ᠲᠡᠷᠢᠭᠦᠨ ᠨᠢᠭᠤᠷ>ᠰᠤᠷᠭᠠᠨ ᠬᠦᠮᠦᠵᠢᠯ >ᠲᠤᠷᠰᠢᠯᠭ᠎ᠠ᠎ᠪᠠᠨ ᠰᠣᠯᠢᠯᠴᠠᠶ᠎ᠠ

2025-02-21 10:33:51

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2024 ᠤᠨ᠎ᠤ 11 ᠰᠠᠷ᠎ᠠ᠎ᠳᠤ᠂ ᠰᠤᠷᠭᠠᠨ ᠬᠥᠮᠦᠵᠢᠯ᠎ᠤᠨ ᠶᠠᠮᠤᠨ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ᠎ᠲᠠᠢ ᠬᠠᠮᠲᠤᠷᠠᠨ 《ᠬᠡᠤᠬᠡᠳ᠎ᠤᠨ ᠴᠡᠴᠡᠷᠯᠢᠭ ᠪᠠ ᠪᠠᠭ᠎ᠠ ᠰᠤᠷᠭᠠᠭᠤᠯᠢ᠎ᠶ᠋ᠢᠨ ᠰᠤᠷᠤᠭᠴᠢᠳ᠎ᠤᠨ ᠣᠢᠷ᠎ᠠ ᠬᠠᠷᠠᠭ᠎ᠠ᠎ᠶ᠋ᠢ ᠰᠡᠷᠭᠡᠢᠯᠡᠨ ᠡᠵᠡᠮᠳᠡᠬᠦ᠌ ᠵᠠᠩᠭᠢᠯᠠᠭ᠎ᠠ᠎ᠶ᠋ᠢᠨ ᠱᠠᠲᠤᠨ᠎ᠤ ᠰᠡᠷᠭᠡᠢᠯᠡᠨ ᠡᠵᠡᠮᠳᠡᠬᠦ᠌ ᠠᠵᠢᠯ᠎ᠢ ᠦᠨᠡᠨ ᠬᠦ᠌ ᠴᠢᠩᠭ᠎ᠠ ᠠᠳᠭᠤᠬᠤ ᠲᠤᠬᠠᠶ ᠮᠡᠳᠡᠭ᠌ᠳᠡᠯ》 (《ᠮᠡᠳᠡᠭ᠌ᠳᠡᠯ》 ᠭᠡᠵᠦ᠍ ᠲᠣᠪᠴᠢᠯᠠᠨ᠎ᠠ) ᠢ᠋ ᠳᠠᠷᠤᠮᠠᠯᠯᠠᠨ ᠲᠠᠷᠬᠠᠭᠠᠵᠤ᠂ ᠬᠡᠤᠬᠡᠳ᠎ᠤᠨ ᠴᠡᠴᠡᠷᠯᠢᠭ ᠪᠠ ᠪᠠᠭ᠎ᠠ ᠰᠤᠷᠭᠠᠭᠤᠯᠢ᠎ᠶ᠋ᠢᠨ ᠰᠤᠷᠤᠭᠴᠢᠳ᠎ᠤᠨ ᠣᠢᠷ᠎ᠠ ᠬᠠᠷᠠᠭ᠎ᠠ᠎ᠶ᠋ᠢ ᠰᠡᠷᠭᠡᠢᠯᠡᠨ ᠡᠵᠡᠮᠳᠡᠬᠦ᠌ ᠵᠠᠩᠭᠢᠯᠠᠭ᠎ᠠ᠎ᠶ᠋ᠢᠨ ᠱᠠᠲᠤᠨ᠎ᠤ ᠰᠡᠷᠭᠡᠢᠯᠡᠨ ᠡᠵᠡᠮᠳᠡᠬᠦ᠌ ᠠᠵᠢᠯ᠎ᠤᠨ ᠪᠠᠢᠷᠢᠯᠠᠭᠤᠯᠤᠯᠲᠠ ᠬᠢᠵᠤ᠂ ᠰᠡᠷᠭᠡᠢᠯᠡᠨ ᠡᠵᠡᠮᠳᠡᠬᠦ᠌ ᠪᠣᠭᠤᠮᠲᠠ᠎ᠶ᠋ᠢ ᠤᠷᠤᠭ᠍ᠰᠢ ᠠᠬᠢᠭᠤᠯᠬᠤ ᠵᠢ ᠱᠠᠭᠠᠷᠳᠠᠨ᠂ ᠰᠡᠷᠭᠡᠢᠯᠡᠨ ᠡᠵᠡᠮᠳᠡᠬᠦ᠌ ᠵᠠᠩᠭᠢᠯᠠᠭ᠎ᠠ᠎ᠶ᠋ᠢᠨ ᠱᠠᠲᠤᠨ᠎ᠤ ᠠᠵᠢᠯ᠎ᠢ ᠴᠢᠩᠭ᠎ᠠ ᠠᠳᠭᠤᠵᠤ᠂ ᠴᠡᠴᠡᠷᠯᠢᠭ᠎ᠤᠨ ᠬᠡᠤᠬᠡᠳ ᠪᠠ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠣᠢᠷ᠎ᠠ ᠬᠠᠷᠠᠭ᠎ᠠ᠎ᠲᠠᠢ ᠪᠣᠯᠬᠤ᠎ᠶ᠋ᠢ ᠪᠦᠲᠦᠮᠵᠢᠲᠡᠶ ᠪᠠᠭᠠᠰᠬᠠᠬᠤ ᠵᠢ ᠴᠢᠩᠭᠠᠳᠬᠠᠪᠠ᠃

