ᠲᠡᠷᠢᠭᠦᠨ ᠨᠢᠭᠤᠷ>ᠰᠤᠷᠭᠠᠨ ᠬᠦᠮᠦᠵᠢᠯ >ᠲᠤᠷᠰᠢᠯᠭ᠎ᠠ᠎ᠪᠠᠨ ᠰᠣᠯᠢᠯᠴᠠᠶ᠎ᠠ

2025-03-24 11:03:53

ᠵᠣᠬᠢᠶᠠᠭ᠍ᠴᠢ᠄ ᠴᠸᠨ ᠢᠤᠢ ᠷᠦᠩ ᠣᠩᠱᠢᠭ᠍ᠰᠠᠨ ᠣᠳᠠᠭ᠎ᠠ᠄ 3

《ᠬᠥᠮᠦᠨ ᠪᠣᠯᠬᠤ ᠪᠠᠭ᠎ᠠ᠎ᠠᠴᠠ᠎ᠪᠠᠨ᠂ ᠬᠦᠯᠦᠭ ᠪᠤᠯᠬᠤ ᠤᠨᠠᠭᠠᠨ᠎ᠠᠴᠠ᠎ᠪᠠᠨ》 ᠭᠡᠳᠡᠭᠴᠢᠯᠡᠨ ᠪᠠᠭ᠎ᠠ ᠰᠤᠷᠭᠠᠭᠤᠯᠢ᠎ᠶᠢᠨ ᠳᠤᠤᠷ᠎ᠠ ᠤᠨ᠎ᠤ ᠰᠣᠷᠣᠭ᠍ᠴᠢᠳ᠎ᠢ ᠰᠠᠢᠨ ᠰᠠᠢᠬᠠᠨ ᠦᠶ᠋ᠯᠡ ᠠᠵᠢᠯᠯᠠᠭᠠᠨ᠎ᠤ ᠳᠠᠳᠬᠠᠯ᠎ᠳᠠᠢ ᠪᠤᠯᠭᠠᠵᠤ ᠬᠦᠮᠦᠵᠢᠬᠦᠯᠬᠦ ᠪᠤᠯ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠴᠢᠬᠤᠯᠠ ᠠᠭᠤᠯᠭ᠎ᠠ ᠪᠣᠯᠤᠨ᠎ᠠ᠃ ᠰᠠᠢᠨ ᠰᠠᠢᠬᠠᠨ ᠳᠠᠳᠬᠠᠯ ᠲᠠᠢ ᠪᠤᠯᠬᠤ ᠨᠢ ᠳᠡᠳᠡᠨ᠎ᠤ ᠬᠣᠢᠰᠢᠳᠠ᠎ᠶᠢᠨ ᠠᠮᠢᠳᠤᠷᠠᠯ ᠰᠤᠷᠤᠯᠴᠠᠯᠭ᠎ᠠ᠎ᠳᠤ ᠪᠠᠲᠤ ᠰᠠᠭᠤᠷᠢ ᠪᠤᠯᠳᠠᠭ ᠲᠤᠯᠠ ᠡᠨᠡ ᠨᠢ ᠨᠢᠭᠡᠨᠲᠡ ᠰᠤᠷᠭᠠᠭᠤᠯᠢ ᠪᠠ ᠭᠡᠷ ᠪᠦᠯᠢ᠎ᠶᠢᠨ ᠬᠠᠮᠲᠤ᠎ᠶᠢᠨ ᠠᠩᠬᠠᠷᠤᠯ᠎ᠤᠨ ᠰᠡᠳᠦᠪ ᠪᠣᠯᠵᠤ ᠪᠤᠢ᠃

ᠰᠠᠶᠢᠬᠠᠨ ᠪᠠᠭ᠎ᠠ ᠰᠤᠷᠭᠠᠭᠤᠯᠢ᠎ᠳᠤ ᠣᠷᠣᠭᠰᠠᠨ ᠰᠤᠷᠤᠭ᠍ᠴᠢᠳ ᠰᠤᠷᠤᠯᠭ᠎ᠠ᠂ ᠠᠮᠢᠳᠤᠷᠠᠯ᠂ ᠶᠠᠪᠤᠯᠴᠠᠭ᠎ᠠ᠂ ᠠᠵᠢᠯᠯᠠᠭ᠎ᠠ᠎ᠶᠢᠨ ᠲᠠᠯ᠎ᠠ᠎ᠪᠠᠷ ᠪᠦᠷ ᠰᠢᠨ᠎ᠡ ᠦᠢᠯᠡ ᠠᠵᠢᠯᠯᠠᠭ᠎ᠠ᠎ᠶᠢᠨ ᠪᠠᠷᠢᠮᠵᠢᠶ᠎ᠠ ᠪᠠ ᠳᠦᠷᠢᠮᠵᠢᠯ᠎ᠳᠦ ᠲᠤᠯᠭᠠᠷᠠᠵᠤ᠂ ᠡᠨᠡ ᠲᠠᠯ᠎ᠠ᠎ᠪᠠᠷ ᠬᠢ ᠦᠵᠡᠯ ᠤᠬᠠᠮᠰᠠᠷ ᠪᠠ ᠵᠠᠩ ᠳᠠᠳᠬᠠᠯ ᠨᠢ ᠶᠡᠷᠦ ᠨᠢ ᠪᠣᠯᠪᠠᠰᠤᠷᠠᠩᠭᠤᠢ ᠪᠤᠰᠤ ᠪᠠᠢᠵᠤ᠂ ᠪᠠᠭ᠍ᠰᠢ᠎ᠵᠢᠴᠢ ᠬᠡᠷ᠎ᠤᠨ ᠠᠬᠠᠮᠠᠳ ᠡᠴᠡ ᠬᠠᠨᠳᠤᠯᠭᠠᠲᠤ ᠴᠢᠨᠠᠷᠲᠠᠢ᠎ᠪᠠᠷ ᠬᠥᠮᠥᠵᠢᠭᠦᠯᠬᠦ ᠪᠤᠶᠤ ᠬᠥᠲᠥᠯᠥᠨ ᠵᠢᠯᠤᠭᠣᠳᠬᠤ ᠵᠢ ᠱᠠᠭᠠᠷᠳᠠᠳᠠᠭ᠃ ᠳᠤᠤᠷ᠎ᠠ ᠤᠨ᠎ᠤ ᠰᠤᠷᠤᠭᠴᠢᠳ ᠪᠠᠰᠠ ᠦᠪᠡᠷ᠎ᠢ ᠪᠠᠨ ᠡᠵᠡᠮᠳᠡᠬᠦ ᠴᠢᠳᠠᠪᠤᠷᠢ ᠪᠡᠷ ᠳᠤᠳᠠᠮᠠᠭ᠂ ᠭᠠᠳᠠᠭᠠᠳᠤ ᠤᠷᠴᠢᠨ᠎ᠤ ᠨᠦᠯᠦᠬᠡ ᠵᠢ ᠠᠮᠠᠷᠬᠠᠨ ᠬᠦᠷᠳᠡᠬᠦ᠂ ᠬᠢᠴᠢᠶᠡᠯ᠎ᠤᠨ ᠴᠠᠭ ᠠᠩᠬᠠᠷᠤᠯ ᠲᠦᠪᠯᠡᠷᠡᠬᠦ ᠦᠬᠡᠢ᠂ ᠳᠠᠰᠬᠠᠯ ᠳᠠᠭᠠᠭᠠᠯᠭᠠᠪᠤᠷᠢ ᠬᠢᠬᠦ ᠳ᠋ᠡᠬᠡᠨ ᠬᠢᠨᠠᠮᠠᠭᠠᠢ ᠪᠤᠰᠤ ᠪᠤᠶᠤ ᠰᠡᠳᠬᠢᠯ ᠲᠦᠪᠯᠡᠷᠡᠬᠦ ᠦᠬᠡᠢ ᠤᠳᠠᠭᠠᠰᠢᠷᠠᠨ ᠰᠤᠨᠵᠢᠷᠠᠭᠤᠯᠬᠤ᠂ ᠨᠠᠭᠠᠳᠤᠮ ᠳᠤᠭᠯᠠᠭᠠᠮ ᠳ᠋ᠤ ᠰᠡᠳᠬᠢᠯ ᠬᠤᠪᠢᠶᠠᠭᠳᠠᠬᠤ᠂ ᠬᠦᠮᠦᠨ᠎ᠤ ᠬᠤᠭᠤᠷᠤᠨᠳᠤᠬᠢ ᠬᠠᠷᠢᠴᠠᠭ᠎ᠠ ᠵᠢ ᠬᠡᠷᠬᠢᠨ ᠰᠢᠢᠳᠪᠦᠷᠢᠯᠡᠬᠦ ᠵᠢ ᠮᠡᠳᠡᠬᠦ ᠦᠬᠡᠢ ᠬᠡᠬᠦ ᠮᠡᠳᠤ ᠵᠢᠨ ᠤᠨᠴᠠᠯᠢᠭ ᠳᠠᠢ ᠪᠠᠢᠳᠠᠭ᠃

ᠳᠡᠬᠡᠪᠡᠯ᠂ ᠰᠤᠷᠤᠭᠴᠢᠳ᠎ᠤᠨ ᠦᠢᠯᠡ ᠠᠵᠢᠯᠯᠠᠭᠠᠨ᠎ᠤ ᠳᠠᠳᠬᠠᠯ᠎ᠤᠨ ᠬᠦᠮᠦᠵᠢᠯ᠎ᠢ ᠰᠠᠢᠳᠤᠷ ᠬᠢᠬᠦ ᠳ᠋ᠤ ᠰᠤᠷᠭᠠᠭᠤᠯᠢ ᠪᠤᠶᠤ ᠠᠩᠬᠢ ᠵᠢᠨ ᠡᠷᠬᠢᠯᠡᠭᠴᠢ ᠪᠠᠭᠰᠢ ᠡᠴᠡ ᠨᠢᠬᠡᠨ ᠢᠵᠢ ᠪᠤᠳᠠᠳᠠᠢ ᠬᠡᠷᠡᠭᠵᠢᠭᠦᠯᠵᠦ ᠪᠤᠯᠬᠤᠢᠴᠠ ᠦᠢᠯᠡ ᠠᠵᠢᠯᠯᠠᠭᠠᠨ᠎ᠤ ᠲᠦᠷᠢᠮᠵᠢᠯ᠎ᠢ ᠲᠣᠭᠲᠠᠭᠠᠬᠤ ᠬᠡᠷᠡᠭᠲᠡᠶ᠃ ᠬᠢᠴᠢᠶᠡᠯ᠎ᠦᠨ ᠲᠠᠩᠬᠢᠮ᠎ᠤᠨ ᠰᠠᠬᠢᠯᠭ᠎ᠠ ᠪᠠᠲᠤ᠂ ᠰᠤᠷᠭᠠᠭᠤᠯᠢ ᠵᠢᠨ ᠶᠤᠰᠤ ᠮᠤᠷᠠᠯ᠂ ᠪᠤᠰᠤᠳ ᠲᠠᠢ ᠬᠠᠷᠢᠯᠴᠠᠬᠤ᠂ ᠬᠤᠪᠢ ᠬᠥᠮᠦᠨ᠎ᠦ ᠡᠷᠡᠭᠦᠯ ᠬᠠᠮᠠᠭᠠᠯᠠᠯ ᠵᠡᠷᠭᠡ ᠲᠠᠯ᠎ᠠ᠎ᠪᠠᠷ ᠰᠤᠷᠤᠭᠴᠢᠳ ᠲᠤ᠌ ᠪᠦᠬᠦ ᠳᠠᠯ᠎ᠠ ᠵᠢᠨ ᠦᠢᠯᠡ ᠠᠵᠢᠯᠯᠠᠭᠠᠨ᠎ᠤ ᠵᠦᠬᠯᠡᠬᠦᠷ ᠬᠠᠩᠭᠠᠪᠠᠯ ᠵᠤᠬᠢᠨ᠎ᠠ᠃ ᠬᠡᠬᠦ ᠳ᠋ᠡᠬᠡᠨ ᠳᠤᠭᠳᠠᠭᠠᠯ ᠲᠦᠷᠢᠮ ᠨᠢ ᠲᠣᠪᠴᠢ ᠠᠪᠰᠠᠷᠬᠠᠨ ᠮᠦᠷᠳᠡᠭᠡᠨ ᠦᠢᠯᠠᠭᠠᠬᠤ ᠳ᠋ᠥ ᠠᠮᠠᠷᠬᠠᠨ ᠪᠠᠢᠬᠤ ᠵᠢ ᠠᠩᠬᠠᠷᠴᠤ᠂ ᠠᠩᠭᠢ᠎ᠶᠢᠨ ᠬᠤᠷᠠᠯ ᠂ ᠥᠷᠯᠥᠭᠡ᠎ᠶᠢᠨ ᠤᠩᠰᠢᠯᠭ᠎ᠠ ᠵᠡᠷᠭᠡ ᠴᠠᠭ᠎ᠢ ᠲᠤᠬᠢᠶᠠᠯᠳᠤᠭᠤᠯᠤᠨ ᠲᠠᠬᠢᠨ ᠳᠠᠪᠲᠠᠨ ᠴᠢᠬᠤᠯᠠᠴᠢᠯᠠᠵᠤ᠂ ᠰᠤᠷᠤᠭ᠍ᠴᠢ ᠨᠢᠭᠡᠪᠦᠷᠢ ᠶᠠᠭᠤ᠎ᠶᠢ ᠬᠢᠵᠦ ᠪᠣᠯᠬᠤ ᠶᠠᠭᠤ᠎ᠶᠢ ᠬᠢᠵᠦ ᠪᠣᠯᠬᠤ ᠦᠭᠡᠢ ᠶ᠋ᠢ ᠳᠤᠳᠤᠷᠬᠠᠢ ᠤᠢᠯᠠᠭᠠᠭᠤᠯᠤᠨ᠎ᠠ᠃ ᠰᠠᠢᠨ ᠰᠠᠢᠬᠠᠨ ᠦᠢᠯᠡ ᠠᠵᠢᠯᠯᠠᠭᠠᠨ ᠤ᠋ ᠲᠠᠳᠬᠠᠯ ᠢ᠋ ᠪᠦᠷᠢᠯᠳᠦᠭᠦᠯᠬᠦ ᠳ᠋ᠤ᠌ ᠲᠠᠬᠢᠨ ᠲᠠᠪᠳᠠᠨ ᠪᠤᠯᠪᠠᠰᠤᠷᠠᠬᠤ ᠪᠠ ᠪᠠᠳᠣᠳᠬᠠᠨ ᠬᠢᠬᠦ ᠴᠢᠬᠤᠯᠠᠳᠠᠢ᠃ ᠦᠢᠯᠡ ᠠᠵᠢᠯᠯᠠᠭ᠎ᠠ ᠶ᠋ᠢᠨ ᠲᠦᠷᠢᠮᠵᠢᠯ ᠢ᠋ ᠠᠩᠬᠢ ᠶ᠋ᠢᠨ ᠡᠷᠬᠢᠯᠡᠭᠴᠢᠳ ᠡᠳᠦᠷ ᠲᠤᠳᠤᠮ ᠤ᠋ᠨ ᠵᠢᠭᠠᠨ ᠰᠤᠷᠭᠠᠯᠳᠠ ᠪᠠ ᠬᠠᠮᠢᠶᠠᠷᠤᠯᠳᠠ ᠳ᠋ᠠᠭᠠᠨ ᠤᠷᠭᠠᠨᠢᠭ᠋ ᠵᠢᠡᠷ ᠤᠶᠠᠯᠳᠤᠭᠤᠯᠵᠤ᠂ ᠰᠤᠷᠤᠭ᠍ᠴᠢᠳ ᠢ᠋ ᠦᠢᠯᠡᠳᠦᠯᠭᠡ ᠶ᠋ᠢᠨ ᠲᠤᠮᠳᠠ ᠤᠷᠤᠯᠴᠠᠭᠤᠯᠵᠦ᠂ ᠡᠵᠡᠨ ᠬᠦᠮᠦᠨ ᠤ᠋ ᠦᠢᠯᠡᠳᠦᠯ ᠢ᠋ ᠨᠢ ᠪᠠᠳᠠᠷᠠᠭᠤᠯᠵᠤ᠂ ᠲᠤᠭᠳᠠᠮᠠᠯ ᠬᠤᠭᠤᠴᠠᠭ᠎ᠠ ᠲᠠᠢ ᠦᠢᠯᠡ ᠠᠵᠢᠯᠯᠠᠭ᠎ᠠ ᠶ᠋ᠢᠨ ᠪᠤᠯᠪᠠᠰᠤᠷᠠᠯ ᠬᠢᠬᠦ᠂ ᠶᠤᠰᠤᠷᠬᠠᠭ ᠪᠤᠯᠪᠠᠰᠤᠨ ᠬᠡᠯᠡᠯᠬᠡ ᠵᠢ ᠵᠢᠭᠠᠪᠠᠯ ᠵᠤᠬᠢᠨ᠎ᠠ᠃

ᠪᠠᠰᠠ ᠰᠤᠷᠤᠭᠴᠢᠳ᠎ᠢ ᠰᠠᠢᠨ ᠰᠠᠢᠬᠠᠨ ᠦᠢᠯᠡ ᠠᠵᠢᠯᠯᠠᠭᠠᠨ᠎ᠤ ᠲᠦᠷᠢᠮᠵᠢᠯ ᠳᠠᠢ ᠪᠤᠯᠭᠠᠵᠤ ᠬᠦᠮᠦᠵᠢᠬᠦᠯᠬᠦ ᠳ᠋ᠤ ᠬᠡᠪ ᠳᠠᠭᠤᠷᠢᠶᠠᠯ᠎ᠤᠨ ᠦᠢᠯᠡᠳᠦᠯ᠂ ᠱᠠᠩᠨᠠᠵᠤ ᠳᠤᠷᠭᠠᠬᠤ ᠲᠦᠷᠢᠮ᠂ ᠦᠪᠡᠷ᠎ᠢ ᠪᠠᠨ ᠡᠷᠬᠢᠴᠡᠬᠦᠯᠦᠨ ᠳᠤᠩᠭᠠᠬᠤ ᠵᠢ ᠵᠤᠷᠢᠭᠵᠢᠭᠤᠯᠬᠤ᠂ ᠳᠤᠭᠳᠠᠮᠠᠯ ᠬᠤᠭᠤᠴᠠᠭ᠎ᠠ ᠳᠠᠢ ᠳ᠋ᠦᠩᠨᠡᠨ ᠦᠨᠡᠯᠡᠬᠦ ᠮᠡᠳᠤ ᠵᠢᠨ ᠠᠷᠭ᠎ᠠ ᠬᠡᠮᠵᠢᠶ᠎ᠠ ᠵᠢ ᠠᠪᠴᠤ ᠪᠤᠯᠤᠨ᠎ᠠ᠃ ᠪᠤᠳᠠᠳᠠᠢᠴᠢᠯᠠᠨ ᠶᠠᠷᠢᠪᠠᠯ᠂ ᠪᠠᠭ᠍ᠰᠢ ᠶ᠋ᠢᠨ ᠲᠤᠰ ᠪᠡᠶ᠎ᠡ ᠶ᠋ᠢᠨ ᠦᠢᠯᠡ ᠠᠵᠢᠯᠯᠠᠭ᠎ᠠ ᠨᠢ ᠰᠤᠷᠤᠭ᠍ᠴᠢᠳ ᠢ᠋ ᠨᠦᠯᠦᠭᠡᠯᠡᠳᠡᠭ᠃ ᠡᠢᠮᠦ ᠡᠴᠡ ᠠᠩᠬᠢ ᠶ᠋ᠢᠨ ᠡᠷᠬᠢᠯᠡᠭᠴᠢ ᠪᠤᠯᠤᠭᠰᠠᠳ ᠬᠢᠴᠢᠶᠡᠯ ᠤ᠋ᠨ ᠴᠠᠭ ᠲᠣ᠌ ᠲᠡᠷᠡ᠂ ᠡᠳᠦᠷ ᠲᠤᠳᠤᠮ ᠤ᠋ᠨ ᠠᠮᠢᠳᠤᠷᠠᠯ ᠲᠤᠮᠳᠠ ᠴᠸ᠋ ᠲᠡᠷᠡ ᠦᠪᠡᠷ ᠤ᠋ᠨ ᠦᠬᠡ ᠶᠠᠷᠢᠶ᠎ᠠ᠂ ᠦᠢᠯᠡ ᠠᠵᠢᠯᠯᠠᠭ᠎ᠠ ᠪᠡᠷ ᠢ᠋ᠶ᠋ᠠᠨ ᠰᠤᠷᠤᠭ᠍ᠴᠢᠳ ᠲᠣ᠌ ᠬᠡᠪ ᠲᠠᠭᠤᠷᠢᠶᠠᠯ ᠪᠤᠯᠬᠤ ᠬᠡᠷᠡᠭᠳᠡᠢ᠃ ᠵᠦᠢ ᠵᠣᠬᠢᠰᠲᠠᠢ ᠱᠠᠩᠨᠠᠵᠤ ᠲᠣᠷᠭᠠᠬᠤ ᠲᠦᠷᠢᠮ ᠨᠢ ᠰᠤᠷᠤᠭ᠍ᠴᠢᠳ᠎ᠤᠨ ᠦᠢᠯᠡ ᠠᠵᠢᠯᠯᠠᠭ᠎ᠠ᠎ᠵᠢ ᠲᠦᠷᠢᠮᠵᠢᠬᠦᠯᠦᠨ ᠤᠷᠮᠠᠰᠢᠭᠤᠯᠬᠤ ᠪᠦᠲᠦᠮᠵᠢᠲᠡᠶ ᠠᠷᠭ᠎ᠠ ᠪᠠᠷᠢᠯ ᠪᠣᠯᠤᠨ᠎ᠠ᠃ ᠠᠩᠭᠢ᠎ᠶᠢᠨ ᠡᠷᠬᠢᠯᠡᠭᠴᠢ 《ᠦᠢᠯᠡ ᠠᠵᠢᠯᠯᠠᠭ᠎ᠠ᠎ᠶᠢᠨ ᠣᠳᠣᠨ》᠂ 《ᠪᠣᠯᠪᠠᠰᠤᠨ ᠵᠢᠱ᠌ᠢᠶᠡᠴᠢ》 ᠵᠡᠷᠭᠡ ᠱᠠᠩᠨᠠᠯ ᠭᠠᠷᠭᠠᠵᠤ ᠰᠢᠯᠢᠳᠡᠭ ᠢᠯᠡᠷᠡᠯ᠎ᠲᠠᠢ ᠰᠤᠷᠤᠭ᠍ᠴᠢᠳ ᠢ᠋ ᠰᠠᠶ᠋ᠢᠰᠢᠶᠠᠨ ᠬᠥᠬᠢᠭᠦᠯᠵᠦ᠂ ᠪᠤᠰᠤᠳ ᠰᠤᠷᠤᠭ᠍ᠴᠢᠳ ᠤ᠋ᠨ ᠲᠠᠭᠤᠷᠢᠶᠠᠨ ᠰᠤᠷᠤᠯᠴᠠᠬᠤ ᠬᠡᠪ ᠳᠠᠭᠤᠷᠢᠶᠠᠯ ᠪᠤᠯᠭᠠᠵᠤ ᠪᠤᠯᠤᠨ᠎ᠠ᠃ ᠡᠭᠦᠨ᠎ᠦ ᠡᠰᠡᠷᠭᠦ ᠪᠡᠷ ᠰᠠᠬᠢᠯᠭ᠎ᠠ ᠲᠦᠷᠢᠮ ᠢ᠋ ᠵᠥᠷᠢᠴᠡᠭᠰᠡᠨ ᠦᠢᠯᠡ ᠠᠵᠢᠯᠯᠠᠭ᠎ᠠ᠎ᠳᠤ ᠵᠠᠯᠬᠠᠭᠠᠨ ᠰᠢᠳᠬᠡᠬᠦ ᠠᠷᠭ᠎ᠠ ᠬᠡᠮᠵᠢᠶ᠎ᠡ ᠠᠪᠴᠤ᠂ ᠰᠤᠷᠤᠭᠴᠢᠳ᠎ᠤᠨ ᠪᠡᠶ᠎ᠠ ᠰᠡᠳᠬᠢᠴᠡ ᠵᠢ ᠬᠦᠨᠳᠡᠬᠦ ᠦᠬᠡᠢ ᠪᠠᠢᠳᠠᠯ ᠳ᠋ᠤ ᠵᠤᠬᠢᠬᠤ ᠰᠡᠷᠡᠮᠵᠢ ᠦᠭᠬᠦ᠂ ᠳᠡᠳᠡᠨ᠎ᠤ ᠳᠠᠪᠠᠭᠤᠯᠢᠭ ᠳᠠᠯ᠎ᠠ ᠪᠠ ᠬᠦᠷᠦᠯᠴᠡᠬᠦ ᠦᠬᠡᠢ ᠳᠠᠯ᠎ᠠ ᠵᠢ ᠬᠡᠯᠡᠵᠦ ᠳᠠᠨᠢᠭᠤᠯᠵᠤ ᠪᠤᠯᠤᠨ᠎ᠠ᠃ ᠪᠠᠭᠰᠢ ᠡᠴᠡ ᠪᠠᠰᠠ ᠲᠣᠭᠲᠠᠮᠠᠯ ᠬᠤᠭᠤᠴᠠᠭ᠎ᠠ᠎ᠲᠠᠢ᠎ᠪᠠᠷ ᠳ᠋ᠦᠩᠨᠡᠯᠳᠡ ᠦᠨᠡᠯᠡᠯᠳᠡ ᠬᠢᠵᠦ᠂ ᠠᠩᠭᠢ᠎ᠶᠢᠨ ᠬᠠᠮᠢᠶᠠᠷᠤᠯᠲᠠ᠎ᠶᠢᠨ ᠠᠷᠭ᠎ᠠ ᠪᠣᠳᠣᠯᠭ᠎ᠠ ᠪᠠᠨ ᠲᠣᠬᠢᠷᠠᠭᠤᠯᠪᠠᠯ ᠵᠤᠬᠢᠨ᠎ᠠ᠃

ᠭᠡᠷ ᠪᠦᠯᠢ ᠪᠣᠯ ᠬᠡᠦᠬᠡᠳ᠎ᠤᠨ ᠲᠠᠳᠬᠠᠯ ᠪᠦᠷᠢᠯᠳᠦᠬᠦ ᠠᠩᠬᠠᠨ᠎ᠤ ᠬᠢᠴᠢᠶᠡᠯ ᠤ᠋ᠨ ᠲᠠᠩᠬᠢᠮ ᠪᠠᠢᠳᠠᠭ ᠡᠴᠡ ᠠᠩᠭᠢ᠎ᠶᠢᠨ ᠡᠷᠬᠢᠯᠡᠭᠴᠢ ᠰᠠᠨᠠᠭᠠᠴᠢᠯᠠᠭ᠎ᠠ᠎ᠠᠴᠠ᠎ᠪᠠᠨ ᠭᠡᠷ᠎ᠦᠨ ᠠᠬᠠᠮᠠᠳ ᠲᠠᠢ ᠬᠠᠷᠢᠯᠴᠠᠵᠤ᠂ ᠬᠡᠦᠬᠡᠳ᠎ᠤᠨ ᠦᠢᠯᠡ ᠠᠵᠢᠯᠯᠠᠭᠠᠨ᠎ᠤ ᠳᠠᠳᠬᠠᠯ᠎ᠢ ᠬᠦᠮᠦᠵᠢᠬᠦᠯᠬᠦ ᠠᠷᠭ᠎ᠠ ᠪᠤᠳᠤᠯᠭ᠎ᠠ ᠪᠠᠨ ᠬᠤᠪᠢᠶᠠᠯᠴᠠᠵᠤ ᠪᠤᠯᠤᠨ᠎ᠠ᠃ ᠭᠡᠷ᠎ᠤᠨ ᠠᠬᠠᠮᠠᠳ ᠪᠤᠯᠤᠭᠰᠠᠳ ᠶᠡᠷᠦ ᠴᠠᠭ ᠲᠸ᠋ ᠦᠪᠡᠷ᠎ᠤᠨ ᠦᠭᠡ ᠶᠠᠷᠢᠶ᠎ᠠ᠂ ᠦᠢᠯᠡ ᠠᠵᠢᠯᠯᠠᠭ᠎ᠠ ᠪᠠᠨ ᠬᠢᠴᠢᠶᠡᠵᠦ᠂ ᠬᠡᠤᠬᠡᠳ ᠲᠡᠭᠡᠨ ᠲᠠᠭᠤᠷᠢᠶᠠᠯ ᠪᠤᠯᠪᠠᠯ ᠵᠤᠬᠢᠨ᠎ᠠ᠃

ᠤᠷᠭᠠᠰᠢᠭ᠎ᠠ ᠦᠭᠡᠢ ᠤᠨᠠᠭᠠᠨ ᠪᠤᠷᠤ᠂ ᠤᠬᠠᠭᠠᠵᠢᠭ᠎ᠠ ᠦᠭᠡᠢ ᠭᠡᠨᠡᠨ ᠴᠠᠢᠯᠭᠠᠨ ᠬᠡᠤᠬᠡᠳ᠎ᠤᠳ᠎ᠢᠶᠡᠨ ᠰᠠᠢᠨ ᠰᠠᠢᠬᠠᠨ ᠲᠠᠳᠬᠠᠯ ᠲᠠᠢ ᠬᠦᠮᠦᠵᠢᠭᠦᠯᠬᠦ ᠪᠤᠯ ᠪᠢᠳᠡ ᠪᠦᠬᠦᠨ᠎ᠤ ᠲᠦᠯᠬᠢᠵᠦ ᠪᠤᠯᠤᠰᠢ ᠦᠭᠡᠢ ᠡᠭᠦᠷᠭᠡ ᠬᠠᠷᠢᠭᠤᠴᠠᠯᠭ᠎ᠠ ᠪᠤᠯᠤᠨ᠎ᠠ᠃ ᠡᠭᠦᠨ ᠳ᠋ᠤ ᠨᠡᠢᠭᠡᠮ᠂ ᠰᠤᠷᠭᠠᠭᠤᠯᠢ᠂ ᠭᠡᠷ ᠪᠦᠯᠢ ᠰᠡᠳᠭᠢᠯ ᠨᠢᠭᠡᠳᠦᠨ ᠬᠦᠴᠦᠯᠡᠬᠦ ᠬᠡᠷᠡᠭᠳᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面