ᠲᠡᠷᠢᠭᠦᠨ ᠨᠢᠭᠤᠷ>ᠰᠤᠷᠭᠠᠨ ᠬᠦᠮᠦᠵᠢᠯ >ᠲᠤᠷᠰᠢᠯᠭ᠎ᠠ᠎ᠪᠠᠨ ᠰᠣᠯᠢᠯᠴᠠᠶ᠎ᠠ

2026-10-14 16:51:14

ᠵᠣᠬᠢᠶᠠᠭ᠍ᠴᠢ᠄ ᠴᠧᠨ ᠰᠢ ᠣᠩᠱᠢᠭ᠍ᠰᠠᠨ ᠣᠳᠠᠭ᠎ᠠ᠄ 3

《ᠫᠸᠩ ᠫᠠᠢ᠎ᠰᠣᠨᠢᠨ ᠮᠡᠳᠡᠭᠡ 》 ᠵᠢᠨ ᠮᠡᠳᠡᠭᠡᠯᠡᠯ᠎ᠢ  ᠦᠨᠳᠦᠰᠦᠯᠡᠪᠡᠯ᠂ ᠣᠢᠷ᠎ᠠ᠎ᠳᠤ ᠤᠯᠠᠨ ᠶᠡᠬᠡ ᠳᠡᠭᠡᠳᠦ ᠰᠤᠷᠭᠠᠭᠤᠯᠢ 《ᠭᠠᠷ ᠤᠲᠠᠰᠤ ᠦᠭᠡᠢ ᠬᠢᠴᠢᠶᠡᠯ᠎ᠦᠨ ᠲᠠᠩᠬᠢᠮ》᠎ᠤᠨ ᠪᠠᠢᠭᠤᠯᠤᠯᠲᠠ᠎ᠶᠢ ᠠᠬᠢᠭᠤᠯᠵᠦ ᠪᠣᠢ᠃ ᠪᠣᠳᠠᠲᠠᠢ ᠬᠢᠬᠦ ᠠᠷᠭ᠎ᠠ  ᠨᠢ ᠰᠤᠷᠤᠭ᠍ᠴᠢᠳ᠎ᠢ ᠱᠠᠭᠠᠷᠳᠠᠵᠦ ᠪᠠᠢᠭᠠᠳ ᠬᠢᠴᠢᠶᠡᠯ ᠣᠷᠣᠬᠤ᠎ᠠᠴᠠ ᠡᠮᠦᠨ᠎ᠡ ᠭᠠᠷ ᠤᠲᠠᠰᠤ᠎ᠪᠠᠨ ᠬᠢᠴᠢᠶᠡᠯ᠎ᠦᠨ ᠭᠡᠷ᠎ᠦᠨ ᠬᠣᠷᠢᠶᠠᠨ ᠠᠪᠬᠤ ᠬᠠᠢᠷᠴᠠᠭ ᠪᠤᠶᠤ ᠬᠣᠷᠢᠶᠠᠨ ᠠᠪᠬᠤ ᠤᠭᠤᠲᠠᠨ᠎ᠳᠤ ᠨᠢᠭᠡᠳᠦᠯᠲᠡᠢ ᠬᠠᠳᠠᠭᠠᠯᠠᠵᠦ᠂ ᠬᠢᠴᠢᠶᠡᠯ᠎ᠦᠨ ᠳᠠᠷᠠᠭ᠎ᠠ ᠪᠤᠴᠠᠭᠠᠨ ᠦᠭᠬᠦᠨ᠎ᠡ᠃ ᠬᠢᠴᠢᠶᠡᠯ᠎ᠦᠨ ᠲᠠᠩᠬᠢᠮ᠎ᠤᠨ ᠲᠣᠭᠲᠠᠭᠠᠯ᠎ᠠᠴᠠ ᠵᠥᠷᠢᠴᠡᠨ ᠭᠠᠷ ᠤᠲᠠᠰᠤ ᠬᠡᠷᠡᠭᠯᠡᠭᠰᠡᠨ ᠰᠤᠷᠤᠭ᠍ᠴᠢᠳ᠎ᠢ ᠴᠠᠭ ᠲᠤᠬᠠᠢ ᠳ᠋ᠤᠨᠢ ᠢᠳᠬᠠᠨ ᠬᠣᠷᠢᠭ᠍ᠯᠠᠬᠤ᠎ᠶᠢᠨ ᠬᠠᠮᠲᠤ ᠪᠠᠢᠳᠠᠯ᠎ᠤᠨ ᠲᠡᠮᠳᠡᠭᠯᠡᠯ ᠬᠢᠵᠦ᠂ ᠲᠡᠭᠦᠨ᠎ᠢᠶᠡᠷ ᠬᠢᠴᠢᠶᠡᠯ᠎ᠦᠨ ᠲᠠᠩᠬᠢᠮ᠎ᠤᠨ ᠢᠯᠡᠷᠡᠯ ᠪᠣᠯᠭᠠᠵᠤ ᠰᠤᠷᠤᠭ᠍ᠴᠢᠳ᠎ᠤᠨ ᠡᠩ᠎ᠦᠨ ᠦᠶ᠎ᠡ᠎ᠶᠢᠨ ᠬᠢᠷᠢ ᠪᠦᠲᠦᠮᠵᠢ᠎ᠳᠦ ᠣᠷᠣᠭᠤᠯᠤᠨ᠎ᠠ᠃




