ᠲᠡᠷᠢᠭᠦᠨ ᠨᠢᠭᠤᠷ>ᠰᠤᠷᠭᠠᠨ ᠬᠦᠮᠦᠵᠢᠯ >ᠲᠤᠷᠰᠢᠯᠭ᠎ᠠ᠎ᠪᠠᠨ ᠰᠣᠯᠢᠯᠴᠠᠶ᠎ᠠ

2026-11-02 14:21:23

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

ᠣᠢᠷ᠎ᠠ᠎ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠤᠷᠠᠯᠢᠭ᠋᠎ᠤᠨ ᠪᠦᠲᠦᠭᠡᠯ ᠵᠢᠴᠢ ᠤᠷᠠᠯᠢᠭ᠋᠎ᠤᠨ ᠦᠢᠯᠡᠳᠦᠯᠭᠡ᠎ᠶᠢᠨ ᠠᠵᠢᠯ᠎ᠤᠨ ᠦᠷᠦᠭᠡ᠎ᠵᠢᠨ ᠲᠤᠰᠬᠠᠢ ᠦᠵᠡᠭᠦᠯᠬᠡ ᠬᠥᠬᠡᠬᠣᠲᠠ᠎ᠶᠢᠨ ᠤᠷᠠᠨ ᠵᠢᠷᠤᠭ᠎ᠤᠨ ᠣᠷᠳᠣᠨ᠎ᠳᠤ ᠶᠠᠪᠤᠭᠳᠠᠵᠡᠢ᠃ ᠦᠵᠡᠭᠦᠯᠭᠡ ᠶ᠋ᠢᠨ ᠲᠢᠩᠬᠢᠮ᠎ᠳᠦ᠂ ᠨᠢᠭᠡᠨ ᠭᠣᠢᠳᠠ ᠰᠠᠢᠬᠠᠨ ᠴᠠᠭᠠᠨ ᠲᠤᠭᠤᠯᠭᠠᠨ ᠴᠠᠭᠠᠰᠤᠨ᠎ᠤ ᠵᠢᠷᠤᠭ᠎ᠤᠨ ᠪᠦᠲᠦᠭᠡᠯ ᠨᠢ ᠦᠢ ᠣᠯᠠᠨ ᠲᠣᠭᠣᠷᠢᠨ ᠦᠵᠡᠭᠴᠢᠳ᠎ᠦᠨ ᠰᠣᠨᠢᠷᠬᠠᠯ ᠢ᠋ ᠲᠠᠲᠠᠵᠤ ᠪᠠᠢᠯ᠎ᠠ᠃ ᠡᠨᠡ ᠬᠦ᠌ 《ᠦᠯᠵᠡᠢᠲᠦ》 ᠴᠠᠭᠠᠨ ᠲᠤᠭᠤᠯᠭᠠᠨ ᠰᠡᠢᠯᠦᠮᠡᠯ ᠪᠦᠲᠦᠭᠡᠯ ᠨᠢ ᠤᠯᠠᠮᠵᠢᠯᠠᠯᠲᠤ ᠥᠯᠵᠡᠢᠲᠦ ᠬᠡ ᠤᠭᠠᠯᠵᠠ ᠪᠠ ᠮᠣᠩᠭᠣᠯ ᠦᠨᠳᠦᠰᠦᠲᠡᠨ᠎ᠦ ᠨᠡᠭᠦᠳᠡᠯ ᠮᠠᠯᠵᠢᠯ᠎ᠤᠨ ᠡᠯᠧᠮᠧᠨ᠋ᠲ᠎ᠢ ᠤᠷᠠᠨ᠎ᠢᠶᠠᠷ ᠠᠭᠤᠰᠤᠯᠴᠠᠭᠤᠯᠵᠠᠢ᠃ ᠵᠢᠷᠤᠭ᠎ᠲᠡᠬᠢ ᠠᠨᠠᠷ᠎ᠤᠨ ᠦᠷ᠎ᠡ᠂ ᠠᠵᠢᠨᠠᠢ ᠬᠦᠯᠦᠭ᠂ ᠥᠯᠵᠡᠢᠲᠦ ᠡᠭᠦᠯᠡ ᠵᠡᠷᠭᠡ ᠨᠢ ᠦᠨᠳᠦᠰᠦᠲᠡᠨ᠎ᠦ ᠪᠦᠯᠬᠦᠮᠳᠡᠯ᠎ᠦᠨ ᠠᠭᠤᠯᠬᠤᠨ᠎ᠢ ᠠᠮᠢᠳᠤᠯᠢᠭ᠋᠎ᠢᠶᠠᠷ ᠲᠠᠢᠯᠪᠤᠷᠢᠯᠠᠵᠤ᠂ ᠰᠢᠨ᠎ᠡ ᠴᠠᠭ ᠦᠶ᠎ᠡ᠎ᠶᠢᠨ ᠵᠠᠯᠠᠭᠤᠴᠤᠳ ᠪᠠᠭᠠᠴᠤᠳ᠎ᠤᠨ ᠭᠤᠸ᠎ᠠ ᠰᠠᠢᠬᠠᠨ᠎ᠤ ᠬᠡᠪ ᠪᠣᠯᠪᠠᠰᠤᠷᠠᠯ ᠪᠠ ᠤᠯᠤᠰ᠎ᠵᠢᠡᠨ ᠬᠠᠢᠷᠠᠯᠠᠬᠤ ᠬᠠᠢᠷ᠎ᠠ ᠰᠡᠳᠬᠢᠯᠭᠡ᠎ᠶᠢ ᠭᠦᠢᠴᠡᠳ ᠢᠯᠡᠷᠡᠭᠦᠯᠪᠡ᠃ ᠲᠤᠰ ᠰᠡᠢᠯᠦᠮᠡᠯ ᠪᠤᠯ ᠬᠢᠩᠭᠠᠨ ᠠᠢᠮᠠᠭ᠎ᠤᠨ ᠵᠠᠯᠠᠨ ᠠᠢᠯ ᠬᠣᠲᠠ ᠶ᠋ᠢᠨ ᠲᠠᠪᠤᠳᠤᠭᠠᠷ ᠳᠤᠮᠳᠠᠳᠤ ᠰᠤᠷᠭᠠᠭᠤᠯᠢ ᠶ᠋ᠢᠨ ᠨᠠᠢ᠍ᠮᠠᠳᠤᠭᠠᠷ ᠣᠨ᠎ᠤ ᠰᠤᠷᠤᠭ᠍ᠴᠢ ᠰᠢᠶᠣᠣ ᠯᠢᠩ ᠹᠸᠢ᠎ᠵᠢᠨ ᠪᠦᠲᠦᠭᠡᠯ ᠪᠠᠢᠵᠦ᠂ ᠡᠨᠡ ᠬᠦ᠌ ᠭᠣᠢᠳᠠ ᠰᠠᠢᠬᠠᠨ ᠰᠡᠢᠯᠦᠮᠡᠯ ᠪᠦᠲᠦᠭᠡᠯ᠎ᠦᠨ ᠪᠤᠷᠤ ᠮᠠᠲᠧᠷᠢᠶᠠᠯ ᠨᠢ ᠡᠳᠦᠷ ᠲᠤᠲᠤᠮ᠎ᠤᠨ ᠠᠮᠢᠳᠤᠷᠠᠯ ᠳᠤᠮᠳᠠ ᠭᠠᠵᠠᠷ ᠰᠠᠢ ᠦᠬᠡᠢ ᠬᠠᠷᠠᠭᠳᠠᠬᠤ ᠴᠠᠭᠠᠨ ᠲᠤᠭᠤᠯᠭᠠᠨ ᠴᠠᠭᠠᠰᠤ ᠪᠣᠯᠤᠨ᠎ᠠ᠃

ᠡᠩ᠎ᠦᠨ ᠴᠠᠭᠠᠨ ᠲᠤᠭᠤᠯᠭᠠᠨ ᠴᠠᠭᠠᠰᠤ᠎ᠶᠢ ᠭᠤᠸ᠎ᠠ ᠰᠠᠢᠬᠠᠨ᠎ᠤ ᠬᠥᠮᠦᠵᠢᠯ᠎ᠦᠨ ᠵᠢᠭᠠᠬᠤ ᠮᠠᠲᠸᠷᠢᠶᠠᠯ ᠪᠤᠯᠭᠠᠵᠦ᠂ ᠰᠤᠷᠭᠠᠭᠤᠯᠢ᠎ᠵᠢᠨ ᠥᠪᠡᠷᠮᠢᠴᠡ ᠣᠨᠴᠠᠯᠢᠭ᠋᠎ᠲᠠᠢ ᠬᠢᠴᠢᠶᠡᠯ ᠲᠦᠷᠦᠯ ᠪᠤᠯᠭᠠᠨ ᠴᠤᠬᠴᠠᠯᠠᠬᠰᠠᠨ ᠶᠠᠪᠤᠳᠠᠯ ᠨᠢ ᠵᠠᠯᠠᠨ ᠠᠢᠯ ᠬᠣᠲᠠ᠎ᠶᠢᠨ ᠲᠠᠪᠤᠳᠤᠭᠠᠷ ᠳᠤᠮᠳᠠᠳᠤ ᠰᠤᠷᠭᠠᠭᠤᠯᠢ᠎ᠶᠢᠨ ᠭᠤᠸ᠎ᠠ ᠰᠠᠢᠬᠠᠨ᠎ᠤ ᠬᠥᠮᠦᠵᠢᠯ᠎ᠦᠨ ᠰᠢᠨ᠎ᠡ᠎ᠶᠢ ᠡᠭᠦᠳᠬᠦ ᠠᠮᠢᠳᠤᠯᠢᠭ᠋ ᠦᠢᠯᠡᠳᠦᠯᠭᠡ ᠪᠤᠯᠤᠨ᠎ᠠ᠃ ᠲᠤᠰ ᠰᠤᠷᠭᠠᠭᠤᠯᠢ ᠶ᠋ᠢᠨ ᠤᠷᠠᠨ ᠵᠢᠷᠤᠭ᠎ᠤᠨ ᠪᠠᠭ᠍ᠰᠢ ᠶᠤᠸᠠᠨ ᠵᠥᠩ ᠶᠤᠸᠠᠢ ᠡᠳᠦᠷ ᠲᠤᠲᠤᠮ᠎ᠤᠨ ᠵᠢᠭᠠᠨ ᠰᠤᠷᠭᠠᠯᠲᠠ ᠳᠤᠮᠳᠠ᠎ᠪᠠᠨ ᠴᠠᠭᠠᠨ ᠲᠤᠭᠤᠯᠭᠠᠨ ᠴᠠᠭᠠᠰᠤᠨ᠎ᠤ ᠦᠨ᠎ᠡ ᠨᠢ ᠬᠢᠮᠳᠠ᠂ ᠠᠮᠤᠷ ᠲᠦᠪᠰᠢᠨ ᠪᠥᠭᠡᠳ ᠠᠷᠢᠭᠤᠨ ᠴᠡᠪᠡᠷ᠂ ᠰᠡᠶ᠋ᠢᠯᠵᠦ ᠪᠣᠯᠬᠤ᠂ ᠱᠤᠭᠤᠵᠤ ᠪᠣᠯᠬᠤ ᠵᠡᠷᠭᠡ ᠤᠨᠴᠠᠯᠢᠭ᠎ᠡᠴᠡ ᠲᠡᠬᠦᠨ᠎ᠢ ᠤᠷᠠᠨ ᠵᠢᠷᠤᠭ᠎ᠤᠨ ᠪᠣᠷᠣ᠌ ᠮᠠᠲᠧᠷᠢᠶᠠᠯ ᠪᠤᠯᠭᠠᠨ ᠠᠰᠢᠬᠯᠠᠵᠦ ᠪᠣᠯᠬᠤ ᠶ᠋ᠢ ᠰᠡᠷᠡᠵᠦ ᠣᠯᠵᠠᠢ᠃

ᠶᠤᠸᠠᠨ ᠵᠥᠩ ᠶᠤᠸᠠᠢ ᠤᠷᠠᠨ ᠵᠢᠷᠤᠭ᠎ᠤᠨ ᠵᠢᠭᠠᠬᠤ ᠵᠢ ᠰᠤᠳᠤᠯᠬᠤ ᠳᠤᠭᠤᠢᠯᠠᠩ᠎ᠵᠢᠡᠨ ᠳᠠᠭᠠᠭᠤᠯᠤᠨ ᠭᠦᠨᠵᠡᠭᠡᠢ ᠵᠢᠭᠠᠨ ᠰᠤᠳᠤᠯᠵᠤ᠂ ᠵᠣᠷᠢᠭ᠍ᠲᠠᠢ᠎ᠪᠠᠷ ᠰᠢᠨ᠎ᠡ ᠶ᠋ᠢ ᠡᠭᠦᠳᠪᠡ᠃ ᠡᠬᠦᠨ᠎ᠳᠤ ᠪᠠᠭ᠍ᠰᠢ ᠨᠠᠷ ᠡᠴᠡ ᠬᠢᠴᠢᠶᠡᠯ᠎ᠦᠨ ᠲᠠᠩᠬᠢᠮ᠎ᠤᠨ ᠦᠢᠯᠡᠳᠦᠯᠭᠡ᠎ᠶᠢᠨ ᠲᠤᠷᠰᠢᠯᠭ᠎ᠠ ᠪᠠᠨ ᠰᠢᠰᠲᠧᠮ᠎ᠲᠠᠢ ᠡᠮᠬᠢᠯᠡᠵᠦ᠂ ᠬᠢᠴᠢᠶᠡᠯ᠎ᠦᠨ ᠰᠢᠰᠲ᠋ᠸᠮ᠎ᠢ ᠲᠠᠰᠤᠷᠠᠯᠳᠡ ᠦᠭᠡᠢ ᠲᠡᠭᠦᠯᠳᠡᠷᠵᠢᠭᠦᠯᠪᠡ᠃ 2025 ᠣᠨ᠎ᠤ 8 ᠰᠠᠷ᠎ᠠ᠎ᠳᠤ᠂《ᠴᠠᠭᠠᠨ ᠲᠤᠭᠤᠯᠭᠠᠨ ᠴᠠᠭᠠᠰᠤᠨ ᠮᠠᠲᠧᠷᠢᠶᠠᠯ ᠢ᠋ ᠳᠤᠮᠳᠠᠳᠤ ᠪᠠᠭ᠎ᠠ ᠰᠤᠷᠭᠠᠭᠤᠯᠢ᠎ᠶᠢᠨ ᠤᠷᠠᠨ ᠵᠢᠷᠤᠭ᠎ᠤᠨ ᠬᠢᠴᠢᠶᠡᠯ᠎ᠦᠨ ᠲᠠᠩᠬᠢᠮ᠎ᠳ᠋ᠤ ᠬᠡᠷᠡᠭᠯᠡᠬᠦ ᠰᠤᠳᠤᠯᠤᠯ》 ᠢ᠋ ᠵᠢᠩᠬᠢᠨᠢ᠎ᠪᠡᠷ ᠲᠦᠷᠦᠯ ᠵᠦᠢᠯ ᠪᠤᠯᠭᠠᠨ ᠲᠣᠭᠲᠠᠭᠠᠵᠤ᠂ ᠰᠢᠰᠲᠧᠮᠵᠢᠭᠦᠯᠦᠨ ᠲᠠᠰ ᠳᠡᠪᠰᠢᠭᠦᠯᠬᠦ᠎ᠪᠡᠷ ᠳᠡᠮᠵᠢᠨ᠂ ᠴᠠᠭᠠᠨ ᠲᠤᠭᠤᠯᠭᠠᠨ ᠴᠠᠭᠠᠰᠤᠨ᠎ᠤ ᠪᠦᠲᠦᠭᠡᠯᠴᠢ ᠤᠷᠠᠨ ᠵᠢᠷᠤᠭ᠎ᠤᠨ ᠬᠢᠴᠢᠶᠡᠯ ᠨᠢ ᠰᠤᠷᠭᠠᠭᠤᠯᠢ᠎ᠶᠢᠨ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠡᠯ᠎ᠡ ᠣᠨ᠎ᠢ ᠬᠠᠮᠤᠷᠴᠤ᠂ ᠪᠥᠬᠥ ᠰᠤᠷᠤᠭ᠍ᠴᠢᠳ᠎ᠲᠤ ᠠᠮᠢᠳᠤᠷᠠᠯ᠎ᠳᠤ ᠤᠢᠷᠠᠲᠤᠬᠰᠠᠨ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢᠨ ᠬᠠᠪᠤ ᠴᠡᠩᠭᠡᠯ᠎ᠢ ᠡᠳ᠋ᠯᠡᠭᠦᠯᠦᠭᠰᠡᠨ ᠪᠠᠢᠨ᠎ᠠ᠃

ᠴᠠᠭᠠᠨ ᠲᠤᠭᠤᠯᠭᠠᠨ ᠴᠠᠭᠠᠰᠤᠨ᠎ᠤ ᠵᠣᠬᠢᠶᠠᠨ ᠪᠦᠲᠦᠭᠡᠯᠭᠡ᠎ᠶᠢᠨ ᠠᠵᠢᠯ᠎ᠤᠨ ᠳᠠᠷᠠᠭᠠᠯᠠᠯ ᠨᠢ ᠪᠤᠳᠤᠯᠢᠶᠠᠨᠲᠠᠢ᠂ ᠴᠠᠭ ᠨᠡᠯᠢᠶᠡᠳ ᠵᠠᠷᠤᠴᠠᠭᠤᠯᠬᠤ ᠬᠦᠴᠢᠷ ᠠᠰᠠᠭᠤᠳᠠᠯ᠎ᠳᠤ ᠴᠢᠭᠯᠡᠭᠦᠯᠦᠨ᠂ ᠰᠤᠷᠭᠠᠭᠤᠯᠢ᠎ᠠᠴᠠ ᠬᠡᠰᠡᠭᠴᠢᠯᠡᠭᠰᠡᠨ ᠵᠢᠭᠠᠨ ᠰᠤᠷᠭᠠᠯᠲᠠ᠎ᠶᠢᠨ ᠵᠠᠭᠪᠤᠷ᠎ᠢ ᠰᠢᠨ᠎ᠡ᠎ᠪᠡᠷ ᠡᠭᠦᠳᠴᠦ᠂ ᠪᠦᠷᠢᠨ ᠪᠦᠲᠦᠨ ᠵᠣᠬᠢᠶᠠᠨ ᠪᠦᠲᠦᠭᠡᠯᠭᠡ᠎ᠶᠢ ᠵᠢᠷᠤᠵᠤ ᠲᠦᠰᠦᠪᠯᠡᠬᠦ  ᠳ᠋ᠤ ᠰᠡᠳᠬᠢᠮᠵᠢ᠂ ᠳᠠᠷᠤᠵᠤ ᠰᠡᠢᠯᠦᠨ ᠱᠤᠭᠤᠬᠤ᠂ ᠨᠠᠷᠢᠨ ᠵᠦᠢᠯᠡᠰ᠎ᠢ ᠵᠠᠰᠠᠬᠤ᠂ ᠦᠩᠭᠡ ᠪᠤᠳᠤᠭ᠎ᠢ ᠵᠤᠬᠢᠰᠲᠠᠢ ᠤᠷᠤᠭᠤᠯᠬᠤ ᠵᠡᠷᠭᠡ ᠬᠡᠳᠦᠨ ᠠᠯᠬᠤᠮ ᠬᠤᠪᠢᠶᠠᠵᠦ᠂ ᠰᠤᠷᠤᠭ᠍ᠴᠢᠳ᠎ᠤᠨ ᠤᠷᠠᠨ ᠵᠢᠷᠤᠭ᠎ᠤᠨ ᠲᠤᠰᠬᠠᠢ ᠮᠡᠷᠭᠡᠵᠢᠯ᠎ᠦᠨ ᠮᠡᠳᠡᠯᠭᠡ᠎ᠶᠢ ᠰᠢᠰᠲᠸᠮ ᠲᠠᠢ ᠡᠵᠡᠮᠰᠢᠬᠦ᠎ᠶᠢ ᠬᠥᠲᠥᠯᠥᠨ ᠵᠢᠯᠣᠭᠣᠳᠪᠠ᠃ ᠬᠢᠴᠢᠶᠡᠯ᠎ᠦᠨ ᠲᠠᠩᠬᠢᠮ᠎ᠳᠤ᠂ ᠪᠠᠭ᠍ᠰᠢ ᠨᠠᠷ ᠤᠷᠢᠳ ᠵᠢᠡᠷ ᠰᠤᠷᠤᠭ᠍ᠴᠢᠳ᠎ᠲᠤ ᠮᠠᠲᠧᠷᠢᠶᠠᠯ᠎ᠤᠨ ᠣᠨᠴᠠᠯᠢᠭ᠋᠎ᠢ ᠣᠢᠯᠠᠭᠠᠭᠤᠯᠵᠤ᠂ ᠲᠥᠬᠥᠮ ᠬᠡ ᠤᠭᠠᠯᠵᠠ᠎ᠶᠢᠨ ᠪᠣᠯᠪᠠᠰᠤᠷᠠᠯ᠎ᠠᠴᠠ ᠵᠣᠬᠢᠶᠠᠨ ᠪᠦᠲᠦᠭᠡᠬᠦ ᠴᠢᠳᠠᠪᠤᠷᠢ᠎ᠵᠢᠨ ᠳᠡᠭᠡᠭᠰᠢᠯᠡᠯᠲᠠ ᠬᠦᠷᠲᠡᠯ᠎ᠡ᠂ ᠰᠤᠷᠤᠭ᠍ᠴᠢᠳ᠎ᠤᠨ ᠰᠤᠷᠬᠤ᠎ᠳᠤ ᠬᠦᠴᠢᠷ᠂ ᠰᠡᠢᠯᠵᠦ ᠱᠤᠭᠤᠬᠤ ᠪᠠᠨ ᠰᠠᠢᠲᠤᠷ ᠡᠵᠡᠮᠳᠡᠵᠦ ᠳᠡᠶ᠋ᠢᠯᠬᠦ ᠦᠭᠡᠢ ᠪᠠᠢᠭᠰᠠᠨ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠭᠰᠡᠨ ᠪᠠᠢᠨ᠎ᠠ᠃

