ᠲᠡᠷᠢᠭᠦᠨ ᠨᠢᠭᠤᠷ>ᠰᠤᠷᠭᠠᠨ ᠬᠦᠮᠦᠵᠢᠯ >ᠲᠤᠷᠰᠢᠯᠭ᠎ᠠ᠎ᠪᠠᠨ ᠰᠣᠯᠢᠯᠴᠠᠶ᠎ᠠ

2026-11-02 17:21:29

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠲᠦᠷᠦᠭᠦᠬᠡᠨ ᠰᠣᠷᠣᠭᠴᠢ ᠨᠢ ᠲᠣᠣᠷ᠎ᠠ ᠬᠣᠪᠢ ᠰᠢᠯᠭᠠᠭᠣᠯᠣᠭᠰᠠᠨ ᠪᠠᠬᠰᠢ ᠵᠢᠴᠢ ᠰᠣᠷᠭᠠᠭᠣᠯᠢ ᠵᠢᠨ ᠵᠠᠬᠢᠷᠣᠯ  《ᠢᠴᠢᠭᠦᠷᠢ 》 ᠭᠡᠬᠦ ᠥᠰᠥᠭ᠎ᠲᠠᠢ ᠬᠠᠮᠲᠤ ᠬᠡᠷᠡᠯ ᠵᠢᠷᠤᠭ ᠲᠠᠲᠠᠭᠤᠯᠤᠭᠰᠠᠨ ᠬᠡᠷᠡᠭ᠎ᠦᠨ ᠲᠤᠬᠠᠢ ᠪᠠᠢᠴᠠᠭᠠᠯᠲᠠ᠎ᠶᠢᠨ ᠮᠡᠳᠡᠭᠳᠡᠯ᠎ᠢ ᠨᠡᠢᠲᠡᠯᠡᠵᠦ᠂ᠬᠣᠯᠪᠣᠭᠳᠠᠯ ᠪᠦᠬᠦᠢ ᠬᠠᠷᠢᠭᠤᠴᠠᠯᠭᠠᠲᠠᠨ᠎ᠳᠤ ᠰᠢᠢᠳᠬᠡᠯ ᠥᠭᠬᠦ᠎ᠶᠢᠨ ᠬᠠᠮᠲᠤ ᠵᠠᠷᠯᠠᠯ᠎ᠳᠤ ᠵᠢᠭᠠᠵᠤ ᠭᠠᠷᠭᠠᠭᠰᠠᠨ ᠨᠢ᠂ ᠪᠠᠭ᠍ᠰᠢ᠎ᠶᠢ ᠬᠦᠨᠳᠦᠳᠬᠡᠨ ᠵᠢᠭᠠᠨ ᠰᠤᠷᠭᠠᠯᠳᠠ ᠵᠢ ᠴᠢᠬᠤᠯᠠᠴᠢᠯᠠᠬᠤ ᠤᠳᠤᠷᠢᠳᠤᠮᠵᠢ᠎ᠶᠢ ᠢᠯᠡ ᠲᠣᠳᠣ᠌ ᠪᠣᠶ ᠪᠣᠯᠭᠠᠵᠤ᠂ ᠪᠠᠭ᠍ᠰᠢ᠎ᠶᠢᠨ ᠨᠡᠷ᠎ᠡ ᠬᠦᠨᠳᠦ᠎ᠶᠢ ᠦᠨᠡᠨ ᠬᠦ᠌ ᠬᠠᠮᠠᠭᠠᠯᠠᠨ᠂ ᠰᠢᠯᠭᠠᠯᠲᠠ᠎ᠶᠢᠨ ᠬᠤᠪᠢ᠎ᠪᠠᠷ ᠰᠤᠷᠭᠠᠭᠤᠯᠢ ᠪᠠ ᠪᠠᠭ᠍ᠰᠢ᠎ᠶᠢ ᠲᠥᠬᠥᠮ᠎ᠢᠶᠡᠷ ᠦᠨᠡᠯᠡᠬᠦ ᠪᠤᠷᠤᠭᠤ ᠠᠷᠭ᠎ᠠ ᠬᠢᠳᠡᠯ᠎ᠢ ᠲᠠᠶᠠᠭᠳᠠᠵᠤ᠂ ᠪᠠᠭ᠍ᠰᠢ᠎ᠶᠢᠨ ᠡᠷᠬᠡ ᠠᠰᠢᠭ᠋᠎ᠢ ᠪᠠᠲᠤᠯᠠᠬᠤ ᠪᠠ ᠦᠨᠡᠯᠡᠵᠦ ᠬᠢᠨᠠᠨ ᠰᠢᠯᠭᠠᠬᠤ ᠲᠣᠭᠲᠠᠴᠠ᠎ᠶᠢ ᠪᠦᠷᠢᠨᠰᠢᠭᠦᠯᠬᠦ ᠬᠡᠷᠡᠭᠳᠡᠢ ᠬᠡᠵᠡᠢ᠃

                                                   — 《ᠰᠢᠨ ᠵᠢᠩ ᠰᠣᠨᠢᠨ》 ᠡᠴᠡ

ᠦᠨᠡᠯᠡᠯᠳᠡ᠄ ᠠᠵᠢᠯ ᠬᠢᠬᠦ᠎ᠳᠤ ᠬᠠᠷᠠᠯᠲᠠ᠎ᠲᠠᠢ ᠪᠠᠢᠬᠣ ᠵᠢ ᠡᠷᠬᠢᠮᠯᠡᠬᠦ᠎ᠪᠡᠷ ᠪᠠᠷᠠᠬᠤ ᠦᠭᠡᠢ ᠪᠠᠰᠠ ᠠᠷᠭ᠎ᠠ ᠪᠠᠷᠢᠯ᠎ᠢ ᠠᠩᠬᠠᠷᠬᠣ ᠬᠡᠷᠡᠭᠲᠡᠢ᠃ ᠢᠩᠭᠢᠵᠦ ᠢᠯᠡ᠎ᠪᠡᠷ ᠭᠤᠳᠤᠭᠠᠬᠤ ᠨᠢ ᠤᠯᠠᠨ ᠨᠡᠶ᠋ᠢᠲᠡ᠎ᠶᠢᠨ ᠡᠮᠬᠢ ᠵᠢᠷᠤᠮ ᠪᠠ ᠰᠠᠢᠨ ᠰᠠᠢᠬᠠᠨ ᠬᠡᠪ ᠵᠠᠩᠰᠢᠯ᠎ᠢ ᠵᠥᠷᠢᠴᠡᠭᠰᠡᠨ ᠮᠥᠷᠲᠡᠭᠡᠨ ᠰᠤᠷᠭᠠᠨ ᠬᠥᠮᠦᠵᠢᠯ᠎ᠦᠨ ᠵᠢᠮ᠎ᠡ ᠶᠣᠰᠣ᠌᠎ᠶᠢ ᠴᠤ᠌ ᠬᠦᠨᠳᠦᠳᠬᠡᠭᠰᠡᠨ ᠦᠬᠡᠢ᠎ᠳᠦ ᠲᠣᠭᠠᠴᠢᠬᠳᠠᠨ᠎ᠠ᠃ ᠰᠤᠷᠤᠭ᠍ᠴᠢ ᠵᠢᠨ ᠬᠢᠷᠢ ᠪᠦᠲᠦᠮᠵᠢ ᠨᠢ ᠪᠠᠭ᠍ᠰᠢ᠎ᠶᠢᠨ ᠵᠢᠭᠠᠬᠤ ᠠᠷᠭ᠎ᠠ᠂ ᠵᠢᠭᠠᠬᠤ ᠣᠪᠣᠷ᠎ᠲᠠᠢ ᠬᠣᠯᠪᠣᠭ᠎ᠠ ᠲᠠᠢ ᠮᠥᠷᠲᠡᠭᠡᠨ ᠪᠠᠰᠠ ᠪᠦᠬᠦᠢᠯᠡ ᠵᠢᠭᠠᠨ ᠰᠤᠷᠭᠠᠬᠤ ᠣᠷᠴᠢᠨ ᠲᠣᠭᠣᠷᠢᠨ᠂ ᠭᠡᠷ ᠪᠦᠯᠢ᠎ᠶᠢᠨ ᠢᠳᠡᠪᠬᠢᠲᠡᠢ ᠬᠠᠮᠵᠢᠯᠴᠠᠭ᠎ᠠ᠂ ᠪᠣᠳᠠᠭᠠᠯᠢ ᠪᠡᠶ᠎ᠡ᠎ᠶᠢᠨ ᠰᠤᠷᠬᠤ᠎ᠴᠢᠳᠠᠪᠣᠷᠢ ᠡᠴᠡ ᠰᠠᠯᠵᠤ ᠴᠢᠳᠠᠬᠤ ᠦᠭᠡᠢ ᠶᠤᠮ᠃  ᠨᠢᠬᠡ ᠯᠡ ᠬᠦᠭ ᠵᠢᠡᠷ ᠡᠮᠤᠨ᠎ᠡ ᠹᠷᠤᠨᠲ ᠤ᠋ᠨ ᠪᠠᠬᠰᠢ ᠳ᠋ᠤ  《ᠬᠠᠯᠠ》ᠦᠵᠡᠬᠦᠯᠵᠥ 《ᠰᠢᠯᠳᠠᠭ》 ᠨᠦᠮᠦᠷᠦᠬᠦᠯᠬᠦ ᠨᠢ ᠰᠠᠨᠠᠬᠰᠠᠨ ᠳ᠋ᠠᠭᠠᠨ ᠬᠦᠷᠬᠦ ᠳ᠋ᠤ ᠪᠡᠷᠬᠡ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面