2025-05-19 11:13:57
2025 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ ᠡᠴᠡ ᠡᠬᠢᠯᠡᠨ ᠡᠯ᠎ᠡ ᠭᠠᠵᠠᠷ᠎ᠤᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠤᠨ ᠬᠢᠨ ᠪᠢᠴᠢᠭ ᠮᠠᠲ᠋ᠧᠷᠢᠶᠠᠯ ᠨᠡᠢᠲᠡᠯᠡᠵᠦ᠍ 《ᠨᠢᠭᠡ ᠬᠢᠴᠢᠶᠡᠯ᠂ ᠬᠣᠶᠠᠷ ᠴᠠᠭ》 ᠡᠨᠡᠬᠦ ᠲᠥᠷᠥ᠎ᠶ᠋ᠢᠨ ᠪᠤᠳᠤᠯᠭ᠎ᠠ᠎ᠶ᠋ᠢ ᠦᠨᠡᠨᠬᠦ ᠨᠠᠢᠳᠠᠪᠤᠷᠢᠵᠢᠭᠤᠯᠵᠤ ᠪᠠᠢᠨ᠎ᠠ᠃ 《ᠨᠢᠭᠡ ᠬᠢᠴᠢᠶᠡᠯ᠂ ᠬᠣᠶᠠᠷ ᠴᠠᠭ》 ᠭᠡᠳᠡᠭ ᠨᠢ ᠳᠤᠮᠳᠠᠳᠤ ᠪᠠᠭ᠎ᠠ ᠰᠤᠷᠭᠠᠭᠤᠯᠢ ᠪᠦᠬᠦᠨ ᠡᠳᠦᠷ ᠪᠦᠷᠢ ᠨᠢᠭᠡ ᠴᠠᠭ᠎ᠤᠨ ᠲᠠᠮᠢᠷ᠎ᠤᠨ ᠬᠢᠴᠢᠶᠡᠯ ᠤᠷᠤᠬᠤ ᠡᠴᠡ ᠭᠠᠳᠠᠨ᠎ᠠ᠂ ᠰᠤᠷᠤᠭᠴᠢᠳ᠎ᠤᠨ ᠬᠢᠴᠢᠶᠡᠯ᠎ᠤᠨ ᠭᠠᠳᠠᠨ᠎ᠠ ᠨᠢᠭᠡ ᠴᠠᠭ᠎ᠤᠨ ᠪᠡᠶ᠎ᠡ ᠵᠢᠨ ᠲᠠᠮᠢᠷ᠎ᠤᠨ ᠬᠦᠳᠡᠯᠭᠡᠭᠡᠨ ᠬᠢᠬᠦ᠎ᠵᠢ ᠦᠨᠡᠨᠬᠦ ᠪᠠᠳᠤᠯᠠᠬᠤ ᠵᠢ ᠵᠢᠭᠠᠵᠤ ᠪᠠᠢᠨ᠎ᠠ᠃
《ᠨᠢᠭᠡ ᠬᠢᠴᠢᠶᠡᠯ᠂ ᠬᠣᠶᠠᠷ ᠴᠠᠭ》 ᠤ᠋ᠨ ᠪᠡᠶ᠎ᠡ᠎ᠶ᠋ᠢᠨ ᠲᠠᠮᠢᠷ᠎ᠤᠨ ᠬᠢᠴᠢᠶᠡᠯ᠎ᠦᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠭ᠌ᠰᠡᠨ᠎ᠢᠶᠡᠷ ᠪᠡᠶ᠎ᠡ᠎ᠶ᠋ᠢᠨ ᠲᠠᠮᠢᠷ ᠰᠤᠷᠭᠠᠭᠤᠯᠢ᠎ᠶ᠋ᠢᠨ ᠬᠦᠷᠢᠶᠡᠨ᠎ᠳᠦ ᠢᠳᠡᠭ ᠢᠳᠡᠭ᠎ᠢᠶᠡᠷ 《ᠭᠤᠤᠯ ᠪᠠᠢᠷᠢ》᠎ᠳ᠋ᠤ ᠣᠷᠣᠵᠠᠢ᠃ ᠡᠨᠡ ᠬᠦ᠌ ᠠᠷᠭ᠎ᠠ ᠬᠡᠮᠵᠢᠶ᠎ᠡ ᠨᠢ ᠤᠯᠤᠰ ᠡᠴᠡ ᠵᠠᠯᠠᠭᠤᠴᠤᠳ ᠪᠠᠭᠠᠴᠤᠳ᠎ᠤᠨ ᠪᠡᠶ᠎ᠡ ᠰᠡᠳᠭᠢᠯ᠎ᠦᠨ ᠡᠷᠡᠭᠦᠯ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠦ ᠪᠠᠢᠭ᠎ᠠ᠎ᠵᠢ ᠬᠠᠷᠠᠭᠤᠯᠵᠦ ᠪᠡᠢᠬᠤ ᠪᠡᠷ ᠪᠠᠷᠠᠬᠤ ᠥᠬᠡᠶ᠂ ᠨᠠᠩ ᠴᠤ᠌ ᠪᠥᠬᠥ᠌ ᠲᠠᠯ᠎ᠠ ᠪᠠᠷ ᠬᠥᠮᠦᠨ᠎ᠢ ᠬᠥᠮᠦᠵᠢᠭᠦᠯᠬᠦ᠌ ᠣᠢᠯᠠᠭᠠᠭ᠍ᠳᠠᠬᠤᠨ᠎ᠢ ᠬᠦᠴᠦᠲᠡᠶ ᠦᠶ᠋ᠯᠡᠳᠦᠯᠭᠡᠵᠢᠭᠦᠯᠵᠦ᠍᠂ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠴᠠᠭ ᠦᠶ᠎ᠡ᠎ᠶ᠋ᠢᠨ ᠬᠢᠷᠢ ᠲᠡᠩᠴᠡᠭ᠌ᠰᠡᠨ ᠴᠢᠳᠠᠪᠤᠷᠢᠲᠠᠨ᠎ᠢ ᠬᠥᠮᠦᠵᠢᠭᠦᠯᠬᠦ᠌᠎ᠳᠦ ᠠᠯᠤᠰ ᠬᠡᠲᠦ᠍᠎ᠶ᠋ᠢᠨ ᠠᠴᠢ ᠬᠣᠯᠪᠣᠭ᠍ᠳᠠᠯ᠎ᠲᠠᠶ ᠶᠤᠮ᠃
ᠣᠳᠣᠬᠠᠨ᠎ᠳᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭᠴᠢᠳ᠎ᠤᠨ ᠰᠤᠷᠤᠯᠭ᠎ᠠ᠎ᠶ᠋ᠢᠨ ᠳᠠᠷᠤᠭᠠᠰᠤ ᠡᠳᠦᠷ ᠢᠷᠡᠬᠦᠶ᠎ᠡ ᠬᠦᠨᠳᠦᠷᠡᠵᠦ᠍᠂ ᠡᠯᠧᠺᠲ᠋ᠷᠣᠨ ᠦᠢᠯᠡᠳᠬᠦᠨ ᠥᠷᠭᠡᠨ᠎ᠢᠶᠡᠷ ᠲᠦᠭᠡᠮᠡᠯᠵᠢᠵᠦ᠍᠂ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠣᠳ ᠪᠠ ᠰᠡᠳᠭᠢᠴᠡ᠎ᠶ᠋ᠢᠨ ᠠᠰᠠᠭᠤᠳᠠᠯ ᠶᠠᠪᠤᠬᠤ ᠲᠤᠳᠤᠮ ᠲᠤᠪᠤᠢ᠌ᠮ᠎ᠠ ᠪᠣᠯᠪᠠ᠃ ᠬᠠᠮᠢᠶ᠎ᠠ ᠪᠦᠬᠦᠢ ᠲᠣᠭ᠎ᠠ ᠪᠠᠷᠢᠮᠲᠠ᠎ᠶ᠋ᠢ ᠦᠨᠳᠦᠰᠦᠯᠡᠪᠡᠯ᠂ ᠮᠠᠨ᠎ᠤ ᠤᠯᠤᠰ᠎ᠤᠨ ᠵᠠᠯᠠᠭᠤᠴᠤᠳ ᠪᠠᠭᠠᠴᠤᠳ᠎ᠤᠨ ᠤᠢ᠍ᠢᠷ᠎ᠠ ᠬᠠᠷᠠᠭ᠎ᠠ᠎ᠶ᠋ᠢᠨ ᠨᠤᠷᠮ᠎ᠠ ᠨᠡᠯᠢᠶᠡᠳ ᠥᠨᠳᠥᠷ ᠪᠠᠢᠵᠤ᠂ ᠮᠠᠷᠢᠶᠠᠲᠠᠢ ᠬᠥᠮᠦᠰ᠎ᠦᠨ ᠲᠣᠭ᠎ᠠ ᠴᠤ᠌ ᠵᠢᠯ ᠳᠠᠷᠠᠭᠠᠯᠠᠨ ᠨᠡᠮᠡᠭ᠌ᠳᠡᠬᠦ᠌ ᠬᠠᠨᠳᠤᠰᠢ᠎ᠲᠠᠶ ᠪᠠᠢᠨ᠎ᠠ᠃ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠨᠢ ᠪᠡᠶ᠎ᠡ ᠮᠠᠬᠠᠪᠣᠳ᠎ᠤᠨ ᠱᠢᠨ᠎ᠡ ᠬᠠᠭᠤᠴᠢᠨ᠎ᠤ ᠰᠣᠯᠢᠯᠴᠠᠭ᠎ᠠ᠎ᠶ᠋ᠢ ᠠᠬᠢᠭᠤᠯᠵᠤ᠂ ᠵᠢᠷᠦᠬᠡ ᠠᠭᠤᠰᠭᠢᠨ᠎ᠤ ᠠᠵᠢᠯᠯᠠᠭ᠎ᠠ᠎ᠶ᠋ᠢ ᠴᠢᠩᠭᠠᠳᠭᠠᠨ᠂ ᠪᠡᠶ᠎ᠡ ᠮᠠᠬᠠᠪᠣᠳ᠎ᠤᠨ ᠡᠭᠡᠯᠢᠯᠡᠭᠡ ᠵᠢᠨ ᠴᠢᠳᠠᠪᠤᠷᠢ ᠪᠠ ᠤᠶᠠᠨ ᠬᠠᠳᠠᠨ ᠴᠢᠨᠠᠷ᠎ᠢ ᠳᠡᠭᠡᠭ᠌ᠰᠢᠯᠡᠭᠦᠯᠵᠦ᠍ ᠴᠢᠳᠠᠨ᠎ᠠ᠃ ᠡᠭᠦᠨ᠎ᠦ ᠬᠠᠮᠲᠤ᠂ ᠬᠥᠳᠡᠯᠭᠡᠭᠡᠨ᠎ᠦ ᠶᠠᠪᠤᠴᠠ᠎ᠳᠤ᠂ ᠪᠡᠶ᠎ᠡ ᠮᠠᠬᠠᠪᠣᠳ ᠨᠢ ᠧᠨ᠋ᠳᠦᠷᠹᠢᠨ ᠵᠡᠷᠭᠡ ᠪᠣᠳᠠᠰ᠎ᠢ ᠱᠦᠭᠦᠷᠡᠭᠦᠯᠵᠦ᠍᠂ ᠳᠠᠷᠤᠯᠲᠠ᠎ᠶ᠋ᠢ ᠬᠥᠩᠭᠡᠷᠡᠭᠦᠯᠵᠦ᠍᠂ ᠤᠷᠮ᠎ᠠ ᠰᠡᠳᠭᠢᠯᠭᠡ᠎ᠶ᠋ᠢ ᠨᠢ ᠵᠣᠬᠢᠴᠠᠭᠤᠯᠵᠤ᠂ ᠵᠠᠯᠠᠭᠤᠴᠤᠳ ᠪᠠᠭᠠᠴᠤᠳ᠎ᠢ ᠢᠳᠡᠪᠬᠢᠲᠡᠶ ᠪᠠᠶᠠᠰᠤᠩᠭᠤᠶ ᠰᠡᠳᠭᠢᠴᠡ᠎ᠲᠡᠶ ᠪᠣᠯᠭᠠᠳᠠᠭ᠃ ᠡᠳᠦᠷ ᠪᠦᠷᠢ 《ᠨᠢᠭᠡ ᠬᠢᠴᠢᠶᠡᠯ᠂ ᠬᠣᠶᠠᠷ ᠴᠠᠭ》᠎ᠤ᠋ᠨ ᠲᠠᠮᠢᠷ᠎ᠤᠨ ᠬᠢᠴᠢᠶᠡᠯ ᠣᠷᠣᠵᠤ᠂ ᠵᠠᠯᠠᠭᠤᠴᠤᠳ ᠪᠠᠭᠠᠴᠤᠳ᠎ᠲᠤ ᠭᠦᠶᠦᠬᠦ᠌᠂ ᠦᠰᠦᠷᠬᠦ᠌᠂ ᠬᠥᠯᠥᠰᠥ᠍ ᠠᠰᠭᠠᠷᠠᠭᠤᠯᠬᠤ ᠭᠦᠶ᠋ᠴᠡᠳ ᠴᠠᠭ ᠤᠯᠭᠤᠬᠤ ᠨᠢ ᠵᠠᠯᠠᠭᠤᠴᠤᠳ ᠪᠠᠭᠠᠴᠤᠳ᠎ᠤᠨ ᠬᠥᠳᠡᠯᠭᠡᠭᠡᠨ᠎ᠦ ᠳᠤᠮᠳᠠ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠤᠨ᠂ ᠪᠡᠶ᠎ᠡ ᠰᠡᠳᠭᠢᠯ ᠡᠷᠡᠭᠦᠯ ᠮᠡᠨᠳᠦ ᠪᠠᠢᠬᠤ ᠳ᠋ᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠬᠦ ᠪᠤᠯᠤᠨ᠎ᠠ᠃ 《ᠨᠢᠭᠡ ᠬᠢᠴᠢᠶᠡᠯ᠂ ᠬᠣᠶᠠᠷ ᠴᠠᠭ》᠎ᠤ᠋ᠨ ᠪᠡᠶ᠎ᠡ᠎ᠶ᠋ᠢᠨ ᠲᠠᠮᠢᠷ᠎ᠤᠨ ᠬᠢᠴᠢᠶᠡᠯ ᠨᠢ ᠵᠠᠯᠠᠭᠤᠴᠤᠳ ᠪᠠᠭᠠᠴᠤᠳ᠎ᠲᠤ ᠡᠯᠪᠡᠭ ᠪᠠᠶᠠᠯᠢᠭ ᠣᠯᠠᠨ ᠶᠠᠩᠵᠤ᠎ᠶ᠋ᠢᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠪᠠ ᠤᠷᠤᠯᠳᠤᠭᠠᠨ᠎ᠤ ᠲᠣᠬᠢᠶᠠᠯ ᠬᠠᠩᠭᠠᠵᠤ᠂ ᠶᠡᠷᠦᠩᠬᠡᠢᠯᠡᠭ᠌ᠰᠡᠨ ᠬᠡᠪ ᠪᠣᠯᠪᠠᠰᠤᠷᠠᠯ᠎ᠢ ᠨᠢ ᠳᠡᠭᠡᠭ᠌ᠰᠢᠯᠡᠭᠦᠯᠬᠦ᠌ ᠪᠣᠯᠤᠨ᠎ᠠ᠃
ᠰᠤᠷᠭᠠᠨ ᠬᠥᠮᠦᠵᠢᠯ᠎ᠦᠨ ᠠᠯᠤᠰ ᠬᠡᠲᠦ᠍᠎ᠶ᠋ᠢᠨ ᠬᠥᠭ᠌ᠵᠢᠯᠲᠡ᠎ᠡᠴᠡ ᠠᠪᠴᠤ᠌ ᠦᠵᠡᠪᠡᠯ᠂ 《ᠨᠢᠭᠡ ᠬᠢᠴᠢᠶᠡᠯ᠂ ᠬᠣᠶᠠᠷ ᠴᠠᠭ》᠎ᠤ᠋ᠨ ᠪᠡᠶ᠎ᠡ᠎ᠶ᠋ᠢᠨ ᠲᠠᠮᠢᠷ᠎ᠤᠨ ᠬᠢᠴᠢᠶᠡᠯ ᠨᠢ ᠰᠤᠷᠭᠠᠨ ᠬᠥᠮᠦᠵᠢᠯ᠎ᠦᠨ ᠣᠢᠯᠠᠭᠠᠭ᠍ᠳᠠᠬᠤᠨ᠎ᠢ ᠬᠤᠪᠢᠷᠠᠭᠤᠯᠬᠤ ᠪᠠ ᠰᠤᠷᠭᠠᠨ ᠬᠥᠮᠦᠵᠢᠯ᠎ᠦᠨ ᠠᠮᠢ ᠠᠬᠤᠶ᠎ᠶ᠋ᠢ ᠱᠢᠯᠢᠳᠡᠭ᠌ᠵᠢᠭᠦᠯᠬᠦ᠌᠎ᠶ᠋ᠢ ᠠᠬᠢᠭᠤᠯᠬᠤ᠎ᠳᠤ ᠠᠱᠢᠭ᠍ᠲᠠᠶ ᠪᠠᠢᠳᠠᠭ᠃ ᠤᠷᠳᠤ ᠬᠤᠭᠤᠴᠠᠭᠠᠨ᠎ᠤ ᠲᠤᠷᠰᠢ᠂ ᠱᠢᠯᠭᠠᠯᠲᠠ᠎ᠶ᠋ᠢ ᠠᠷᠭᠠᠴᠠᠬᠤ ᠰᠤᠷᠭᠠᠨ ᠬᠥᠮᠦᠵᠢᠯ᠎ᠦᠨ ᠬᠡᠯᠪᠡᠷᠢᠯ ᠡᠴᠡ ᠪᠤᠯᠵᠤ ᠰᠤᠷᠭᠠᠭᠤᠯᠢ᠂ ᠭᠡᠷ᠎ᠦᠨ ᠠᠬᠠᠮᠠᠳ ᠪᠣᠯᠤᠨ ᠰᠤᠷᠤᠭ᠍ᠴᠢᠳ᠎ᠤᠨ ᠰᠤᠷᠤᠯᠭ᠎ᠠ᠎ᠶ᠋ᠢᠨ ᠬᠢᠷᠢ ᠪᠦᠲᠦᠮᠵᠢ᠎ᠶ᠋ᠢ ᠬᠡᠲᠦᠷᠬᠡᠶ ᠴᠢᠬᠤᠯᠠᠴᠢᠯᠠᠵᠤ᠂ ᠪᠡᠶ᠎ᠡ᠎ᠶ᠋ᠢᠨ ᠲᠠᠮᠢᠷ᠂ ᠭᠤᠤ᠎ᠠ ᠰᠠᠢᠬᠠᠨ᠎ᠤ ᠬᠥᠮᠦᠵᠢᠯ᠂ ᠬᠥᠳᠡᠯᠮᠦᠷᠢ᠎ᠶ᠋ᠢᠨ ᠬᠥᠮᠦᠵᠢᠯ ᠵᠡᠷᠭᠡ ᠲᠠᠯ᠎ᠠ᠎ᠶ᠋ᠢᠨ ᠬᠥᠭ᠌ᠵᠢᠯᠲᠡ᠎ᠶ᠋ᠢ ᠣᠮᠲᠣᠭᠠᠢᠯᠠᠬᠤ ᠪᠠᠢᠳᠠᠯ᠎ᠢ ᠪᠤᠢ ᠪᠤᠯᠭᠠᠭᠰᠠᠨ ᠪᠠᠢᠨ᠎ᠠ᠃ ᠡᠨᠡ ᠬᠦ᠌ ᠲᠥᠷᠥ᠎ᠶ᠋ᠢᠨ ᠪᠣᠳᠣᠯᠭ᠎ᠠ᠎ᠶ᠋ᠢᠨ ᠬᠡᠷᠡᠭ᠌ᠵᠢᠭᠦᠯᠦᠯᠲᠡ ᠨᠢ ᠰᠤᠷᠤᠭ᠍ᠴᠢᠳ᠎ᠤᠨ ᠪᠥᠬᠥ᠌ ᠲᠠᠯ᠎ᠠ᠎ᠶ᠋ᠢᠨ ᠬᠥᠭ᠌ᠵᠢᠯᠲᠡ᠎ᠶ᠋ᠢ ᠴᠢᠬᠤᠯᠠᠴᠢᠯᠠᠬᠤ ᠴᠢᠩᠭ᠎ᠠ ᠳᠣᠬᠢᠶ᠎ᠠ᠎ᠶ᠋ᠢ ᠳᠠᠮᠵᠢᠭᠤᠯᠵᠤ᠂ ᠰᠤᠷᠭᠠᠨ ᠬᠥᠮᠦᠵᠢᠯ᠎ᠦᠨ ᠬᠥᠮᠦᠨ ᠬᠥᠮᠦᠵᠢᠭᠦᠯᠬᠦ᠌ ᠮᠥᠨ ᠴᠢᠨᠠᠷ᠎ᠢ ᠲᠤᠪᠤᠢᠯᠭᠠᠪᠠ᠃ ᠪᠡᠶ᠎ᠡ᠎ᠶ᠋ᠢᠨ ᠲᠠᠮᠢᠷ ᠨᠢ ᠰᠤᠷᠭᠠᠭᠤᠯᠢ᠎ᠶ᠋ᠢᠨ ᠬᠦᠷᠢᠶᠡᠨ᠎ᠳᠦ ᠭᠦᠶ᠋ᠴᠡᠳ ᠴᠢᠬᠤᠯᠠᠴᠢᠯᠠᠭ᠍ᠳᠠᠬᠤ ᠦᠶ᠎ᠡ᠎ᠳᠦ᠂ ᠪᠤᠰᠤᠳ ᠬᠡᠪ ᠴᠢᠨᠠᠷ᠎ᠤᠨ ᠰᠤᠷᠭᠠᠨ ᠬᠥᠮᠦᠵᠢᠯ᠎ᠦᠨ ᠬᠦᠷᠢᠶᠡᠨ᠎ᠦ ᠬᠥᠭ᠌ᠵᠢᠯᠲᠡ᠎ᠶ᠋ᠢ ᠳᠠᠢᠴᠢᠯᠠᠵᠤ᠂ ᠨᠠᠩ ᠱᠢᠨᠵᠢᠯᠡᠬᠦ᠌ ᠤᠬᠠᠭᠠᠨᠴᠢ᠂ ᠡᠷᠡᠭᠦᠯ ᠰᠠᠷᠠᠭᠤᠯ ᠰᠤᠷᠭᠠᠨ ᠬᠥᠮᠦᠵᠢᠯ᠎ᠦᠨ ᠠᠮᠢ ᠠᠬᠤᠶ᠎ᠶ᠋ᠢ ᠪᠣᠶ ᠪᠤᠯᠭᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