠶᠢ ᠪᠥᠬᠥ ᠲᠠᠯ᠎ᠠ᠎ᠪᠡᠷ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠢᠳᠠᠪᠤᠷᠢᠲᠠᠨ᠎ᠢ ᠬᠥᠮᠥᠵᠢᠭᠦᠯᠬᠦ ᠶᠠᠪᠤᠳᠠᠯ᠎ᠢ ᠤᠯᠤᠰ᠎ᠤᠨ ᠪᠣᠳᠣᠯᠭ᠎ᠠ᠎ᠶᠢᠨ ᠴᠢᠬᠤᠯᠠ ᠪᠠᠢᠷᠢᠨ᠎ᠳᠤ ᠳᠠᠯᠪᠢᠪᠠ᠃
ᠰᠤᠷᠭᠠᠭᠤᠯᠢ᠎ᠶᠢᠨ ᠰᠤᠷᠭᠠᠨ ᠬᠥᠮᠦᠵᠢᠯ ᠨᠢ ᠤᠯᠤᠰ ᠠᠷᠠᠳ᠎ᠤᠨ ᠰᠤᠷᠭᠠᠨ ᠬᠥᠮᠦᠵᠢᠯ᠎ᠦᠨ ᠰᠢᠰᠲᠧᠮ᠎ᠦᠨ ᠭᠣᠣᠯ ᠲᠤᠯᠭᠠᠭᠤᠷᠢ ᠪᠤᠯᠳᠠᠭ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠥᠮᠦᠵᠢᠯ ᠨᠢ ᠰᠣᠶᠣᠯ᠎ᠤᠨ ᠦᠷᠳᠡᠭ᠎ᠦᠨ ᠦᠵᠡᠯᠲᠡ᠂ ᠰᠤᠶᠤᠯ᠎ᠤᠨ ᠬᠠᠮᠳᠤ ᠵᠢᠨ ᠳᠠᠨᠢᠯᠳᠠ ᠪᠠ ᠰᠣᠶᠣᠯ᠎ᠤᠨ ᠪᠦᠲᠦᠭᠡᠯᠴᠢ ᠴᠢᠳᠠᠪᠤᠷᠢ᠎ᠶᠢ ᠪᠣᠢᠵᠢᠭᠤᠯᠬᠤ ᠴᠢᠬᠤᠯᠠ ᠠᠷᠭ᠎ᠠ ᠬᠡᠯᠪᠡᠷᠢ ᠪᠣᠯᠤᠭᠰᠠᠨ᠎ᠤ ᠬᠤᠪᠢ᠎ᠳᠤ ᠰᠤᠷᠭᠠᠨ ᠬᠦᠮᠦᠵᠢᠬᠦᠯᠬᠦ ᠦᠢᠯᠡᠳᠦᠯ᠎ᠢ ᠦᠨᠡᠨ ᠬᠦ᠌ ᠪᠠᠳᠠᠷᠠᠭᠤᠯᠤᠶ᠎ᠠ ᠭᠡᠪᠡᠯ ᠡᠷᠬᠡᠪᠰᠢ ᠰᠤᠷᠭᠠᠭᠤᠯᠢ᠎ᠵᠢᠨ ᠬᠦᠷᠢᠶᠡᠨ ᠳ᠋ᠤ ᠤᠷᠤᠭᠤᠯᠵᠤ᠂ ᠬᠢᠴᠢᠶᠡᠯ᠎ᠦᠨ ᠲᠠᠩᠬᠢᠮ᠎ᠳᠤ ᠤᠷᠤᠭᠤᠯᠵᠤ᠂ ᠵᠢᠭᠠᠬᠤ ᠮᠠᠲᠧᠷᠢᠶᠠᠯ᠎ᠳᠤ ᠤᠷᠤᠭᠤᠯᠵᠤ᠂ ᠰᠤᠷᠭᠠᠭᠤᠯᠢ ᠵᠢᠨ ᠡᠯ᠎ᠠ ᠱᠠᠳᠤᠨ ᠤ᠋ ᠰᠤᠷᠭᠠᠨ ᠬᠦᠮᠦᠵᠢᠯ ᠳᠠᠢ ᠨᠡᠩ ᠰᠠᠢᠳᠤᠷ ᠠᠭᠤᠰᠤᠯᠴᠠᠭᠤᠯᠵᠤ᠂ ᠬᠡᠦᠬᠡᠳ᠎ᠤᠨ ᠨᠠᠰᠤᠨ ᠤ᠋ ᠤᠨᠴᠠᠯᠢᠭ ᠪᠠ ᠦᠰᠦᠨ ᠪᠤᠢᠵᠢᠯᠳᠠ ᠳᠠᠢ ᠤᠶᠠᠯᠳᠤᠭᠤᠯᠵᠤ ᠠᠮᠢᠳᠤᠯᠢᠭ ᠰᠠᠢᠬᠠᠨ ᠰᠢᠰᠲ᠋ᠧᠮ ᠳᠠᠢ ᠬᠦᠮᠦᠵᠢᠯ ᠬᠢᠬᠦ ᠴᠢᠬᠤᠯᠠ ᠲᠠᠢ᠃ ᠬᠡᠦᠬᠡᠳ ᠪᠤᠯ ᠬᠬᠢᠷᠳᠦᠬᠡ ᠦᠬᠡᠢ ᠴᠠᠭᠠᠨ ᠴᠠᠭᠠᠰᠤ ᠪᠤᠯᠬᠤᠷ ᠳᠡᠳᠡ ᠭᠠᠳᠠᠭᠠᠳᠤ ᠶᠢᠷᠲᠢᠨᠴᠦ᠎ᠳᠦ ᠳᠤᠷ᠎ᠠ ᠰᠣᠨᠢᠷᠬᠠᠯᠲᠠᠢ ᠪᠣᠯᠬᠤ ᠦᠶ᠎ᠡ᠎ᠳᠦ ᠪᠣᠳᠠᠰ᠎ᠤᠨ ᠪᠤᠰᠤ ᠰᠣᠶᠣᠯ᠎ᠤᠨ ᠥᠪᠲᠤ᠌ ᠠᠭᠤᠯᠤᠭᠳᠠᠵᠤ ᠪᠦᠬᠦᠢ ᠰᠠᠢᠨ ᠰᠠᠢᠬᠠᠨ ᠵᠦᠢᠯᠡᠰ ᠪᠠ ᠶᠣᠰᠣ᠌ ᠰᠤᠷᠲᠠᠬᠤᠨ᠎ᠢᠶᠠᠷ ᠬᠦᠮᠦᠵᠢᠬᠦᠯᠵᠦ ᠨᠥᠯᠥᠭᠡᠯᠡᠪᠡᠯ ᠬᠡᠦᠬᠡᠳ ᠢ᠋ ᠴᠠᠢᠯᠭᠠᠨ ᠪᠤᠷᠤᠭᠵᠢᠭᠤᠨ ᠰᠠᠢᠬᠠᠨ ᠵᠠᠩ ᠴᠢᠨᠠᠷ ᠳᠠᠢ ᠪᠤᠯᠭᠠᠨ ᠬᠦᠮᠦᠵᠢᠬᠦᠯᠵᠦ ᠪᠤᠯᠤᠨ᠎ᠠ᠃ ᠡᠨᠡ ᠦᠶ᠎ᠡ᠎ᠳ᠋ᠤ ᠪᠣᠳᠠᠰ᠎ᠤᠨ ᠪᠤᠰᠤ ᠰᠣᠶᠣᠯ ᠤ᠋ᠨ ᠦᠪ᠎ᠤᠨ ᠤᠨᠴᠠᠯᠢᠭ ᠪᠦᠬᠦᠢ ᠠᠮᠳᠠᠳᠤ ᠰᠠᠢᠬᠠᠨ ᠢᠳᠡᠬᠡᠨ ᠤᠮᠳᠠᠭᠠᠨ᠂ ᠰᠤᠨᠢᠷᠬᠠᠯᠳᠠᠢ ᠰᠠᠢᠬᠠᠨ ᠳᠤᠭᠯᠠᠭᠠᠮ ᠮᠡᠳᠦ ᠵᠢᠨ ᠠᠮᠢᠳᠤᠯᠢᠭ ᠪᠤᠳᠠᠳᠠᠢ ᠵᠦᠢᠯᠡᠰ ᠵᠢᠡᠷ ᠬᠦᠳᠦᠯᠦᠨ ᠳᠠᠭᠠᠭᠤᠯᠪᠠᠯ᠂ ᠬᠡᠦᠬᠡᠳ ᠤ᠋ᠳ ᠤᠯᠤᠰ ᠦᠨᠳᠦᠰᠦᠳᠡᠨ ᠤ᠋ ᠪᠠᠨ ᠰᠢᠯᠢᠳᠡᠭ ᠤᠯᠠᠮᠵᠢᠯᠠᠯᠲᠤ ᠰᠣᠶᠣᠯ᠎ᠢ᠋ ᠤᠢᠯᠠᠭᠠᠵᠤ ᠬᠠᠢᠷᠠᠯᠠᠵᠤ ᠬᠢᠮᠠᠭᠠᠳᠠᠬᠤ ᠰᠡᠳᠬᠢᠯᠬᠡ ᠳᠠᠢ ᠪᠤᠯᠵᠤ ᠴᠢᠳᠠᠨ᠎ᠠ᠃ ᠪᠠᠭ᠎ᠠ ᠰᠤᠷᠭᠠᠭᠤᠯᠢ᠎ᠵᠢᠨ ᠱᠠᠳᠤᠨ ᠳ᠋ᠤ ᠬᠢᠴᠢᠶᠡᠯ᠎ᠦᠨ ᠳᠣᠲᠣᠨ᠎ᠠ ᠭᠠᠳᠠᠨᠠᠬᠢ ᠵᠢᠭᠠᠨ ᠰᠤᠷᠭᠠᠯᠲᠠ᠎ᠲᠠᠢ ᠤᠶᠠᠯᠳᠤᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠳᠣᠲᠣᠷᠠᠬᠢ ᠦᠯᠢᠭᠡᠷ ᠲᠤᠮᠤᠭ᠎ᠲᠠᠢ ᠤᠶᠠᠯᠳᠤᠭᠤᠯᠵᠤ ᠰᠡᠩᠬᠡᠷᠡᠭᠦᠯᠦᠨ ᠶᠠᠷᠢᠯᠴᠠᠬᠤ᠎ᠪᠠᠷ ᠲᠠᠮᠵᠢᠨ᠂ ᠰᠤᠷᠤᠭ᠍ᠴᠢᠳ᠎ᠲᠤ ᠬᠥᠮᠥᠨ ᠪᠣᠯᠬᠤ᠎ᠶᠢᠨ ᠶᠣᠰᠣ᠌ ᠤᠴᠢᠷ᠎ᠢ ᠣᠢᠯᠠᠭᠠᠭᠤᠯᠵᠤ᠂ ᠶᠣᠰᠣ᠌ ᠰᠤᠷᠲᠠᠬᠤᠨ᠎ᠤ ᠬᠥᠮᠦᠵᠢᠯ ᠬᠦᠷᠲᠡᠭᠡᠵᠦ ᠪᠣᠯᠣᠨ᠎ᠠ᠃ ᠪᠠᠭ᠎ᠠ ᠰᠤᠷᠭᠠᠭᠤᠯᠢ ᠪᠣᠯ ᠮᠥᠨ ᠴᠦ᠍ ᠬᠡᠦᠬᠡᠳ᠎ᠤᠨ ᠳᠠᠭᠤᠷᠢᠶᠠᠬᠤ ᠴᠢᠳᠠᠪᠤᠷᠢ᠎ᠪᠡᠷ ᠤᠨᠴᠠᠭᠠᠢ ᠰᠠᠢᠨ ᠱᠠᠳᠤ ᠦᠶ᠎ᠠ ᠪᠤᠯᠬᠤᠷ ᠪᠤᠳᠠᠳᠠᠢ ᠠᠵᠢᠯᠯᠠᠭ᠎ᠠ ᠪᠡᠷ ᠳᠠᠮᠵᠢᠭᠤᠯᠵᠤ ᠪᠤᠳᠠᠰ᠎ᠤᠨ ᠪᠤᠰᠤ ᠰᠤᠶᠤᠯᠢ᠋ ᠦᠪᠯᠡᠨ ᠤᠯᠠᠮᠵᠢᠯᠠᠬᠤ ᠬᠦᠮᠦᠵᠢᠯ ᠬᠦᠷᠳᠡᠬᠡᠪᠡᠯ ᠵᠤᠬᠢᠨ᠎ᠠ᠃ ᠳᠡᠬᠡᠷ᠎ᠡ ᠲᠤᠷᠠᠳᠤᠭᠰᠠᠨ《ᠰᠠᠨᠠᠯ》 ᠳ᠋ᠤ᠂ ᠳᠤᠮᠳᠠᠳᠤ ᠪᠠᠭ᠎ᠠ ᠰᠤᠷᠭᠠᠭᠤᠯᠢ ᠳ᠋ᠤ ᠪᠤᠳᠠᠰ᠎ᠤᠨ ᠪᠤᠰᠤ ᠰᠤᠶᠤᠯ᠎ᠤᠨ ᠥᠪ᠎ᠦᠨ ᠣᠨᠴᠠᠯᠢᠭ᠍ᠲᠤ ᠬᠢᠴᠢᠶᠡᠯ ᠨᠡᠭᠡᠭᠡᠵᠦ᠂ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠥᠷᠥᠯ ᠵᠦᠢᠯ᠎ᠦᠨ ᠣᠨᠴᠠᠯᠢᠭ᠍ᠲᠤ ᠳᠤᠮᠳᠠᠳᠤ ᠪᠠᠭ᠎ᠠ ᠰᠤᠷᠭᠠᠭᠤᠯᠢ᠎ᠶᠢᠨ ᠦᠪᠯᠡᠨ ᠤᠯᠠᠮᠵᠢᠯᠠᠬᠤ ᠰᠠᠭᠤᠷᠢᠨ ᠪᠠᠶ᠋ᠢᠭᠤᠯᠬᠤ᠎ᠶᠢ ᠵᠣᠷᠢᠭ᠍ᠵᠢᠭᠤᠯᠤᠨ᠎ᠠ ᠭᠡᠪᠡ᠃ ᠡᠨᠡ ᠨᠢ ᠵᠠᠯᠠᠭᠤᠴᠤᠳ ᠪᠠᠭᠠᠴᠤᠳ᠎ᠢ ᠡᠳᠦᠷ ᠲᠤᠲᠤᠮ᠎ᠤᠨ ᠰᠤᠷᠤᠯᠭ᠎ᠠ ᠠᠮᠢᠳᠤᠷᠠᠯ ᠳᠤᠮᠳᠠ ᠪᠠᠨ ᠪᠣᠳᠠᠰ᠎ᠤᠨ ᠪᠤᠰᠤ ᠰᠣᠶᠣᠯ᠎ᠤᠨ ᠥᠪ᠎ᠲᠠᠢ ᠨᠡᠩ ᠤᠢᠷᠠᠬᠠᠨ ᠪᠠᠢᠬᠤ ᠳᠠᠪᠴᠠᠩ ᠬᠠᠩᠭᠠᠬᠤ ᠪᠤᠯᠤᠨ᠎ᠠ᠃
ᠪᠣᠳᠠᠰ᠎ᠤᠨ ᠪᠤᠰᠤ ᠰᠣᠶᠣᠯ᠎ᠤᠨ ᠥᠪ᠎ᠢ ᠤᠯᠤᠰ ᠠᠷᠠᠳ᠎ᠤᠨ ᠰᠤᠷᠭᠠᠨ ᠬᠥᠮᠦᠵᠢᠯ᠎ᠦᠨ ᠰᠢᠰᠲᠧᠮ ᠳ᠋ᠤ ᠠᠭᠤᠰᠤᠯᠴᠠᠭᠤᠯᠬᠤ ᠳ᠋ᠤ ᠶᠡᠬᠡ ᠳᠡᠬᠡᠳᠤ ᠰᠤᠷᠭᠠᠭᠤᠯᠢᠪᠤᠯ ᠶᠠᠷᠢᠶᠠᠨ ᠦᠬᠡᠢ ᠪᠤᠳᠠᠰ᠎ᠤᠨ ᠪᠤᠰᠤ ᠰᠤᠶᠤᠯ᠎ᠤᠨ ᠦᠪ ᠢ᠋ ᠬᠠᠮᠠᠭᠠᠯᠠᠬᠤ ᠪᠠ ᠤᠯᠠᠮᠵᠢᠯᠠᠨ ᠬᠦᠭᠵᠢᠬᠦᠯᠬᠦ ᠴᠢᠬᠤᠯᠠ ᠰᠠᠭᠤᠷᠢᠨ ᠭᠠᠵᠠᠷᠪᠤᠯᠬᠤ ᠶᠤᠮ᠃ ᠶᠡᠬᠡ ᠳᠡᠭᠡᠳᠦ ᠰᠤᠷᠭᠠᠭᠤᠯᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠢᠨᠵᠢᠯᠡᠭᠡᠨ᠎ᠦ ᠰᠠᠯᠠᠭ᠎ᠠ ᠪᠠ ᠲᠤᠰᠬᠠᠢ ᠮᠡᠷᠭᠡᠵᠢᠯ᠎ᠦᠨ ᠪᠠᠢᠭᠤᠯᠤᠯᠲᠠ ᠪᠣᠯ ᠣᠳᠣᠬᠠᠨ᠎ᠤ ᠶᠡᠬᠡ ᠳᠡᠭᠡᠳᠦ ᠰᠤᠷᠭᠠᠭᠤᠯᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠢ᠋ ᠬᠠᠮᠠᠭᠠᠯᠠᠨ ᠤᠯᠠᠮᠵᠢᠯᠠᠬᠤ ᠠᠵᠢᠯ᠎ᠢ ᠰᠠᠢᠳᠤᠷ ᠬᠢᠬᠦ ᠵᠠᠩᠭᠢᠯᠠᠭ᠎ᠠ ᠪᠣᠯᠣᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠶᠡᠬᠡ ᠳᠡᠭᠡᠳᠦ ᠰᠤᠷᠭᠠᠭᠤᠯᠢ᠎ᠶᠢᠨ ᠰᠤᠷᠭᠠᠨ ᠬᠥᠮᠦᠵᠢᠯ᠎ᠳᠦ ᠨᠡᠩ ᠰᠠᠢᠨ ᠠᠭᠤᠰᠬᠠᠨ ᠣᠷᠣᠭᠤᠯᠬᠤ᠎ᠳᠤ ᠰᠢᠨᠵᠢᠯᠡᠬᠡᠨ ᠤ᠋ ᠰᠠᠯᠠᠭ᠎ᠠ ᠵᠢᠨ ᠪᠠᠢᠭᠤᠯᠤᠯᠳᠠ ᠮᠠᠰᠢ ᠴᠢᠬᠤᠯᠠ ᠪᠠᠢᠳᠠᠭ᠃ ᠡᠨᠡ ᠳᠠᠯ᠎ᠠ ᠪᠡᠷ ᠤᠯᠤᠰ᠎ᠤᠨ ᠳᠤᠳᠤᠭᠠᠳᠤ ᠵᠢᠨ ᠵᠠᠷᠢᠮ ᠶᠡᠬᠡ ᠳᠡᠬᠡᠳᠤ ᠰᠤᠷᠭᠠᠭᠤᠯᠢ ᠪᠤᠳᠠᠰ᠎ᠤᠨ ᠪᠤᠰᠤ ᠰᠤᠶᠤᠯ᠎ᠤᠨ ᠦᠪᠤ᠋ᠨ ᠵᠢᠩᠬᠢᠨᠢ ᠠᠩᠬᠢ ᠵᠢᠨ ᠳᠤᠰᠬᠠᠢ ᠮᠡᠷᠬᠡᠵᠢᠯ ᠢ᠋ ᠳᠤᠷᠰᠢᠨ ᠨᠡᠬᠡᠬᠡᠵᠦ᠂ ᠪᠡᠭᠡᠵᠢᠩ᠎ᠦᠨ ᠪᠠᠭ᠍ᠰᠢ ᠶ᠋ᠢᠨ ᠶᠡᠬᠡ ᠰᠤᠷᠭᠠᠭᠤᠯᠢ᠂ ᠵᠦᠩᠱᠠᠨ ᠶᠡᠬᠡ ᠰᠤᠷᠭᠠᠭᠤᠯᠢ᠂ ᠨᠠᠨᠵᠢᠩ ᠶᠡᠬᠡ ᠰᠤᠷᠭᠠᠭᠤᠯᠢ ᠵᠡᠷᠭᠡ ᠰᠤᠷᠭᠠᠭᠤᠯᠢ ᠨᠤᠭᠤᠳ ᠠᠰᠫᠢᠷᠠᠨᠲ ᠡᠯᠰᠡᠨ ᠬᠦᠮᠦᠵᠢᠬᠦᠯᠵᠦ ᠡᠬᠢᠯᠡᠭᠰᠡᠨ ᠪᠠᠢᠨ᠎ᠠ᠃ ᠡᠬᠦᠨ ᠡᠴᠡ ᠭᠠᠳᠠᠨ᠎ᠠ᠂ ᠤᠷᠠᠯᠢᠭ᠎ᠤᠨ ᠰᠢᠨᠵᠢᠯᠡᠬᠡᠨ ᠤ᠋ ᠰᠠᠯᠠᠭ᠎ᠠ ᠵᠢᠨ ᠳᠤᠳᠤᠷ᠎ᠠ ᠤᠷᠠᠯᠢᠭ᠎ᠤᠨ ᠤᠨᠤᠯ᠎ᠤᠨ ᠲᠦᠷᠦᠯ ᠳ᠋ᠤ ᠲᠦᠷᠪᠡᠨ ᠵᠢᠯ᠎ᠤᠨ ᠲᠦᠷᠢᠮ᠎ᠳᠤ ᠪᠤᠳᠠᠰ᠎ᠤᠨ ᠪᠤᠰᠤ ᠰᠤᠶᠤᠯ᠎ᠤᠨ ᠦᠪᠢ᠋ ᠬᠠᠮᠠᠭᠠᠯᠠᠬᠤ ᠳᠤᠰᠬᠠᠢ ᠮᠡᠷᠬᠡᠵᠢᠯ ᠢ᠋ ᠳᠤᠬᠢᠷᠠᠭᠤᠯᠤᠭᠰᠠᠨ᠂ ᠳᠡᠦᠬᠡ ᠵᠢᠨ ᠤᠬᠠᠭᠠᠨ ᠤ᠋ ᠲᠦᠷᠦᠯ ᠳ᠋ᠤ ᠪᠤᠳᠠᠰ᠎ᠤᠨ ᠪᠤᠰᠤ ᠰᠤᠶᠤᠯ᠎ᠤᠨ ᠦᠪ ᠢ᠋ ᠬᠠᠮᠠᠭᠠᠯᠠᠬᠤ ᠳᠤᠰᠬᠠᠢ ᠮᠡᠷᠬᠡᠵᠢᠯ ᠨᠡᠬᠡᠬᠡᠭᠰᠡᠨ ᠵᠡᠷᠬᠡ ᠨᠢ ᠪᠤᠳᠠᠰ᠎ᠤᠨ ᠪᠤᠰᠤ ᠰᠤᠶᠤᠯ᠎ᠤᠨ ᠦᠪ ᠤ᠋ᠨ ᠳᠤᠰᠬᠠᠢ ᠮᠡᠷᠬᠡᠵᠢᠯ ᠤ᠋ᠨ ᠤᠬᠠᠭᠠᠨ ᠤ᠋ ᠳᠤᠰᠬᠠᠢ ᠮᠡᠷᠬᠡᠵᠢᠯ ᠢ᠋ ᠵᠢᠩᠬᠢᠨᠢ ᠪᠡᠷ ᠤᠯᠤᠰ᠎ᠤᠨ ᠰᠤᠷᠭᠠᠨ ᠬᠦᠮᠦᠵᠢᠯ᠎ᠤᠨ ᠪᠠᠢᠭᠤᠯᠤᠯ ᠪᠠ ᠰᠢᠨᠵᠢᠯᠡᠬᠡᠨ ᠤ᠋ ᠰᠠᠯᠠᠭ᠎ᠠ ᠵᠢᠨ ᠰᠢᠰᠲᠧᠮ ᠳ᠋ᠤ ᠤᠷᠤᠭᠤᠯᠤᠭᠰᠠᠨ ᠢ᠋ ᠬᠠᠷᠠᠭᠤᠯᠵᠤ ᠪᠠᠢᠨ᠎ᠠ᠃
ᠮᠠᠨ ᠤ᠋ ᠤᠷᠤᠨ ᠤ᠋ ᠵᠠᠷᠢᠮ ᠶᠡᠬᠡ ᠳᠡᠬᠡᠳᠤ ᠰᠤᠷᠭᠠᠭᠤᠯᠢ ᠨᠤᠭᠤᠳ ᠬᠡᠳᠦᠢᠪᠡᠷ ᠵᠠᠷᠢᠮ ᠳᠤᠰᠬᠠᠢ ᠮᠡᠷᠬᠡᠵᠢᠯ ᠳ᠋ᠡᠬᠡᠨ ᠪᠤᠳᠠᠰ᠎ᠤᠨ ᠪᠤᠰᠤ ᠰᠤᠶᠤᠯ᠎ᠤᠨ ᠦᠪ ᠤ᠋ᠨ ᠬᠢᠴᠢᠶᠡᠯ ᠢ᠋ ᠨᠡᠬᠡᠬᠡᠭᠰᠡᠨ ᠪᠤᠯᠪᠠᠴᠤ ᠵᠢᠩᠬᠢᠨᠢ ᠠᠩᠬᠢ ᠵᠢᠨ ᠳᠤᠰᠬᠠᠢ ᠮᠡᠷᠬᠡᠵᠢᠯ ᠪᠤᠯᠭᠠᠨ ᠨᠡᠬᠡᠬᠡᠬᠦ ᠳᠠᠯ᠎ᠠ ᠪᠡᠷ ᠬᠠᠷᠠᠬᠠᠨ ᠬᠦᠷᠦᠯᠴᠡᠬᠡ ᠦᠬᠡᠢ ᠪᠠᠢᠨ᠎ᠠ᠃ ᠶᠡᠬᠡ ᠳᠡᠬᠡᠳᠤ ᠰᠤᠷᠭᠠᠭᠤᠯᠢ ᠳ᠋ᠤ ᠪᠤᠳᠠᠰ᠎ᠤᠨ ᠪᠤᠰᠤ ᠰᠤᠶᠤᠯ᠎ᠤᠨ ᠦᠪ ᠤ᠋ᠨ ᠳᠤᠰᠬᠠᠢ ᠮᠡᠷᠬᠡᠵᠢᠯ᠎ᠤᠨ ᠪᠠᠢᠭᠤᠯᠤᠯᠳᠠ ᠵᠢ ᠴᠢᠩᠭᠠᠳᠬᠠᠪᠠᠯ ᠰᠢᠨ᠎ᠡ ᠴᠠᠭ ᠦᠶ᠎ᠠ ᠵᠢᠨ ᠦᠪᠯᠡᠨ ᠤᠯᠠᠮᠵᠢᠯᠠᠭᠴᠢ ᠪᠠ ᠴᠢᠳᠠᠪᠤᠷᠢᠳᠠᠨ ᠢ᠋ ᠬᠦᠮᠦᠵᠢᠬᠦᠯᠬᠦ ᠵᠤᠷᠢᠯᠭ᠎ᠠ ᠳ᠋ᠠᠭᠠᠨ ᠬᠦᠷᠴᠦ ᠴᠢᠳᠠᠬᠤ ᠶᠤᠮ᠃
ᠰᠤᠷᠭᠠᠨ ᠬᠦᠮᠦᠵᠢᠯ᠎ᠤᠨ ᠰᠢᠰᠲ᠋ᠧᠮ᠎ᠤᠨ ᠬᠢᠨ 《ᠰᠠᠨᠠᠯ》 ᠤ᠋ᠨ ᠵᠤᠷᠢᠭ ᠰᠠᠨᠠᠭ᠎ᠠ ᠵᠢ ᠪᠤᠳᠠᠳᠠᠢ ᠨᠠᠢᠳᠠᠪᠤᠷᠢᠵᠢᠭᠤᠯᠵᠤ᠂ ᠰᠤᠷᠭᠠᠭᠤᠯᠢ ᠵᠢᠨ ᠬᠦᠷᠢᠶᠡᠨ ᠳ᠋ᠤ ᠪᠤᠳᠠᠰ᠎ᠤᠨ ᠪᠤᠰᠤ ᠰᠤᠶᠤᠯ᠎ᠤᠨ ᠦᠪ ᠤ᠋ᠨ ᠬᠦᠮᠦᠵᠢᠯ ᠢ᠋ ᠰᠤᠷᠭᠠᠨ ᠬᠦᠮᠦᠵᠢᠯ᠎ᠤᠨ ᠠᠭᠤᠯᠭ᠎ᠠ ᠳᠠᠢ ᠪᠠᠨ ᠤᠶᠠᠯᠳᠤᠭᠤᠯᠵᠤ ᠰᠢᠰᠲᠧᠮ ᠳᠠᠢ ᠱᠠᠳᠤᠴᠢ ᠴᠢᠨᠠᠷᠳᠠᠢ ᠬᠦᠮᠦᠵᠢᠯ ᠬᠦᠷᠳᠡᠬᠡᠪᠡᠯ᠂ ᠰᠤᠷᠤᠭᠴᠢᠳ᠎ᠲᠤ᠌ ᠰᠢᠯᠢᠳᠡᠭ ᠰᠤᠶᠤᠯᠵᠢᠡᠨ ᠦᠪᠯᠡᠨ ᠤᠯᠠᠮᠵᠢᠯᠠᠬᠤ ᠵᠢᠨ ᠵᠡᠷᠬᠡ ᠪᠡᠷ ᠰᠤᠶᠤᠯᠵᠢᠡᠨ ᠪᠦᠳᠦᠬᠡᠯᠴᠢ ᠪᠡᠷ ᠬᠦᠭᠵᠢᠬᠦᠯᠬᠦ ᠴᠢᠳᠠᠪᠤᠷᠢ ᠵᠢ ᠨᠡᠩ ᠴᠢᠨᠠᠬᠰᠢᠳᠠ ᠪᠠᠳᠠᠷᠠᠭᠤᠯᠵᠤ ᠴᠢᠳᠠᠬᠤ ᠶᠤᠮ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