ᠵᠣᠣ ᠴᠦᠨ ᠴᠢᠩ ᠵᠢᠷᠣᠪᠠ

  

ᠣᠢᠷ᠎ᠠ᠎ᠶᠢᠨ ᠵᠢᠯ ᠎ᠳᠦ᠂ ᠶᠡᠬᠡ ᠳᠡᠭᠡᠳᠦ ᠰᠤᠷᠭᠠᠭᠤᠯᠢ᠎ᠶᠢᠨ ᠬᠢᠴᠢᠶᠡᠯ᠎ᠦᠨ ᠲᠠᠩᠬᠢᠮ᠎ᠤᠨ 《ᠲᠣᠯᠣᠭᠠᠢ ᠥᠨᠳᠡᠢᠬᠦ ᠨᠣᠷᠮ᠎ᠠ》 ᠭᠡᠬᠦ ᠶᠠᠷᠢᠶᠠᠨ᠎ᠤ ᠰᠡᠳᠦᠪ  ᠪᠠᠢᠨ ᠪᠠᠢᠨ ᠬᠠᠯᠠᠮᠰᠢᠯ ᠪᠣᠯᠵᠦ ᠪᠣᠢ᠃ ᠵᠠᠷᠢᠮ ᠰᠣᠷᠣᠭ᠍ᠴᠢ ᠬᠢᠴᠢᠶᠡᠯ ᠳᠡᠭᠡᠷ᠎ᠡ ᠲᠣᠯᠣᠭᠠᠢ ᠪᠡᠨ ᠪᠥᠬᠥᠢᠨ ᠭᠠᠷ ᠤᠲᠠᠰᠤ ᠦᠵᠡᠭᠡᠳ ᠰᠠᠭᠤᠴᠢᠬᠠᠳᠠᠭ᠃ ᠪᠡᠶ᠎ᠡ᠎ᠪᠡᠨ ᠪᠠᠷᠢᠬᠤ ᠴᠢᠳᠠᠪᠤᠷᠢ ᠠᠨᠠᠢ᠂ ᠠᠩᠬᠠᠷᠤᠯ  ᠲᠥᠪᠯᠡᠷᠡᠬᠦ ᠦᠭᠡᠢ ᠪᠣᠯ 《ᠬᠢᠴᠢᠶᠡᠯ᠎ᠡᠴᠡ ᠡᠮᠦᠨ᠎ᠡ ᠭᠠᠷ ᠤᠲᠠᠰᠤ ᠬᠤᠷᠢᠶᠠᠬᠤ》 ᠨᠢ ᠨᠢᠭᠡ ᠵᠦᠢᠯ᠎ᠦᠨ ᠪᠦᠲᠦᠮᠵᠢᠲᠡᠶ ᠬᠢᠵᠠᠭᠠᠷᠯᠠᠯ ᠪᠣᠯᠵᠤ᠂ ᠰᠤᠷᠤᠭ᠍ᠴᠢᠳ᠎ᠤᠨ ᠰᠡᠳᠬᠢᠯ ᠵᠢᠡᠨ ᠲᠦᠪᠯᠡᠷᠡᠬᠦᠯᠦᠨ ᠬᠢᠴᠢᠶᠡᠯ ᠰᠣᠨᠣᠰᠬᠣ᠎ᠳᠦ ᠠᠰᠢᠭᠳᠠᠢ ᠪᠠᠢᠳᠠᠭ᠃ ᠡᠭᠦᠨ᠎ᠡᠴᠡ ᠭᠠᠳᠠᠨ᠎ᠠ ᠰᠦᠯᠵᠢᠶᠡᠴᠢᠳ 