2026-10-24 17:45:04
10 ᠰᠠᠷ᠎ᠠ᠎ᠶᠢᠨ 20᠎ᠤ ᠡᠳᠦᠷ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠬᠡᠯᠲᠡᠰ᠂ ᠰᠤᠷᠭᠠᠨ ᠬᠥᠮᠦᠵᠢᠯ᠎ᠦᠨ ᠶᠠᠮᠤᠨ᠎ᠤ ᠰᠤᠷᠭᠠᠭᠤᠯᠢ᠎ᠶᠢᠨ ᠭᠠᠳᠠᠨᠠᠬᠢ ᠰᠤᠷᠭᠠᠨ ᠬᠥᠮᠦᠵᠢᠯ᠎ᠦᠨ ᠪᠣᠯᠪᠠᠰᠤᠷᠠᠯ᠎ᠤᠨ ᠬᠢᠨᠠᠯᠲᠠ ᠬᠠᠮᠢᠶᠠᠷᠤᠯᠲᠠ᠎ᠶᠢᠨ ᠵᠤᠷᠭᠠᠨ ᠡᠴᠡ ᠵᠢᠯᠤᠭᠤᠳᠤᠯᠭ᠎ᠠ ᠬᠠᠨᠭᠭᠠᠵᠤ᠂ ᠳᠤᠮᠳᠠᠳᠤ ᠤᠯᠤᠰ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠂ ᠳᠤᠮᠳᠠᠳᠤ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠮᠦᠽᠧᠢ᠎ᠶᠢᠨ ᠡᠷᠳᠡᠮ ᠰᠢᠨᠵᠢᠯᠡᠭᠡᠨ᠎ᠦ ᠨᠡᠢᠭᠡᠮᠯᠢᠭ᠎ᠡᠴᠡ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠠᠴᠠ ᠳᠠᠭᠠᠭᠠᠴᠢᠯᠠᠨ ᠡᠷᠬᠢᠯᠡᠭᠰᠡᠨ 2026 ᠣᠨ᠎ᠤ ᠤᠳᠤ ᠦᠶ᠎ᠡ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠤ ᠰᠢᠰᠲ᠋ᠸᠮ᠎ᠤᠨ ᠬᠠᠮᠲᠤᠷᠠᠭᠰᠠᠨ ᠠᠵᠢᠯᠯᠠᠭ᠎ᠠ《ᠰᠢᠨᠵᠢᠯᠡᠬᠦ ᠤᠬᠠᠭᠠᠨ ᠤ᠋ ᠰᠤᠷᠭᠠᠨ ᠬᠥᠮᠦᠵᠢᠯ᠎ᠦᠨ ᠦᠢᠯᠡᠳᠦᠯᠭᠡ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ ᠠᠵᠢᠯ᠎ᠤᠨ ᠦᠷᠦᠭᠡ》︱《ᠢᠷᠡᠭᠡᠳᠦᠢ᠎ᠳᠦ ᠬᠠᠨᠳᠤᠭᠰᠠᠨ ᠰᠢᠨᠵᠢᠯᠡᠬᠦ ᠤᠬᠠᠭᠠᠨ᠎ᠤ ᠬᠢᠴᠢᠶᠡᠯ(ᠠᠵᠢᠯᠯᠠᠭ᠎ᠠ)᠎ᠤ᠋ᠨ ᠲᠥᠯᠥᠪᠯᠡᠭᠡ᠎ᠶᠢᠨ ᠭᠣᠣᠯ ᠰᠡᠳᠦᠪᠲᠦ ᠠᠵᠢᠯ᠎ᠤᠨ ᠦᠷᠦᠭᠡ》 ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠳᠤ ᠬᠢᠴᠢᠶᠡᠯ ᠡᠬᠢᠯᠡᠪᠡ᠃
ᠲᠣᠰ ᠤᠳᠠᠭᠠᠨ᠎ᠤ ᠬᠢᠴᠢᠶᠡᠯ ᠨᠢ 7 ᠡᠳᠦᠷ᠎ᠦᠨ ᠬᠤᠭᠤᠴᠠᠭ᠎ᠠ᠎ᠲᠠᠢ ᠪᠠᠢᠵᠤ᠂ ᠪᠡᠭᠡᠵᠢᠩ᠂ ᠲᠢᠶᠠᠨᠵᠢᠨ᠂ ᠾᠧᠪᠧᠢ ᠵᠡᠷᠭᠡ 7 ᠮᠤᠵᠢ(ᠣᠷᠣᠨ᠂ ᠬᠣᠲᠠ)᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠪᠰᠤᠷᠤᠨ ᠵᠢᠯᠣᠭᠣᠳᠤᠭ᠍ᠴᠢ᠎ᠶᠢᠨ ᠲᠥᠯᠥᠭᠡᠯᠡᠭᠴᠢ ᠵᠢᠴᠢ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠤ᠋ ᠪᠠᠭ᠍ᠰᠢ ᠨᠡᠶ᠋ᠢᠲᠡ 110 ᠭᠠᠷᠤᠢ ᠬᠥᠮᠥᠨ ᠣᠷᠣᠯᠴᠠᠵᠠᠢ᠃《ᠢᠷᠡᠭᠡᠳᠦᠢ᠎ᠳᠦ ᠬᠠᠨᠳᠤᠭᠰᠠᠨ ᠰᠢᠨᠵᠢᠯᠡᠬᠦ ᠤᠬᠠᠭᠠᠨ᠎ᠤ ᠬᠢᠴᠢᠶᠡᠯ(ᠠᠵᠢᠯᠯᠠᠭ᠎ᠠ)᠎ᠤᠨ ᠲᠥᠯᠥᠪᠯᠡᠭᠡ᠎ᠶᠢᠨ ᠭᠣᠣᠯ ᠰᠡᠳᠦᠪᠲᠦ ᠠᠵᠢᠯ᠎ᠤᠨ ᠦᠷᠦᠭᠡ》᠎ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦ᠋ᠨ ᠣᠷᠳᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠪᠰᠤᠷᠤᠨ ᠵᠢᠯᠣᠭᠣᠳᠤᠭ᠍ᠴᠢ ᠪᠠ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠪᠠᠭ᠍ᠰᠢᠵᠡᠷᠭᠡ ᠬᠣᠶᠠᠷ ᠶᠡᠬᠡ ᠰᠢᠨᠵᠢᠯᠡᠬᠦ ᠤᠬᠠᠭᠠᠨ ᠤ᠋ ᠰᠤᠷᠭᠠᠨ ᠬᠥᠮᠦᠵᠢᠯ᠎ᠦᠨ ᠭᠣᠣᠯᠯᠠᠭ᠍ᠴᠢ ᠬᠦᠴᠦᠨ᠎ᠦ ᠦᠢᠯᠡᠳᠦᠯᠭᠡ᠎ᠶᠢᠨ ᠴᠢᠳᠠᠪᠤᠷᠢ᠎ᠶᠢ ᠳᠡᠭᠡᠭᠰᠢᠯᠡᠬᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ 《ᠰᠤᠷᠤᠯᠴᠠᠬᠤ᠂ ᠠᠵᠢᠭ᠍ᠯᠠᠬᠤ᠂ ᠰᠤᠳᠤᠯᠬᠤ᠂ ᠡᠭᠦᠳᠬᠦ᠂ ᠦᠨᠡᠯᠡᠬᠦ》 ᠲᠠᠪᠤ᠎ᠶᠢ ᠨᠢᠭᠡ ᠴᠣᠭᠴᠠᠵᠢᠭᠤᠯᠤᠭᠰᠠᠨ ᠰᠤᠳᠤᠯᠤᠨ ᠰᠤᠷᠤᠯᠴᠠᠬᠤ ᠵᠠᠭᠪᠤᠷ᠎ᠢᠶᠠᠷ ᠳᠠᠮᠵᠢᠭᠤᠯᠤᠨ᠂ ᠰᠢᠨᠵᠢᠯᠡᠬᠦ ᠤᠬᠠᠭᠠᠨ᠎ᠤ ᠬᠢᠴᠢᠶᠡᠯ᠎ᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠠᠵᠢᠯᠯᠠᠭ᠎ᠠ᠎ᠶᠢᠨ ᠰᠢᠨ᠎ᠡ᠎ᠶᠢ ᠡᠭᠦᠳᠬᠦ ᠦᠢᠯᠡᠳᠦᠯᠭᠡ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ ᠪᠤᠯᠤᠨ᠎ᠠ᠃ ᠰᠢᠨᠵᠢᠯᠡᠬᠦ ᠤᠬᠠᠭᠠᠨ᠎ᠤ ᠬᠢᠴᠢᠶᠡᠯ(ᠠᠵᠢᠯᠯᠠᠭ᠎ᠠ)᠎ᠢ ᠵᠢᠷᠤᠭᠯᠠᠨ ᠲᠥᠯᠥᠪᠯᠡᠬᠦ᠎ᠶᠢᠨ ᠲᠣᠭᠣᠷᠢᠨ ᠳ᠋ᠤ᠂ ᠲᠤᠰᠬᠠᠢ ᠮᠡᠷᠭᠡᠵᠢᠯᠲᠡᠨᠤ᠋ ᠳᠠᠢᠯᠤᠮᠵᠢ᠂ ᠬᠡᠷᠡᠭ᠎ᠦᠨ ᠵᠢᠱ᠌ᠢᠶ᠎ᠡ᠎ᠶᠢ ᠬᠤᠪᠢᠶᠠᠯᠴᠠᠬᠤ᠂ ᠳᠤᠭᠤᠢᠯᠠᠩ᠎ᠢᠶᠠᠷ ᠦᠢᠯᠡᠳᠦᠯᠭᠡᠵᠢᠭᠦᠯᠬᠦ᠂ ᠰᠣᠯᠢᠯᠴᠠᠨ ᠰᠤᠳᠤᠯᠤᠨ ᠶᠠᠷᠢᠯᠴᠠᠬᠤ ᠵᠢᠴᠢ ᠦᠷ᠎ᠡ ᠪᠦᠲᠦᠭᠡᠯ᠎ᠢᠶᠡᠨ ᠳᠡᠯᠭᠡᠨ ᠦᠵᠡᠭᠦᠯᠬᠦ ᠵᠡᠷᠭᠡ ᠣᠯᠠᠨ ᠵᠦᠢᠯ ᠬᠡᠯᠪᠡᠷᠢ᠎ᠪᠡᠷ ᠳᠠᠮᠵᠢᠭᠤᠯᠤᠨ ᠂ ᠣᠷᠣᠯᠴᠠᠭᠰᠠᠳ᠎ᠤᠨ ᠲᠤᠷᠰᠢᠯᠭ᠎ᠠ᠎ᠪᠠᠨ ᠰᠣᠯᠢᠯᠴᠠᠬᠤ᠂ ᠰᠡᠳᠬᠢᠮᠵᠢ᠎ᠪᠡᠨ ᠥᠷᠭᠡᠳᠬᠡᠬᠦ᠎ᠶᠢ ᠠᠬᠢᠭᠤᠯᠵᠤ᠂ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠦᠨ ᠦᠢᠯᠡᠳᠦᠯᠭᠡ᠎ᠶᠢᠨ ᠰᠢᠨ᠎ᠡ᠎ᠶᠢ ᠡᠭᠦᠳᠬᠦ ᠠᠷᠭ᠎ᠠ ᠪᠠ ᠬᠡᠷᠡᠭᠵᠢᠭᠦᠯᠬᠦ ᠠᠷᠭ᠎ᠠ ᠵᠠᠮ᠎ᠢ ᠬᠠᠢᠨ ᠰᠦᠪᠡᠭᠴᠢᠯᠡᠪᠡ᠃
ᠣᠷᠣᠯᠴᠠᠭᠰᠠᠳ ᠨᠢ ᠪᠠᠰᠠ ᠵᠣᠬᠢᠶᠠᠮᠠᠯ ᠣᠶᠤᠨ ᠴᠢᠳᠠᠪᠤᠷᠢ ᠪᠡᠷ ᠬᠦᠴᠦᠨ ᠣᠯᠭᠣᠬᠤ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ᠎ᠤ ᠲᠤᠷᠰᠢᠯᠲᠠ ᠬᠢᠭᠡᠳ ᠲᠥᠷᠥᠯ ᠵᠦᠢᠯ᠎ᠦᠨ ᠮᠠᠶᠢᠭ᠋᠎ᠤᠨ ᠰᠤᠷᠤᠯᠴᠠᠯᠭ᠎ᠠ᠎ᠶᠢᠨ ᠠᠵᠢᠯᠯᠠᠭ᠎ᠠ᠎ᠶᠢᠨ ᠲᠥᠯᠥᠪᠯᠡᠭᠡ᠂ ᠨᠣᠮ᠎ᠤᠨ ᠰᠠᠩ ᠪᠠ ᠰᠤᠷᠭᠠᠭᠤᠯᠢ᠎ᠶᠢ ᠤᠶᠠᠯᠳᠤᠭᠤᠯᠬᠤ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠪᠦᠲᠦᠭᠡᠨ ᠪᠠᠢᠭᠤᠯᠤᠯᠲᠠ ᠵᠡᠷᠭᠡ ᠠᠭᠤᠯᠭ᠎ᠠ᠎ᠶᠢᠨ ᠲᠣᠭᠣᠷᠢᠨ᠎ᠳᠤ ᠰᠤᠷᠤᠯᠴᠠᠯᠭ᠎ᠠ ᠪᠠ ᠦᠢᠯᠡᠳᠦᠯᠭᠡ ᠥᠷᠨᠢᠭᠦᠯᠵᠦ᠂ ᠣᠨᠣᠯ᠎ᠤᠨ ᠰᠤᠷᠤᠯᠴᠠᠯᠭ᠎ᠠ ᠬᠢᠭᠡᠳ ᠦᠢᠯᠡᠳᠦᠯᠭᠡ᠎ᠶᠢᠨ ᠬᠡᠷᠡᠭᠯᠡᠯᠲᠡ᠎ᠶᠢ ᠬᠠᠷᠢᠯᠴᠠᠨ ᠤᠶᠠᠯᠳᠤᠭᠤᠯᠬᠤ᠎ᠶᠢ ᠠᠬᠢᠭᠤᠯᠪᠠ᠃ ᠲᠣᠰ ᠤᠳᠠᠭᠠᠨ᠎ᠤ ᠠᠵᠢᠯᠯᠠᠭ᠎ᠠ ᠨᠢ ᠣᠷᠳᠣᠨ ᠪᠠ ᠰᠤᠷᠭᠠᠭᠤᠯᠢ᠎ᠶᠢᠨ ᠬᠠᠮᠲᠤᠷᠠᠯᠴᠠᠭ᠎ᠠ᠎ᠶᠢ ᠴᠢᠩᠭᠠᠳᠬᠠᠬᠤ ᠪᠠᠷ ᠳᠠᠮᠵᠢᠭᠤᠯᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠤ ᠰᠢᠯᠢᠳᠡᠭ ᠡᠬᠢ ᠪᠠᠶᠠᠯᠢᠭ᠋ ᠬᠢᠭᠡᠳ ᠰᠤᠷᠭᠠᠭᠤᠯᠢ᠎ᠶᠢᠨ ᠬᠥᠮᠥᠨ ᠬᠥᠮᠥᠵᠢᠭᠦᠯᠬᠦ ᠬᠡᠷᠡᠭᠴᠡᠭᠡ ᠱᠠᠭᠠᠷᠳᠠᠯᠭ᠎ᠠ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠣᠷᠳᠣᠨ ᠪᠠ ᠰᠤᠷᠭᠠᠭᠤᠯᠢ᠎ᠶᠢᠨ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠂ ᠬᠣᠣᠰ ᠴᠢᠭᠯᠡᠯ᠎ᠢᠶᠡᠷ ᠬᠦᠴᠦᠨ ᠣᠯᠭᠣᠬᠤ᠎ᠶᠢ ᠪᠡᠶᠡᠯᠡᠭᠦᠯᠵᠦ᠂ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ᠎ᠤ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠪᠠ ᠰᠢᠨᠵᠢᠯᠡᠬᠦ ᠤᠬᠠᠭᠠᠨ ᠤ᠋ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠨ᠎ᠡ᠃
ᠢᠷᠡᠯᠳᠡ᠄ ᠤᠮᠠᠷᠠᠲᠤ ᠵᠢᠨ ᠰᠦᠯᠵᠢᠶ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