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠤᠨ ᠬᠠᠮᠤᠭ᠎ᠤᠨ ᠱᠢᠨ᠎ᠡ ᠨᠡᠢᠲᠡᠯᠡᠭ᠌ᠰᠡᠨ ᠲᠤᠭ᠎ᠠ ᠪᠠᠷᠢᠮᠲᠠ᠎ᠠᠴᠠ ᠦᠵᠡᠪᠡᠯ᠂ ᠮᠠᠨ᠎ᠤ ᠤᠯᠤᠰ᠎ᠤᠨ ᠬᠡᠤᠬᠡᠳ ᠪᠠᠭᠠᠴᠤᠳ᠎ᠵᠠᠯᠠᠭᠤᠴᠤᠳ᠎ᠤᠨ ᠣᠢᠷ᠎ᠠ ᠬᠠᠷᠠᠭ᠎ᠠ᠎ᠲᠠᠢ ᠪᠤᠯᠤᠭᠰᠠᠠ ᠨᠣᠷᠮ᠎ᠠ 52.7% ᠳ᠋ᠤ ᠬᠦᠷᠴᠠᠢ᠂ ᠡᠭᠦᠨ᠎ᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢ 35.6%᠎ᠵᠢ ᠡᠵᠡᠯᠡᠵᠤ᠂ ᠠᠩᠬ᠎ᠠ ᠳᠤᠮᠳᠠᠳᠤ᠎ᠶ᠋ᠢᠨ ᠰᠤᠷᠤᠭ᠍ᠴᠢ 71.1%᠎ᠵᠢ ᠡᠵᠡᠯᠡᠵᠤ᠂ ᠥᠨᠳᠥᠷ ᠳᠤᠮᠳᠠᠳᠤ᠎ᠶ᠋ᠢᠨ ᠰᠤᠷᠤᠭ᠍ᠴᠢ 80.5%᠎ᠵᠢ ᠡᠵᠡᠯᠡᠪᠡ᠃ ᠣᠢᠷ᠎ᠠ᠎ᠶ᠋ᠢᠨ ᠵᠢᠯ᠎ᠤᠳ᠎ᠲᠤ᠌ ᠪᠥᠬᠦ᠌ ᠤᠯᠤᠰ᠎ᠤᠨ ᠬᠡᠤᠬᠡᠳ ᠪᠠᠭᠠᠴᠤᠳ ᠵᠠᠯᠠᠭᠤᠴᠤᠳ᠎ᠤᠨ ᠣᠢᠷ᠎ᠠ ᠬᠠᠷᠠᠭ᠎ᠠ ᠲᠠᠢ ᠪᠤᠯᠤᠭᠰᠠᠠ ᠨᠣᠷᠮ᠎ᠠ ᠶᠡᠷᠦᠩᠬᠡᠶ᠎ᠳᠡᠭᠡᠨ ᠳᠡᠭᠡᠭ᠌ᠰᠢᠯᠡᠬᠦ᠌ ᠬᠠᠨᠳᠤᠰᠢ᠎ᠲᠠᠢ ᠪᠠᠢᠵᠤ᠂ ᠢᠯᠠᠩᠭᠤᠶ᠎ᠠ ᠪᠠᠭ᠎ᠠ ᠨᠠᠰᠤᠨ᠎ᠤ ᠬᠡᠤᠬᠡᠳ ᠤᠯᠠᠰᠢᠷᠠᠬᠤ ᠪᠠᠢᠳᠠᠯ ᠢᠯᠡᠷᠡᠵᠤ᠂ ᠰᠡᠷᠭᠡᠢᠯᠡᠨ ᠡᠵᠡᠮᠳᠡᠬᠦ᠌ ᠪᠠᠢᠳᠠᠯ ᠲᠠᠢᠮᠤ ᠰᠠᠢᠨ ᠪᠢᠰᠢ ᠪᠠᠢᠨ᠎ᠠ᠃


QQ截图20241204104846.png


ᠵᠠᠯᠠᠭᠤᠴᠤᠳ ᠪᠠᠭᠠᠴᠤᠳ᠎ᠤᠨ ᠣᠢᠷ᠎ᠠ ᠬᠠᠷᠠᠭ᠎ᠠ᠎ᠲᠠᠢ ᠪᠤᠯᠬᠤ ᠨᠣᠷᠮ᠎ᠠ ᠶᠡᠷᠦᠩᠬᠡᠶ᠎ᠳᠡᠭᠡᠨ ᠳᠡᠭᠡᠭ᠌ᠰᠢᠯᠡᠭ᠌ᠰᠡᠨ ᠪᠠᠢᠳᠠᠯ ᠨᠢ ᠤᠯᠤᠰ ᠪᠣᠯᠤᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠢᠨ᠎ᠤ ᠠᠩᠬᠠᠷᠤᠯ᠎ᠢ ᠶᠡᠬᠡᠳᠡ ᠲᠠᠳᠠᠵᠠᠢ᠃ 2018 ᠣᠨ᠎ᠤ 8 ᠰᠠᠷ᠎ᠠ᠎ᠳᠤ ᠰᠤᠷᠭᠠᠨ ᠬᠥᠮᠦᠵᠢᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠵᠡᠷᠭᠡ ᠨᠠᠢ᠍ᠮᠠᠨ ᠰᠠᠯᠠᠭ᠎ᠠ ᠮᠥᠴᠢᠷ᠎ᠤᠳ 《ᠬᠡᠤᠬᠡᠳ ᠪᠠᠭᠠᠴᠤᠳ᠎ᠵᠠᠯᠠᠭᠤᠴᠤᠳ᠎ᠤᠨ ᠣᠢᠷ᠎ᠠ ᠬᠠᠷᠠᠭ᠎ᠠ᠎ᠶ᠋ᠢ ᠶᠡᠷᠦᠩᠬᠡᠢᠯᠡᠨ ᠰᠡᠷᠭᠡᠢᠯᠡᠨ ᠡᠵᠡᠮᠳᠡᠬᠦ᠌ ᠵᠢ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠬᠡᠤᠬᠡᠳ ᠪᠠᠭᠠᠴᠤᠳ᠎ᠵᠠᠯᠠᠭᠤᠴᠤᠳ᠎ᠤᠨ ᠣᠢᠷ᠎ᠠ ᠬᠠᠷᠠᠭ᠎ᠠ᠎ᠶ᠋ᠢ ᠰᠡᠷᠭᠡᠢᠯᠡᠨ ᠡᠵᠡᠮᠳᠡᠬᠦ᠌ ᠠᠵᠢᠯ᠂ ᠣᠢᠷ᠎ᠠ ᠬᠠᠷᠠᠭ᠎ᠠ ᠲᠠᠢ ᠪᠤᠯᠬᠤ ᠨᠣᠷᠮ᠎ᠠ ᠪᠠ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠤᠨ ᠪᠠᠢᠳᠠᠯ᠎ᠢ ᠵᠠᠰᠠᠭ᠎ᠤᠨ ᠣᠷᠳᠣᠨ᠎ᠤ ᠠᠵᠢᠯ᠎ᠤᠨ ᠠᠮᠵᠢᠯᠳᠠ ᠪᠦᠲᠦᠮᠵᠢ᠎ᠶ᠋ᠢ ᠱᠢᠯᠭᠠᠨ ᠬᠢᠨᠠᠬᠤ ᠪᠠ ᠨᠢᠳᠦᠨ᠎ᠤ ᠡᠷᠡᠭᠦᠯ ᠮᠡᠨᠳᠦ᠍᠎ᠶ᠋ᠢ ᠬᠡᠪ ᠴᠢᠨᠠᠷ᠎ᠤᠨ ᠰᠤᠷᠭᠠᠨ ᠬᠥᠮᠦᠵᠢᠯ᠎ᠳᠤ ᠣᠷᠣᠭᠤᠯᠤᠨ᠂ ᠬᠡᠤᠬᠡᠳ ᠪᠠᠭᠠᠴᠤᠳ᠎ᠵᠠᠯᠠᠭᠤᠴᠤᠳ᠎ᠤᠨ ᠪᠡᠶ᠎ᠡ ᠰᠡᠳᠭᠢᠯ᠎ᠤᠨ ᠡᠷᠡᠭᠦᠯ ᠮᠡᠨᠳᠦ᠂ ᠬᠢᠴᠢᠶᠡᠯ ᠰᠤᠷᠤᠯᠭ᠎ᠠ᠎ᠶ᠋ᠢᠨ ᠳᠠᠷᠤᠭᠠᠰᠤ ᠵᠡᠷᠭᠡ᠎ᠶ᠋ᠢ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠶᠠᠰᠤ ᠴᠢᠨᠠᠷ᠎ᠢ ᠬᠢᠨᠠᠨ ᠬᠡᠮᠵᠢᠵᠦ᠍ ᠦᠨᠡᠯᠡᠨ ᠵᠢᠱ᠌ᠢᠬᠦ᠌ ᠱᠢᠰᠲ᠋ᠧᠮ᠎ᠳᠤ ᠣᠷᠣᠭᠤᠯᠵᠠᠢ᠂ ᠬᠡᠤᠬᠡᠳ ᠪᠠᠭᠠᠴᠤᠳ᠎ᠵᠠᠯᠠᠭᠤᠴᠤᠳ᠎ᠤᠨ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠤᠨ ᠲᠦᠪᠱᠢᠨ ᠵᠠᠯᠭᠠᠭ᠎ᠠ᠎ᠪᠠᠷ 3 ᠵᠢᠯ ᠪᠠᠭᠤᠷᠠᠭ᠍ᠰᠠᠨ ᠪᠤᠯ ᠣᠷᠣᠨ ᠨᠤᠲᠤᠭ᠎ᠤᠨ ᠵᠠᠰᠠᠭ᠎ᠤᠨ ᠣᠷᠳᠣᠨ ᠪᠠ ᠰᠤᠷᠭᠠᠭᠤᠯᠢ᠎ᠳᠤ ᠬᠠᠤᠯᠢ ᠲᠣᠭ᠍ᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠡᠳᠤᠨ ᠵᠢᠯ᠎ᠤᠨ ᠴᠢᠷᠮᠠᠢᠯᠭ᠎ᠠ ᠪᠡᠷ ᠮᠠᠨ᠎ᠤ ᠤᠯᠤᠰ᠎ᠤᠨ ᠬᠡᠤᠬᠡᠳ ᠪᠠᠭᠠᠴᠤᠳ ᠵᠠᠯᠠᠭᠤᠴᠤᠳ᠎ᠤᠨ ᠣᠢᠷ᠎ᠠ ᠬᠠᠷᠠᠭ᠎ᠠ᠎ᠲᠠᠢ ᠪᠤᠯᠬᠤ ᠨᠣᠷᠮ᠎ᠠ᠎ᠶ᠋ᠢ ᠵᠣᠬᠢᠬᠤ ᠬᠡᠮᠵᠢᠶ᠎ᠡ᠎ᠪᠠᠷ ᠬᠤᠷᠢᠭ᠍ᠯᠠᠭ᠍ᠰᠠᠨ ᠪᠣᠯᠪᠠᠴᠤ᠌ ᠰᠡᠷᠭᠡᠢᠯᠡᠨ ᠡᠵᠡᠮᠳᠡᠬᠦ ᠠᠵᠢᠯ᠎ᠤᠨ ᠲᠠᠷᠤᠭᠠᠰᠤ ᠮᠦᠨ ᠯᠠ ᠶᠡᠬᠡ ᠪᠠᠢᠨ᠎ᠠ᠃

ᠲᠣᠰ ᠤᠳᠠᠭᠠᠨ᠎ᠤ ᠰᠤᠷᠭᠠᠨ ᠬᠥᠮᠦᠵᠢᠯ᠎ᠤᠨ ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ 《ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠵᠤ᠂ ᠨᠥᠬᠦᠴᠡᠯ ᠪᠦᠷᠢᠯᠳᠦᠭᠦᠯᠵᠦ᠍ ᠪᠠᠢᠭᠠᠳ ᠬᠡᠤᠬᠡᠳ ᠪᠠᠭᠠᠴᠤᠳ ᠵᠠᠯᠠᠭᠤᠴᠤᠳ᠎ᠤᠨ ᠭᠠᠳᠠᠭ᠎ᠠ ᠬᠦᠳᠡᠯᠬᠡᠬᠡᠨ ᠬᠢᠬᠦ ᠴᠠᠭ᠎ᠢ ᠭᠦᠢᠴᠡᠳ ᠪᠠᠲᠤᠯᠠᠬᠤ᠂ ᠬᠡᠷ᠎ᠤᠨ ᠠᠬᠠᠮᠠᠳ᠎ᠤᠨ ᠰᠡᠷᠬᠡᠢᠯᠡᠨ ᠡᠵᠡᠮᠳᠡᠬᠦ ᠠᠵᠢᠯ᠎ᠢ ᠬᠥᠩᠭᠡᠪᠴᠢᠯᠡᠬᠦ ᠦᠵᠡᠯᠲᠡ᠎ᠶ᠋ᠢ ᠬᠦᠴᠦᠯᠡᠨ ᠬᠤᠪᠢᠷᠠᠭᠤᠯᠬᠤ᠂ ᠬᠠᠷᠠᠭᠠᠨ ᠰᠡᠷᠡᠯ᠎ᠤᠨ ᠣᠷᠴᠢᠨ ᠲᠣᠭᠤᠷᠢᠨ᠎ᠢ ᠰᠠᠨᠠᠭᠠᠴᠢᠯᠠᠭ᠎ᠠ᠎ᠠᠴᠠ᠎ᠪᠠᠨ ᠰᠠᠢᠵᠢᠷᠠᠭᠤᠯᠬᠤ᠂ ᠤᠢᠷ᠎ᠠ ᠬᠠᠷᠠᠭᠠᠨ᠎ᠤ ᠡᠷᠡᠭᠦᠯ ᠮᠡᠨᠳᠦ᠍᠎ᠶ᠋ᠢᠨ ᠬᠥᠮᠦᠵᠢᠯ᠎ᠢ ᠬᠠᠨᠳᠤᠯᠭᠠᠲᠤ ᠴᠢᠨᠠᠷᠲᠠᠶ᠎ᠪᠠᠷ ᠴᠢᠩᠭᠠᠳᠭᠠᠬᠤ᠂ ᠤᠢᠷ᠎ᠠ ᠬᠠᠷᠠᠭ᠎ᠠ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠦᠶ᠋ᠯᠡᠳᠦᠯ᠎ᠢ ᠴᠢᠩᠭᠠᠳᠭᠠᠬᠤ ᠵᠡᠷᠭᠡ ᠨᠠᠢ᠍ᠮᠠᠨ ᠵᠤᠢᠯ᠎ᠤᠨ ᠪᠠᠢᠷᠢᠯᠠᠭᠤᠯᠤᠯᠲᠠ ᠬᠢᠵᠦ᠍᠂ ᠪᠠᠢᠷᠢᠯᠠᠭᠤᠯᠤᠯᠲᠠ ᠨᠢᠭᠡᠪᠦᠷᠢ᠎ᠨᠢ ᠬᠡᠤᠬᠡᠳ ᠪᠠᠭᠠᠴᠤᠳ᠎ᠵᠠᠯᠠᠭᠤᠴᠤᠳ᠎ᠤᠨ ᠣᠢᠷ᠎ᠠ ᠬᠠᠷᠠᠭ᠎ᠠ᠎ᠶ᠋ᠢ ᠰᠡᠷᠭᠡᠢᠯᠡᠨ ᠡᠵᠡᠮᠳᠡᠬᠦ᠌᠎ᠳᠤ ᠴᠥᠮ ᠲᠦᠢᠯ᠎ᠤᠨ ᠴᠢᠬᠤᠯᠠ ᠪᠥᠭᠡᠳ ᠪᠠᠰᠠ ᠳᠤᠲᠠᠭ᠍ᠳᠠᠵᠤ ᠪᠣᠯᠤᠰᠢ ᠥᠬᠡᠶ ᠵᠤᠢᠯ ᠶᠤᠮ᠃

《ᠮᠡᠳᠡᠭ᠌ᠳᠡᠯ》 ᠤ᠋ᠨ ᠨᠢᠭᠡ ᠶᠡᠭᠡ ᠬᠢᠯᠠᠰ ᠴᠡᠭ ᠪᠣᠯ ᠳᠠᠷᠤᠶ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ ᠰᠡᠷᠭᠡᠢᠯᠡᠨ ᠡᠵᠡᠮᠳᠡᠬᠦ᠌ ᠪᠣᠭᠤᠮᠲᠠ᠎ᠶ᠋ᠢ ᠤᠷᠤᠭ᠍ᠰᠢ ᠠᠬᠢᠭᠤᠯᠵᠤ᠂ ᠬᠡᠤᠬᠡᠳ᠎ᠤᠨ ᠴᠡᠴᠡᠷᠯᠢᠭ ᠪᠠ ᠪᠠᠭ᠎ᠠ ᠰᠤᠷᠭᠠᠭᠤᠯᠢ᠎ᠶ᠋ᠢᠨ ᠰᠤᠷᠤᠭᠴᠢᠳ᠎ᠤᠨ ᠣᠢᠷ᠎ᠠ ᠬᠠᠷᠠᠭ᠎ᠠ᠎ᠶ᠋ᠢ ᠰᠡᠷᠭᠡᠢᠯᠡᠨ ᠡᠵᠡᠮᠳᠡᠬᠦ᠌ ᠵᠠᠩᠭᠢᠯᠠᠭ᠎ᠠ᠎ᠶ᠋ᠢᠨ ᠱᠠᠲᠤᠨ᠎ᠤ ᠠᠵᠢᠯ᠎ᠢ ᠴᠢᠩᠭ᠎ᠠ ᠮᠦᠷᠳᠡᠭᠡᠨ ᠪᠣᠳᠠᠲᠠᠶ ᠠᠳᠭᠤᠬᠤ ᠬᠡᠷᠡᠭ᠌ᠲᠡᠶ ᠭᠡᠵᠦ᠍ ᠱᠠᠭᠠᠷᠳᠠᠪᠠ᠃ ᠡᠨᠡ ᠬᠦ᠌ ᠠᠵᠢᠯ᠎ᠤᠨ ᠰᠡᠳᠭᠢᠴᠠ ᠮᠠᠰᠢ ᠴᠢᠩᠭ᠎ᠠ ᠬᠠᠨᠳᠤᠯᠭᠠᠳᠤ ᠴᠢᠨᠠᠷ᠎ᠲᠠᠢ᠃ ᠬᠡᠤᠬᠡᠳ ᠪᠠᠭᠠᠴᠤᠳ᠎ᠤᠨ ᠣᠢᠷ᠎ᠠ ᠬᠠᠷᠠᠭ᠎ᠠ᠎ᠶ᠋ᠢ ᠰᠡᠷᠭᠡᠢᠯᠡᠨ ᠡᠵᠡᠮᠳᠡᠬᠦ᠌᠎ᠳᠤ ᠬᠠᠷᠠᠬᠠᠨ ᠪᠠᠭ᠎ᠠ᠎ᠠᠴᠠ᠎ᠨᠢ ᠡᠬᠢᠯᠡᠨ ᠠᠳᠭᠤᠵᠤ᠂ ᠡᠷᠲᠡ᠎ᠠᠴᠠ ᠠᠳᠭᠤᠵᠤ ᠪᠠᠭ᠎ᠠ᠎ᠠᠴᠠ᠎ᠨᠢ ᠠᠳᠭᠤᠬᠤ᠎ᠨᠢ ᠣᠢᠷ᠎ᠠ ᠬᠠᠷᠠᠭ᠎ᠠ᠎ᠶ᠋ᠢ ᠵᠠᠰᠠᠬᠤ᠎ᠳᠤ ᠠᠱᠢᠭ᠍ᠲᠠᠶ ᠶᠤᠮ᠃

ᠨᠢᠳᠦ ᠪᠡᠨ ᠬᠠᠢᠷᠠᠯᠠᠬᠤ ᠰᠠᠢᠨ ᠳᠠᠳᠭᠠᠯ᠎ᠢ ᠬᠠᠷᠠᠬᠠᠨ ᠪᠠᠭ᠎ᠠ᠎ᠠᠴᠠ᠎ᠪᠠᠨ ᠬᠥᠮᠦᠵᠢᠭᠦᠯᠵᠦ᠍᠂ ᠢᠳᠡᠪᠬᠢᠲᠡᠶ᠎ᠪᠠᠷ ᠰᠡᠷᠭᠡᠢᠯᠡᠨ ᠡᠵᠡᠮᠳᠡᠬᠦ᠌ ᠠᠷᠭ᠎ᠠ ᠪᠠᠷᠢᠯ᠎ᠢ ᠡᠷᠲᠡᠬᠡᠨ ᠪᠦᠷᠢᠯᠳᠦᠭᠦᠯᠬᠦ᠌ ᠬᠡᠷᠡᠭ᠌ᠲᠡᠶ᠃ ᠴᠥᠭᠡᠨ ᠪᠤᠰᠤ ᠬᠡᠤᠬᠡᠳ ᠪᠠᠭᠠᠴᠤᠳ᠎ᠵᠠᠯᠠᠭᠤᠴᠤᠳ᠎ᠤᠨ ᠣᠢᠷ᠎ᠠ ᠬᠠᠷᠠᠭ᠎ᠠ ᠲᠠᠢ ᠪᠤᠯᠤᠭᠰᠠᠠ ᠨᠢ ᠳᠠᠷᠤᠢ ᠬᠡᠦᠬᠡᠳ᠎ᠪᠠᠢᠬᠤ ᠦᠶ᠎ᠠ᠎ᠳ᠋ᠤ ᠳᠠᠯᠳᠠ ᠭᠡᠮ ᠦᠯᠡᠳᠡᠬᠡᠭᠰᠡᠡ ᠡᠴᠨ ᠪᠣᠯᠵᠠᠢ᠂ ᠵᠢᠱ᠌ᠢᠶᠡᠯᠡᠪᠡᠯ ᠭᠡᠷ᠎ᠦ᠋ᠨ ᠠᠬᠠᠮᠠᠳ ᠴᠢᠬᠤᠯᠠᠴᠢᠯᠠᠨ ᠦᠵᠡᠬᠦ᠌ ᠦᠭᠡᠢ ᠪᠤᠶᠤ ᠬᠣᠯᠪᠣᠭ᠍ᠳᠠᠯ ᠪᠦᠬᠦᠢ ᠮᠡᠳᠡᠯᠭᠡ᠎ᠪᠡᠷ ᠳᠤᠲᠠᠮᠠᠭ᠂ ᠣᠢᠷ᠎ᠠ ᠬᠠᠷᠠᠭ᠎ᠠ᠎ᠶᠢ ᠰᠡᠷᠭᠡᠢᠯᠡᠨ ᠡᠵᠡᠮᠳᠡᠬᠦ᠌ ᠦᠵᠡᠯ ᠤᠬᠠᠮᠰᠠᠷ ᠬᠡᠲᠦᠷᠬᠡᠢ ᠪᠠᠭᠤᠷᠠᠢ; ᠪᠠᠰᠠ ᠵᠠᠷᠢᠮ ᠭᠡᠷ᠎ᠦᠨ ᠠᠬᠠᠮᠠᠳ ᠬᠡᠦᠬᠡᠳ᠎ᠲᠦ ᠬᠡᠳᠤᠷᠬᠡᠢ ᠤᠷᠳᠤ ᠴᠠᠭ ᠵᠢᠡᠷ ᠲᠧᠯᠸᠢᠰ ᠦᠵᠡᠬᠦᠯᠬᠦ᠂ ᠠᠯᠢ ᠡᠰᠡᠬᠦᠯ᠎ᠠ ᠡᠯᠧᠺᠲ᠋ᠷᠣᠨ ᠪᠦᠲᠦᠭᠡᠭ᠌ᠳᠡᠬᠦᠨ᠎ᠢᠶᠡᠷ 《ᠠᠰᠠᠷᠠᠭ᠍ᠴᠢ》 ᠪᠣᠯᠭᠠᠵᠤ ᠰᠤᠷᠭᠠᠬᠰᠠᠠ᠎ᠳᠤ ᠪᠤᠢ᠃ ᠬᠡᠦᠬᠡᠳ᠎ᠤᠳ ᠬᠡᠷᠪᠡ ᠬᠠᠷᠠᠬᠠᠨ ᠪᠠᠭ᠎ᠠ᠎ᠠ᠋ᠴᠠ ᠪᠠᠨ ᠨᠢᠳᠦ ᠪᠡᠨ ᠬᠠᠢᠷᠠᠯᠠᠬᠤ ᠰᠠᠢᠨ ᠳᠠᠳᠭᠠᠯ᠎ᠲᠠᠢ ᠪᠤᠯᠬᠤ ᠦᠭᠡᠢ ᠶᠤᠮ ᠪᠣᠯ ᠬᠡᠦᠬᠡᠳ᠎ᠤᠨ ᠬᠤᠭᠤᠴᠠᠭᠠᠨ ᠳ᠋ᠤ ᠬᠠᠷᠠᠭ᠎ᠠ ᠨᠢ ᠮᠠᠭᠤᠳᠠᠬᠤ ᠪᠤᠯᠤᠮᠵᠢ ᠲᠠᠢ᠂ ᠳᠤᠮᠳᠠᠳᠤ ᠪᠠᠭ᠎ᠠ ᠰᠤᠷᠭᠠᠭᠤᠯᠢ᠎ᠶᠢᠨ ᠱᠠᠲᠤᠨ᠎ᠳ᠋ᠤ ᠣᠷᠣᠭᠠᠳ ᠨᠢᠳᠦᠨ᠎ᠦ᠌ ᠳᠠᠷᠤᠯᠲᠠ ᠨᠢ ᠶᠡᠬᠡᠳᠬᠦ ᠳᠤᠰᠤᠮ ᠨᠢᠳᠤ ᠨᠢ ᠠᠶᠠᠨᠳᠠᠭᠠᠨ ᠨᠡᠩ ᠠᠮᠠᠷᠬᠠᠨ ᠮᠠᠭᠤᠳᠠᠬᠤ ᠪᠤᠯᠤᠨ᠎ᠠ᠃