ᠳᠠᠳᠮᠠᠭᠠᠢ ᠪᠤᠰᠤ ᠪᠠᠢᠭᠰᠠᠨ ᠠ᠋ᠴᠠ᠎ᠪᠠᠨ ᠪᠣᠯᠪᠠᠰᠤᠷᠠᠩᠭᠤᠢ ᠵᠣᠬᠢᠶᠠᠨ ᠪᠦᠲᠦᠭᠡᠬᠦ ᠪᠣᠯᠲᠠᠯᠠᠬᠢ ᠵᠢᠭᠠᠨ ᠰᠤᠷᠭᠠᠯᠲᠠ᠎ᠵᠢᠨ ᠶᠠᠪᠤᠴᠠ᠎ᠳᠤ᠂ ᠰᠤᠷᠤᠭ᠍ᠴᠢᠳ᠎ᠤᠨ ᠭᠠᠷ ᠬᠥᠳᠡᠯᠬᠦ ᠴᠢᠳᠠᠪᠤᠷᠢ᠂ ᠭᠤᠸ᠎ᠠ ᠰᠠᠢᠬᠠᠨ᠎ᠤ ᠴᠢᠳᠠᠪᠤᠷᠢ᠂ ᠰᠢᠨ᠎ᠡ ᠶ᠋ᠢ ᠡᠭᠦᠳᠬᠦ ᠰᠡᠳᠬᠢᠬᠦᠢ ᠨᠢ ᠪᠥᠬᠥ ᠲᠠᠯ᠎ᠠ᠎ᠪᠠᠷ ᠳᠡᠭᠡᠭᠰᠢᠯᠡᠵᠦ ᠴᠢᠳᠠᠨ᠎ᠠ᠃ ᠰᠤᠷᠭᠠᠭᠤᠯᠢ ᠶ᠋ᠢᠨ ᠲᠣᠮᠣ᠌ ᠬᠡᠯᠪᠡᠷᠢ ᠶ᠋ᠢᠨ ᠴᠠᠭᠠᠨ ᠲᠤᠭᠤᠯᠭᠠᠨ ᠴᠠᠭᠠᠰᠤᠨ ᠰᠡᠢᠯᠦᠮᠡᠯ ᠪᠦᠲᠦᠭᠡᠯ ᠪᠤᠯᠬᠤ 《ᠨᠠᠢ᠍ᠮᠠᠨ ᠠᠵᠢᠨᠠᠢ᠎ᠶᠢᠨ ᠳᠡᠭᠦᠯᠢᠯᠲᠡ》 ᠵᠢ ᠪᠠᠭ᠍ᠰᠢ ᠰᠤᠷᠤᠭ᠍ᠴᠢᠳ ᠡᠴᠡ ᠳᠥᠷᠪᠡᠨ ᠰᠠᠷ᠎ᠠ ᠶ᠋ᠢᠨ ᠴᠠᠭ ᠢ᠋ ᠵᠠᠷᠤᠴᠠᠭᠤᠯᠵᠦ ᠵᠤᠬᠢᠶᠠᠨ ᠪᠦᠲᠦᠭᠡᠵᠡᠢ᠃ ᠡᠨᠡ ᠬᠦ᠌  ᠪᠦᠲᠦᠭᠡᠯ ᠨᠢ ᠰᠤᠷᠭᠠᠭᠤᠯᠢ ᠶ᠋ᠢᠨ ᠬᠦᠷᠢᠶᠡᠨ᠎ᠦ ᠭᠤᠸ᠎ᠠ ᠰᠠᠢᠬᠠᠨ᠎ᠤ ᠬᠥᠮᠦᠵᠢᠯ᠎ᠦᠨ ᠦᠷ᠎ᠡ ᠪᠦᠲᠦᠮᠵᠢ᠎ᠵᠢᠨ ᠪᠡᠯᠭᠡ ᠲᠡᠮᠳᠡᠭ᠎ᠦᠨ ᠴᠢᠨᠠᠷᠲᠠᠢ ᠪᠦᠲᠦᠭᠡᠯ ᠪᠣᠯᠤᠭᠰᠠᠨ ᠪᠥᠭᠡᠳ ᠰᠤᠷᠤᠭ᠍ᠴᠢᠳ᠎ᠲᠤ ᠨᠢᠭ᠍ᠲᠠ ᠠ᠋ᠴᠠ ᠨᠢᠭ᠍ᠲᠠ ᠪᠠᠢᠬᠤ ᠤᠷᠠᠨ ᠳᠠᠷᠬᠠᠨ᠎ᠤ ᠵᠣᠷᠢᠭ᠋ ᠰᠠᠨᠠᠭ᠎ᠠ ᠪᠣᠯᠣᠨ ᠪᠦᠯᠬᠦᠮᠳᠡᠨ ᠬᠠᠮᠵᠢᠯᠴᠠᠬᠤ ᠬᠠᠮᠲᠤᠷᠠᠯ ᠬᠦᠴᠦᠨ ᠢ᠋ ᠦᠨᠡᠨ ᠬᠦ᠌ ᠣᠢᠯᠠᠭᠠᠭᠤᠯᠤᠭᠰᠠᠨ ᠪᠠᠢᠨ᠎ᠠ᠃

ᠠᠮᠢᠳᠤᠷᠠᠯ᠎ᠢᠶᠠᠷ ᠪᠣᠷᠣ᠌ ᠮᠠᠲᠧᠷᠢᠶᠠᠯ ᠪᠣᠯᠭᠠᠵᠤ᠂ ᠤᠷᠠᠨ ᠳᠠᠷᠬᠠᠨ᠎ᠤ ᠵᠤᠷᠢᠭ ᠰᠠᠨᠠᠭ᠎ᠠ ᠪᠡᠷ ᠰᠢᠨ᠎ᠡ ᠬᠥᠮᠥᠨ ᠢ᠋ ᠬᠥᠮᠥᠵᠢᠭᠦᠯᠦᠨ᠎ᠡ᠃ ᠵᠠᠯᠠᠨ ᠠᠢᠯ ᠬᠤᠳᠠ᠎ᠶᠢᠨ ᠲᠠᠪᠤᠳᠤᠭᠠᠷ ᠳᠤᠮᠳᠠᠳᠤ ᠰᠤᠷᠭᠠᠭᠤᠯᠢ ᠨᠢ ᠡᠪ ᠡᠩ᠎ᠤᠨ ᠴᠠᠭᠠᠨ ᠲᠤᠭᠤᠯᠭᠠᠨ ᠴᠠᠭᠠᠰᠤ᠎ᠵᠢ ᠤᠷᠠᠨ ᠠᠰᠢᠬᠯᠠᠨ ᠭᠤᠸ᠎ᠠ ᠰᠠᠢᠬᠠᠨ᠎ᠤ ᠬᠥᠮᠦᠵᠢᠯ᠎ᠢ ᠬᠠᠢᠨ ᠰᠦᠪᠡᠭᠴᠢᠯᠡᠵᠦ᠂ ᠤᠷᠠᠯᠢᠭ᠋᠎ᠢ ᠠᠮᠢᠳᠤᠷᠠᠯ᠎ᠳᠤ ᠣᠢᠷᠠᠲᠤᠭᠤᠯᠵᠦ᠂ ᠣᠨᠴᠠᠯᠢᠭ᠍ᠲᠤ ᠬᠢᠴᠢᠶᠡᠯ᠎ᠢᠶᠡᠷ ᠰᠤᠷᠤᠭ᠍ᠴᠢᠳ᠎ᠲᠤ ᠤᠯᠠᠮᠵᠢᠯᠠᠯᠲᠤ ᠤᠷᠠᠯᠢᠭ᠎ᠤᠨ ᠭᠤᠸ᠎ᠠ ᠰᠠᠢᠬᠠᠨ᠎ᠤ ᠷᠢᠳᠢ ᠰᠢᠳᠢ᠎ᠶᠢ ᠮᠡᠳᠡᠷᠡᠭᠦᠯᠦᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面