《ᠪᠠᠭ᠍ᠰᠢ ᠨᠠᠷ ᠬᠠᠭᠤᠴᠢᠨ PPT ᠪᠡᠨ ᠥᠭᠡᠷᠡᠴᠢᠯᠡᠵᠦ ᠪᠣᠯᠣᠨ᠎ᠠ ᠦᠦ》 ᠭᠡᠬᠦ ᠮᠡᠲᠦ᠎ᠶᠢᠨ ᠦᠭᠡ ᠦᠯᠡᠳᠡᠭᠡᠭᠰᠡᠨ ᠪᠠᠢᠨ᠎ᠠ᠂ ᠰᠤᠷᠭᠠᠭᠤᠯᠢ ᠪᠠ ᠪᠠᠭ᠍ᠰᠢ ᠨᠠᠷ ᠪᠠᠰᠠ ᠵᠠᠷᠢᠮ ᠬᠢᠴᠢᠶᠡᠯ᠎ᠨᠢ ᠰᠣᠷᠣᠭᠴᠢ ᠵᠢᠨ ᠬᠦᠷᠢᠶᠡᠯᠡᠯ᠎ᠢ ᠶᠠᠭᠠᠬᠢᠭᠠᠳ ᠣᠯᠵᠦ ᠲᠡᠢᠯᠬᠦ ᠦᠬᠡᠢ ᠪᠠᠢᠬᠣ ᠵᠢ ᠪᠣᠳᠣᠯᠬᠢᠯᠠᠬᠤ ᠴᠢᠬᠤᠯᠠᠲᠠᠢ᠃ ᠰᠤᠷᠤᠭ᠍ᠴᠢᠳ᠎ᠤᠨ ᠰᠤᠷᠤᠯᠴᠠᠬᠤ ᠣᠷᠮ᠎ᠠ᠎ᠶᠢ ᠬᠥᠭᠵᠢᠭᠡᠬᠦ᠎ᠳᠦ᠂ ᠶᠡᠬᠡ ᠳᠡᠭᠡᠳᠦ ᠰᠤᠷᠭᠠᠭᠤᠯᠢ ᠬᠢᠴᠢᠶᠡᠯ᠎ᠦᠨ ᠲᠠᠩᠬᠢᠮ᠎ᠤᠨ ᠰᠠᠬᠢᠯᠭ᠎ᠠ ᠪᠠᠲᠤ᠎ᠶᠢ ᠠᠳᠬᠤᠬᠤ᠎ᠪᠠᠷ ᠪᠠᠷᠠᠬᠤ ᠦᠭᠡᠢ ᠪᠠᠰᠠ ᠬᠢᠴᠢᠶᠡᠯ᠎ᠦᠨ ᠲᠠᠩᠬᠢᠮ᠎ᠤᠨ ᠶᠠᠰᠤ ᠴᠢᠨᠠᠷ᠎ᠢ ᠠᠳᠬᠤᠬᠤ ᠬᠡᠷᠡᠭᠲᠡᠢ᠃

— 《ᠠᠵᠦ ᠠᠬᠤᠢ ᠵᠢᠨ ᠡᠳᠦᠷ᠎ᠦᠨ ᠰᠤᠨᠢᠨ》 ᠡᠴᠡ 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面