ᠭᠤᠷᠪᠠᠨ ᠰᠠᠯᠠᠭ᠎ᠠ ᠮᠥᠴᠢᠷ᠎ᠤᠨ 《ᠮᠡᠳᠡᠭ᠌ᠳᠡᠯ》 ᠤ᠋ᠨ ᠪᠠᠢᠷᠢᠯᠠᠭᠤᠯᠤᠯᠲᠠ᠎ᠶ᠋ᠢ ᠰᠠᠢᠲᠤᠷ ᠨᠠᠢᠳᠠᠪᠤᠷᠢᠵᠢᠭᠤᠯᠬᠤ᠎ᠵᠢᠨ ᠵᠠᠩᠭᠢᠯᠠᠭ᠎ᠠ᠎ᠨᠢ ᠭᠡᠷ᠎ᠤᠨ ᠠᠬᠠᠮᠠᠳ᠂ ᠰᠤᠷᠭᠠᠭᠤᠯᠢ᠂ ᠰᠤᠷᠭᠠᠨ ᠬᠥᠮᠦᠵᠢᠯ᠎ᠤᠨ ᠰᠠᠯᠠᠭ᠎ᠠ ᠮᠥᠴᠢᠷ ᠵᠡᠷᠭᠡ ᠡᠯ᠎ᠡ ᠲᠠᠯ᠎ᠠ᠎ᠶ᠋ᠢᠨ᠎ᠬᠢᠨ ᠦᠨᠡᠨ ᠬᠦ᠌ ᠴᠢᠬᠤᠯᠠᠴᠢᠯᠠᠨ ᠦᠵᠡᠬᠦ᠎ᠳᠤ ᠪᠠᠢᠵᠤ᠂ ᠬᠡᠤᠬᠡᠳ ᠪᠠᠭᠠᠴᠤᠳ ᠵᠠᠯᠠᠭᠤᠴᠤᠳ᠎ᠤᠨ ᠣᠢᠷ᠎ᠠ ᠬᠠᠷᠠᠭ᠎ᠠ᠎ᠶ᠋ᠢᠨ ᠠᠰᠠᠭᠤᠳᠠᠯ ᠨᠢ ᠨᠢᠭᠡᠨᠲᠡ ᠲᠣᠪᠣᠢᠮ᠎ᠠ ᠰᠤᠷᠭᠠᠨ ᠬᠥᠮᠦᠵᠢᠯ᠎ᠤᠨ ᠠᠰᠠᠭᠤᠳᠠᠯ ᠪᠠ ᠨᠠᠰᠤᠨ᠎ᠳᠤ ᠥᠯᠥ᠍ ᠭᠦᠷᠦᠭ᠌ᠰᠡᠳ᠎ᠤᠨ ᠦᠰᠦᠨ ᠪᠤᠢᠵᠢᠬᠤ ᠠᠰᠠᠭᠤᠳᠠᠯ ᠪᠤᠯᠬᠤ ᠵᠢ ᠲᠠᠨᠢᠵᠤ᠂ ᠥᠷᠭᠡᠨ ᠣᠯᠠᠨ ᠬᠡᠤᠬᠡᠳ ᠪᠠᠭᠠᠴᠤᠳ᠎ᠵᠠᠯᠠᠭᠤᠴᠤᠳ᠎ᠢ ᠭᠠᠴᠢᠭ᠍ᠳᠠᠭᠤᠯᠵᠤ ᠪᠦᠬᠦᠢ ᠦᠰᠦᠨ ᠪᠤᠢᠵᠢᠯᠳᠠ ᠵᠢᠨ ᠰᠠᠭᠠᠳ ᠪᠤᠯᠤᠭᠰᠠᠠ ᠳᠤᠯᠠ ᠬᠦᠴᠦᠲᠡᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠪᠦᠲᠦᠮᠵᠢᠲᠡᠶ ᠠᠷᠭᠠᠴᠠᠭᠠᠬᠤ ᠪᠠ ᠶᠡᠷᠦᠩᠬᠡᠢᠯᠡᠨ ᠵᠠᠰᠠᠬᠤ ᠬᠡᠷᠡᠭ᠌ᠲᠡᠶ᠃ ᠵᠢᠱ᠌ᠢᠶᠡᠯᠡᠪᠡᠯ᠂ ᠰᠤᠷᠭᠠᠨ ᠬᠥᠮᠦᠵᠢᠯ᠎ᠤᠨ ᠠᠱᠢᠭ ᠬᠠᠷᠠᠬᠤ ᠬᠡᠯᠪᠡᠷᠢᠯ᠎ᠢ ᠬᠤᠪᠢᠷᠠᠭᠤᠯᠵᠤ᠂ ᠬᠡᠦᠬᠡᠳ᠎ᠤᠨ ᠡᠯᠧᠺᠲᠷᠣᠨ ᠦᠢᠯᠡᠳᠬᠦᠨ ᠦᠵᠡᠬᠦ ᠴᠠᠭ ᠬᠤᠭᠤᠴᠠᠭ᠎ᠠ᠎ᠶ᠋ᠢ ᠡᠵᠡᠮᠳᠡᠵᠦ᠍᠂ ᠨᠠᠷᠢᠨ ᠵᠦᠢᠯᠡᠰ᠎ᠤᠨ ᠬᠠᠮᠢᠶᠠᠷᠤᠯᠲᠠ ᠡᠵᠡᠮᠳᠡᠯ᠎ᠢ ᠰᠠᠢᠲᠤᠷ ᠬᠢᠬᠦ᠌ ᠬᠡᠷᠡᠭ᠌ᠲᠡᠢ; ᠬᠡᠤᠬᠡᠳ᠎ᠤᠳ᠎ᠤᠨ ᠭᠠᠳᠠᠭ᠎ᠠ ᠬᠥᠳᠡᠯᠭᠡᠭᠡᠨ᠎ᠬᠢᠬᠦ ᠴᠠᠭ᠎ᠢ ᠤᠷᠳᠤᠳᠬᠠᠨ᠂ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠢ ᠴᠢᠩᠭᠠᠳᠭᠠᠵᠤ᠂ ᠭᠦᠢᠴᠡᠳ ᠤᠨᠲᠠᠬᠤ ᠪᠠ ᠵᠦᠶ ᠵᠣᠬᠢᠰᠲᠠᠶ ᠱᠢᠮ᠎ᠡ ᠲᠡᠵᠢᠭᠡᠯ᠎ᠢ ᠪᠠᠲᠤᠯᠠᠬᠤ ᠵᠡᠷᠭᠡ ᠠᠵᠢᠯ᠎ᠢ ᠨᠠᠢᠳᠠᠪᠤᠷᠢᠳᠠᠢ ᠰᠠᠢᠨ ᠬᠢᠬᠦ ᠬᠡᠷᠡᠭ᠌ᠲᠡᠢ᠃

《ᠬᠡᠤᠬᠡᠳ᠎ᠤᠨ ᠨᠢᠳᠤᠨ ᠰᠢᠯ》 ᠤ᠋ᠨ ᠬᠠᠳᠠᠭᠠᠯᠠᠯᠳᠠ ᠵᠢ ᠪᠠᠭᠠᠰᠬᠠᠵᠤ᠂ 《ᠨᠢᠳᠦᠨ ᠱᠢᠯ᠎ᠦᠨ ᠨᠡᠮᠡᠭ᠌ᠳᠡᠯ》 ᠢ᠋ ᠬᠣᠷᠢᠭ᠍ᠯᠠᠨ ᠵᠣᠭ᠍ᠰᠣᠭᠠᠬᠤ᠎ᠳᠤ ᠡᠯ᠎ᠡ ᠱᠠᠲᠤᠨ᠎ᠤ ᠡᠯ᠎ᠡ ᠰᠠᠯᠠᠭ᠎ᠠ ᠮᠥᠴᠢᠷ ᠪᠠ ᠨᠡᠢᠭᠡᠮ᠎ᠦᠨ ᠡᠯ᠎ᠡ ᠡᠲᠡᠭᠡᠳ᠎ᠦᠨ᠎ᠬᠢᠨ ᠤᠳᠠᠭᠠᠨ ᠳᠠᠭᠠᠭᠠᠮᠠᠭᠠᠶ ᠴᠢᠷᠮᠠᠢᠬᠤ ᠬᠡᠷᠡᠭ᠌ᠲᠡᠶ᠃ ᠡᠷᠬᠡᠪᠰᠢ ᠰᠡᠷᠭᠡᠢᠯᠡᠨ ᠡᠵᠡᠮᠳᠡᠬᠦ᠌ ᠪᠣᠭᠤᠮᠲᠠ᠎ᠶ᠋ᠢ ᠤᠷᠤᠭ᠍ᠰᠢ ᠠᠬᠢᠭᠤᠯᠬᠤ ᠪᠠᠷ ᠪᠠᠷᠠᠬᠤ ᠦᠭᠡᠢ ᠪᠤᠰᠤᠳ ᠱᠠᠲᠤᠨ᠎ᠤ ᠰᠡᠷᠭᠡᠢᠯᠡᠨ ᠡᠵᠡᠮᠳᠡᠬᠦ᠌ ᠠᠵᠢᠯ᠎ᠢ ᠴᠤ᠌ ᠰᠤᠯᠠᠷᠠᠭᠤᠯᠵᠤ ᠪᠣᠯᠬᠤ ᠦᠭᠡᠢ᠂ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠴᠢᠩᠭᠠᠯᠠᠵᠤ᠂ ᠡᠯ᠎ᠡ ᠲᠠᠯ᠎ᠠ᠎ᠶ᠋ᠢᠨ ᠬᠢᠨ ᠪᠠᠰᠠ ᠵᠠᠰᠠᠯᠲᠠ᠎ᠶ᠋ᠢᠨ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠬᠡᠤᠬᠡᠳ ᠪᠠᠭᠠᠴᠤᠳ᠎ᠵᠠᠯᠠᠭᠤᠴᠤᠳ᠎ᠤᠨ ᠦᠰᠦᠨ ᠪᠤᠢᠵᠢᠬᠤ ᠠᠶᠠᠨ ᠵᠠᠮ᠎ᠳᠡᠬᠢ ᠡᠨᠡ ᠬᠦ᠌ ᠰᠠᠭᠠᠳ ᠢ᠋ ᠬᠠᠮᠲᠤ᠎ᠪᠠᠷ ᠠᠷᠢᠯᠭᠠᠵᠤ᠂ ᠬᠡᠦᠬᠡᠳ᠎ᠤᠨ ᠡᠷᠡᠭᠦᠯ ᠴᠢᠭᠢᠷᠠᠭ ᠢᠳᠡᠷᠡᠭᠦᠨ᠎ᠢᠶᠠᠷ ᠦᠰᠦᠨ ᠪᠤᠢᠵᠢᠬᠤ᠎ᠳᠤ ᠬᠦᠴᠦᠨ ᠨᠡᠮᠡᠷᠢᠯᠡᠬᠦ ᠬᠡᠷᠡᠭᠳᠡᠢ᠃

(《ᠪᠡᠭᠡᠵᠢᠩ᠎ᠤᠨ ᠵᠠᠯᠠᠭᠤᠴᠤᠳ ᠰᠣᠨᠢᠨ》 ᠡᠴᠨ ᠤᠷᠴᠢᠭᠤᠯᠤᠨ ᠠᠪᠤᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面